ᠪᠦᠬᠦ ᠣᠷᠣᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠧᠯᠸᠢᠰ ᠤᠲᠠᠰᠤᠲᠤ ᠬᠤᠷᠠᠯ ᠬᠤᠷᠠᠯᠳᠤᠪᠠ ᠳᠠᠶᠢᠴᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠠᠢ ᠴᠧᠨ ᠯᠦ ᠱᠧᠩ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/5/31
       5 ᠳ᠋ᠤᠭᠠᠷ ᠰᠠᠷ᠎ᠠ ᠶᠢᠨ 16᠎ ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ ᠣᠷᠣᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠧᠯᠸᠢᠰ ᠤᠲᠠᠰᠤᠲᠤ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠶᠢᠨ ᠺᠤᠮᠠᠨᠳ᠋ᠯᠠᠭᠴᠢ ᠴᠧᠨ ᠯᠦ ᠱᠧᠩ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠣᠶᠢᠷ᠎ᠠ ᠶᠢᠨ ᠬᠡᠳᠦᠨ ᠵᠢᠯ ᠳᠤ ᠪᠦᠬᠦ ᠣᠷᠣᠨ ᠳᠤ ᠣᠨᠴᠠᠭᠠᠢ ᠠᠭᠤᠷ ᠠᠮᠢᠰᠬᠤᠯ ᠣᠯᠠᠨᠲᠠ ᠢᠯᠡᠷᠡᠵᠦ᠂ ᠪᠦᠬᠦ ᠵᠢᠯ ᠤᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ  ᠬᠢᠨ ᠦᠶᠡᠷ ᠪᠠ ᠭᠠᠩ ᠬᠠᠭᠰᠠᠷᠠᠭᠠᠨ ᠤ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠨᠠᠶᠢᠳᠠᠪᠤᠷᠢᠵᠢᠭᠤᠯᠵᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠲᠠᠢ ᠲᠡᠮᠡᠴᠡᠬᠦ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠵᠤ᠂ ᠦᠶᠡᠷ ᠠᠴᠠ ᠡᠮᠦᠨᠡᠬᠢ ᠪᠡᠯᠡᠳᠬᠡᠯ᠂ ᠳᠠᠯᠳᠠ ᠬᠡᠮ ᠢ ᠴᠡᠭᠴᠡᠯᠡᠨ ᠵᠠᠰᠠᠬᠤ᠂ ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠠᠵᠢᠯ ᠤᠳ ᠢ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠨᠡ ᠬᠦ ᠬᠠᠲᠠᠭᠤ ᠪᠡᠷᠬᠡ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号