ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠰᠢᠨᠵᠢᠯᠡᠬᠦ | ᠤᠬᠠᠭᠠᠨᠴᠢ ᠪᠠᠷ ᠥᠷᠨᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ 2023 ᠣᠨ ᠤ ᠣᠶᠢᠵᠢᠭᠤᠯᠤᠯᠲᠠ᠂ ᠡᠪᠡᠰᠦ | ᠳᠠᠷᠢᠬᠤ᠂ ᠴᠦᠯᠯᠡᠷᠭᠡᠭᠵᠢᠯ ᠢ ᠵᠠᠰᠠᠬᠤ᠂ ᠠᠮᠢ ᠠᠬᠤᠶ ᠶᠢᠨ ᠣᠶ ᠬᠠᠮᠠᠭᠠᠯᠠᠭᠴᠢ ᠵᠡᠷᠭᠡ ᠭᠤᠤᠯᠳᠠᠯᠭ᠎ᠠ ᠲᠠᠢ | ᠲᠥᠯᠥᠪᠯᠡᠭᠡ ᠶᠢᠨ ᠡᠭᠦᠷᠭᠡ ᠶᠢ ᠲᠣᠭᠲᠠᠭᠠᠵᠤ᠂ ︽ᠰᠢᠶᠠᠨ ᠳᠤ ᠬᠦᠷᠲᠡᠯ᠎ᠡ ᠲᠤᠤᠱᠯᠠᠭᠤᠯᠵᠤ᠂ ᠰᠦᠯᠵᠢᠶᠠᠨ ᠳᠤ | ᠨᠠᠶᠢᠳᠠᠪᠦᠷᠢᠵᠢᠭᠤᠯᠬᠤ︾ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠪᠡ᠃ 2023 ᠣᠨ ᠳᠤ᠂ ᠪᠥᠬᠦ | ᠣᠷᠣᠨ ᠳᠤ 434 . 41 ᠲᠦᠮᠡᠨ ᠮᠥ ᠤᠶᠢᠵᠢᠭᠤᠯᠬᠤ ᠶᠢ ᠪᠡᠶᠡᠯᠡᠭᠦᠯᠬᠦ ᠪᠠᠷ ᠲᠥᠯᠥᠪᠯᠡᠵᠦ᠂ ᠡᠭᠦᠨ ᠳᠤ ᠬᠥᠮᠦᠨ ᠤ | ᠬᠦᠴᠦ ᠪᠠᠷ 159 . 99 ᠲᠦᠮᠡᠨ ᠮᠥ ᠣᠶᠢᠵᠢᠭᠤᠯᠵᠤ᠂ ᠨᠢᠰᠬᠡᠯ ᠢᠶᠠᠷ 16 ᠲᠦᠮᠡᠨ ᠮᠥ ᠣᠶᠢᠵᠢᠭᠤᠯᠵᠤ᠂ 38 . | 75 ᠲᠦᠮᠡᠨ ᠮᠥ ᠠᠭᠤᠯᠠ ᠶᠢ ᠪᠢᠲᠡᠭᠦᠮᠵᠢᠯᠡᠨ ᠣᠶᠢᠵᠢᠭᠤᠯᠵᠤ᠂ 219 . 67 ᠲᠦᠮᠡᠨ ᠮᠥ ᠮᠠᠭᠤᠳᠠᠭᠰᠠᠨ | ᠣᠶ ᠶᠢ ᠵᠠᠰᠠᠨ ᠰᠡᠷᠭᠦᠭᠡᠬᠦ ᠪᠠᠷ ᠲᠥᠯᠥᠪᠯᠡᠵᠦ ᠪᠣᠶ︔ 1300 . 06 ᠲᠦᠮᠡᠨ ᠮᠥ ᠡᠪᠡᠰᠦ ᠳᠠᠷᠢᠬᠤ ᠶᠢ | ᠪᠡᠶᠡᠯᠡᠭᠦᠯᠬᠦ ᠪᠠᠷ ᠲᠥᠯᠥᠪᠯᠡᠵᠦ᠂ ᠡᠭᠦᠨ ᠳᠤ ᠬᠥᠮᠦᠨ ᠤ ᠬᠦᠴᠦ ᠪᠠᠷ 825 ᠲᠦᠮᠡᠨ ᠮᠥ ᠡᠪᠡᠰᠦ ᠳᠠᠷᠢᠵᠤ᠂ | ᠨᠤᠲᠤᠭ ᠪᠡᠯᠴᠢᠭᠡᠷ ᠢ 475 . 06 ᠲᠦᠮᠡᠨ ᠮᠥ ᠰᠠᠶᠢᠵᠢᠷᠠᠭᠤᠯᠤᠨ᠎ᠠ︔ 628 . 26 ᠲᠦᠮᠡᠨ ᠮᠦ | ᠴᠦᠯᠯᠡᠷᠭᠡᠭᠵᠢᠯ ᠢ ᠵᠠᠰᠠᠬᠤ ᠪᠠᠷ ᠲᠥᠯᠥᠪᠯᠡᠵᠦ ᠪᠤᠢ︔ ᠪᠣᠳᠠᠲᠠᠶ ᠤᠷᠢᠭᠰᠠᠨ ᠠᠮᠢ ᠠᠬᠤᠶ ᠶᠢᠨ ᠣᠶ ᠰᠢᠭᠤᠶ | ᠬᠠᠮᠠᠭᠠᠯᠠᠭᠴᠢ 17348 ᠬᠥᠮᠦᠨ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ | ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ︽ᠱᠠᠲᠤ ᠬᠤᠪᠢᠶᠠᠨ ᠬᠠᠮᠢᠶᠠᠷᠬᠤ᠂ ᠰᠢᠰᠲ᠋ᠧᠮᠵᠢᠭᠦᠯᠦᠨ ᠬᠢᠨᠠᠨ | ᠬᠠᠮᠢᠶᠠᠷᠬᠤ᠂ ᠨᠢᠭᠡᠳᠦᠯᠲᠡᠶ ᠲᠥᠯᠥᠪᠯᠡᠨ ᠰᠢᠯᠭᠠᠨ ᠦᠨᠡᠯᠡᠬᠦ︾ ᠬᠠᠮᠢᠶᠠᠷᠤᠯᠲᠠ ᠶᠢᠨ ᠵᠠᠭᠪᠤᠷ ᠶᠣᠰᠣᠭᠠᠷ᠂ ᠡᠯ᠎ᠡ | ᠭᠠᠵᠠᠷ ᠤᠨ ᠲᠥᠯᠥᠪᠯᠡᠭᠡᠲᠦ ᠡᠭᠦᠷᠭᠡ ᠶᠢᠨ ᠬᠠᠮᠢᠶᠠᠷᠤᠯᠲᠠ ᠪᠠ ᠨᠠᠶᠢᠳᠠᠪᠤᠷᠢᠵᠢᠭᠤᠯᠤᠯᠲᠠ ᠶᠢ ᠵᠢᠷᠤᠭ ᠲᠤ ᠣᠷᠣᠭᠤᠯᠬᠤ | ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠣᠶ ᠰᠢᠭᠤᠢ ᠶᠢᠨ | ᠳᠠᠷᠤᠭ᠎ᠠ ᠶᠢᠨ ᠲᠦᠷᠢᠮ ᠤᠨ ᠨᠢᠭᠡᠳᠦᠯᠲᠡᠶ ᠲᠥᠯᠥᠪᠯᠡᠨ ᠰᠢᠯᠭᠠᠨ ᠦᠨᠡᠯᠡᠬᠦ ᠳᠤ ᠣᠷᠣᠭᠤᠯᠤᠨ᠂ ᠤᠯᠤᠰ ᠤᠨ | ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠮᠥᠷᠭᠡ ᠪᠠᠷ ᠳᠠᠮᠵᠢᠭᠤᠯᠤᠨ ᠰᠦᠯᠵᠢᠶᠡᠨ | ᠳᠡᠭᠡᠷᠡᠬᠢ ᠬᠢᠨᠠᠯᠲᠠ ᠬᠠᠮᠢᠶᠠᠷᠤᠯᠲᠠ ᠪᠠ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠰᠢᠮᠳᠠᠭᠤᠯᠤᠨ | ᠵᠢᠯᠣᠭᠤᠳᠬᠤ᠂ ᠵᠦᠪᠳᠡᠯᠡᠯᠴᠡᠭᠦ᠂ ᠱᠠᠩᠨᠠᠵᠤ ᠲᠣᠷᠭᠠᠬᠤ ᠵᠡᠷᠭᠡ ᠠᠵᠢᠯ ᠤᠨ ᠠᠷᠭ᠎ᠠ ᠮᠠᠶ᠋ᠢᠭ ᠢ ᠬᠡᠷᠡᠭᠯᠡᠨ᠂ | ᠡᠭᠦᠷᠭᠡ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃ |