ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠣᠶ ᠰᠢᠭᠤᠶ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/5/30
      ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠣᠶᠢᠲᠤ ᠭᠠᠵᠠᠷ ᠤᠨ ᠲᠠᠯᠠᠪᠠᠶ ᠶᠢ ᠤᠯᠠᠮ ᠨᠢᠭᠡ ᠠᠯᠬᠤᠮ ᠬᠢᠨᠠᠨ ᠬᠠᠷᠭᠤᠭᠤᠯᠤᠨ ᠂ ᠪᠥᠬᠦ ᠬᠤᠰᠢᠭᠤᠨ ᠤ ᠣᠶ ᠰᠢᠭᠤᠶ ᠶᠢᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠵᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠵᠢᠷᠤᠮᠵᠢᠭᠤᠯᠤᠨ ᠡᠵᠡᠩᠨᠡᠵᠦ᠂ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠣᠨᠣᠪᠴᠢᠲᠠᠶ ᠪᠥᠭᠡᠳ ᠪᠦᠲᠦᠮᠵᠢᠲᠡᠶ ᠬᠡᠷᠡᠭᠵᠢᠭᠦᠯᠬᠦ ᠶᠢᠨ ᠲᠥᠯᠥᠭᠡ 5 ᠰᠠᠷ᠎ᠠ ᠶᠢᠨ 21᠎ ᠤ ᠡᠳᠦᠷ ᠠᠴᠠ 22᠎ ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠬᠢᠨᠠᠨ ᠬᠡᠮᠵᠢᠯᠲᠡ ᠶᠢᠨ ᠲᠥᠯᠥᠪᠵᠢᠭᠦᠯᠭᠡ ᠶᠢᠨ ᠬᠦᠷᠢᠶᠡᠯᠡᠩ ᠤᠨ ᠸᠠᠩ ᠯᠢ ᠮᠢᠨ ᠡᠷᠭᠢᠯᠡᠭᠴᠢ ᠨᠡᠷ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠮᠠᠨ ᠤ ᠬᠤᠰᠢᠭᠤᠨ ᠤ ᠨᠠᠷᠠᠰᠤᠲᠠᠶ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠲᠥᠪ᠂ ᠬᠥᠬᠡᠪᠦᠷ ᠪᠠᠯᠭᠠᠰᠤ᠂ ᠲᠡᠰᠭᠢ ᠪᠠᠯᠭᠠᠰᠤᠨ ᠳᠤ ᠭᠦᠨᠵᠡᠭᠡᠶᠢᠷᠡᠨ ᠣᠶ ᠰᠢᠭᠤᠶ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠪᠠᠶᠢᠴᠠᠭᠠᠯᠲᠠ᠂ ᠬᠢᠨᠠᠨ ᠬᠡᠮᠵᠢᠯᠲᠡ ᠪᠠ ᠦᠨᠡᠯᠡᠯᠲᠡ ᠶᠢᠨ ᠠᠵᠢᠯ ᠥᠷᠨᠢᠭᠦᠯᠵᠦ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠲᠠᠯ᠎ᠠ ᠵᠢᠴᠢ ᠬᠠᠮᠢᠶ᠎ᠠ ᠪᠥᠬᠦᠶ ᠮᠡᠷᠭᠡᠵᠢᠯ ᠤᠨ ᠠᠵᠢᠯᠲᠠᠨ ᠪᠠᠶᠢᠴᠠᠭᠠᠯᠲᠠ ᠶᠢᠨ ᠠᠵᠢᠯ ᠳᠤ ᠣᠷᠣᠯᠴᠠᠪᠠ᠃
微信图片_20230530113331.jpg   
           ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠪᠠ ᠣᠨᠣᠪᠴᠢᠲᠤ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ᠪᠠᠶᠢᠴᠠᠭᠠᠯᠲᠠ ᠶᠢᠨ ᠠᠩᠭᠢ ᠶᠢᠨ ᠠᠵᠢᠯᠲᠠᠳ ᠠᠭᠤᠯᠠᠨ ᠣᠶ ᠳᠤ ᠭᠦᠨᠵᠡᠭᠡᠶᠢᠷᠡᠨ᠂ ᠦᠯᠢᠭᠡᠷ ᠭᠠᠵᠠᠷ᠂ ᠦᠯᠢᠭᠡᠷ ᠮᠣᠳᠣᠨ ᠭᠧᠨ ᠵᠡᠷᠭᠡ ᠳᠤ ᠪᠠᠶᠢᠴᠠᠭᠠᠯᠲᠠ ᠶᠢᠨ ᠲᠡᠮᠳᠡᠭᠯᠡᠯ ᠬᠢᠵᠦ᠂ ᠣᠶ ᠰᠢᠭᠤᠶ ᠶᠢᠨ ᠡᠬᠢ ᠪᠠᠶᠠᠯᠢᠭ ᠤᠨ ᠬᠠᠳᠠᠭᠠᠯᠠᠭᠳᠠᠴᠠ᠂ ᠶᠠᠰᠤ ᠴᠢᠨᠠᠷ᠂ ᠪᠦᠲᠦᠴᠡ ᠵᠢᠴᠢ ᠬᠤᠪᠢᠷᠠᠯᠲᠠ ᠶᠢᠨ ᠲᠤᠬᠠᠶ ᠲᠤᠭ᠎ᠠ ᠪᠠᠷᠢᠮᠲᠠ ᠶᠢ ᠣᠯᠵᠤ ᠠᠪᠴᠠᠢ᠃ ᠲᠡᠳᠡ ᠰᠠᠯᠬᠢ ᠰᠢᠭᠤᠷᠭᠠᠨ ᠢ ᠬᠠᠶᠢᠬᠤᠷᠤᠯ ᠦᠭᠡᠢ᠂ ᠡᠩᠬᠦᠯ ᠳᠤᠩᠬᠤᠯ ᠠᠭᠤᠯᠠᠨ ᠵᠠᠮ ᠢᠶᠠᠷ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ ᠬᠢᠨᠠᠨ ᠬᠡᠮᠵᠢᠪᠡ᠃ ᠬᠡᠳᠦ᠋ᠢᠪᠡᠷ ᠠᠵᠢᠯᠯᠠᠬᠤ ᠨᠥᠬᠦᠴᠡᠯ ᠨᠢ ᠬᠠᠲᠠᠭᠤᠵᠢᠯᠲᠠᠶ ᠪᠣᠯᠪᠠᠴᠤ ᠲᠡᠳᠡ ᠮᠥᠨ ᠬᠦ ᠮᠡᠷᠭᠡᠵᠢᠯ ᠤᠨ ᠳᠦᠷᠢᠮ ᠢ ᠴᠢᠩᠭ᠎ᠠ ᠵᠢᠷᠤᠮᠯᠠᠨ᠂ ᠡᠳᠡᠭᠡᠷ ᠥᠷᠢᠰᠥᠯᠳᠦᠭᠡᠨ ᠢ ᠴᠥᠬᠦᠷᠡᠯ ᠦᠭᠡᠶ ᠢᠯᠠᠨ ᠳᠠᠪᠠᠵᠤ᠂ ᠪᠠᠶᠢᠴᠠᠭᠠᠯᠲᠠ ᠶᠢᠨ ᠠᠵᠢᠯ ᠤᠨ ᠶᠠᠰᠤ ᠴᠢᠨᠠᠷ ᠪᠣᠯᠤᠨ ᠨᠠᠷᠢᠯᠢᠭᠴᠠ ᠶᠢ ᠦᠨᠡᠨᠬᠦ ᠪᠠᠲᠤᠯᠠᠵᠠᠢ᠃ ᠲᠡᠳᠡ ᠡᠭᠦᠷᠭᠡ ᠶᠢ ᠴᠠᠭ ᠲᠤᠬᠠᠢ ᠳᠤᠨᠢ ᠴᠢᠨᠠᠷ ᠢ ᠪᠠᠲᠤᠯᠠᠨ ᠪᠡᠶᠡᠯᠡᠭᠦᠯᠵᠦ᠂ᠤᠢ ᠰᠢᠭᠤᠢ ᠡᠪᠡᠰᠦ ᠪᠡᠯᠴᠢᠭᠡᠷ ᠤᠨ ᠬᠥᠮᠦᠨ ᠤ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢ ᠢᠯᠡᠷᠡᠭᠦᠯᠪᠡ᠃
微信图片_20230530113350.jpg
 
微信图片_20230530113357.jpg
      ᠲᠣᠰ ᠤᠳᠠᠭᠠᠨ ᠤ ᠣᠶ ᠰᠢᠭᠤᠶ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠪᠠᠶᠢᠴᠠᠭᠠᠯᠲᠠ ᠶᠢᠨ ᠠᠵᠢᠯ ᠨᠢ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ᠂ ᠣᠶ ᠰᠢᠭᠤᠶ ᠶᠢᠨ ᠡᠬᠢ ᠪᠠᠶᠠᠯᠢᠭ ᠤᠨ ᠬᠢᠨᠠᠠ ᠬᠠᠮᠢᠶᠠᠷᠤᠯᠲᠠ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ᠂ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠥᠷᠬᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠵᠡᠷᠭᠡ ᠳᠤ ᠰᠢᠢᠳᠪᠦᠷᠢᠲᠦ ᠪᠣᠳᠣᠯᠭ᠎ᠠ ᠶᠢᠨ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠪᠠ᠃
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号