ᠨᠣᠮᠢᠨ ᠨᠣᠭᠤᠭᠠᠨ ᠤᠮᠠᠷᠠᠲᠤ ᠬᠢᠯᠢ ᠶᠢᠨ ᠯᠤᠲᠤ ᠰᠢᠨ᠎ᠡ ᠬᠤᠪᠢᠷᠠᠯᠲᠠ ᠶᠢ ᠪᠤᠶ ᠪᠣᠯᠭᠠᠨ᠎ᠠ — ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠥᠪᠥᠷ ᠮᠣᠩᠭᠤᠯ ᠤᠨ ᠬᠠᠷᠢᠭᠤᠯᠲᠠ ᠶᠢᠨ ᠬᠠᠭᠤᠳᠠᠰᠤ ᠶᠢᠨ ᠲᠤᠬᠠᠢ ᠰᠢᠷᠢᠰ ᠮᠡᠳᠡᠭᠡᠯᠡᠯ
ᠨᠡᠶᠢᠲᠡᠯᠡᠭᠰᠡᠨ ᠴᠠᠭ᠄
2023/6/12
      ᠭᠤᠣᠯ ᠰᠠᠨᠠᠭᠤᠯᠤᠮᠵᠢ       ● 2023 ᠣᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠭᠤᠷᠪᠠᠳᠠᠭᠢ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠪᠠ᠃6 ᠰᠠᠷ᠎ᠠ ᠶᠢᠨ 5᠎ ᠠᠴᠠ 6᠎ ᠤ ᠡᠳᠦᠷ ᠪᠤᠯᠲᠠᠯ᠎ᠠ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠭᠰᠠᠨ ᠪᠥᠭᠡᠳ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠨᠢ ᠮᠠᠨ ᠤ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠲᠠᠢ ᠬᠤᠯᠪᠣᠭᠳᠠᠵᠤ᠂ ᠳᠤᠮᠳᠠᠳᠤ ᠶᠢᠨ ᠦᠨᠳᠦᠰᠦᠲᠡᠨ ᠤ ᠡᠭᠦᠷᠢᠳᠡ ᠶᠢᠨ ᠦᠷᠭᠦᠯᠵᠢᠯᠡᠬᠦ ᠬᠥᠭᠵᠢᠯᠲᠡ ᠲᠠᠢ ᠬᠤᠯᠪᠣᠭᠳᠠᠵᠤ᠂ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠮᠢᠩᠭᠠᠨ ᠭᠠᠯᠪᠠ ᠳᠤ ᠠᠰᠢᠭ ᠭᠦᠷᠲᠡᠭᠦ ᠡᠷᠬᠢᠮ ᠳᠡᠭᠡᠳᠦ ᠦᠢᠯᠡᠰ ᠪᠣᠯᠣᠨ᠎ᠠ᠃ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠬᠦᠴᠢᠷ ᠪᠡᠷᠬᠡᠰᠢᠶᠡᠯ ᠠᠴᠠ ᠥᠯᠥ ᠬᠠᠯᠠᠰᠢᠷᠠᠵᠤ᠂ ᠤᠳᠠᠭᠠᠨ ᠳᠠᠭᠠᠭᠠᠮᠠᠭᠠᠢ ᠵᠢᠳᠬᠦᠨ ᠴᠢᠷᠮᠠᠶᠢᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠴᠦ᠂ ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠬᠠᠯᠬᠠᠪᠴᠢ ᠶᠢ ᠨᠡᠩ ᠪᠠᠲᠤ ᠪᠠᠬᠢ ᠴᠣᠭᠴᠠᠯᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠲᠠᠯ᠎ᠠ ᠪᠠᠷ ᠨᠡᠩ ᠶᠡᠭᠡ ᠠᠮᠵᠢᠯᠲᠠ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃      ● 2018 ᠣᠨ ᠤ ᠪᠦᠭᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠣᠶ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠤᠢ ᠶᠢᠨ ᠬᠠᠮᠠᠭᠠᠯᠠᠯᠲᠠ᠂ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠬᠥᠷᠥᠰᠥ ᠰᠢᠷᠣᠢ ᠶᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠵᠡᠷᠭᠡ ᠳᠦᠷᠢᠮ ᠢ ᠰᠠᠶᠢᠲᠤᠷ ᠬᠡᠷᠡᠭᠵᠢᠭᠦᠯᠵᠦ᠂ ᠬᠥᠯᠥᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ ᠵᠡᠷᠭᠡ ᠤᠰᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠲᠦᠷᠭᠡᠳᠬᠡᠵᠦ᠂ ᠴᠦᠯᠯᠡᠷᠭᠡᠭᠵᠢᠯ ᠢ ᠵᠠᠰᠠᠬᠤ ᠪᠠ ᠨᠤᠭᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ᠂ ᠠᠭᠠᠷ ᠮᠠᠨᠳᠠᠯ᠂ ᠤᠰᠤ᠂ ᠬᠥᠷᠥᠰᠥᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠬᠢᠯᠢ ᠳᠤ ᠲᠦᠮᠡᠨ ᠭᠠᠵᠠᠷ ᠤᠨ ᠨᠣᠮᠢᠨ ᠨᠣᠭᠤᠭᠠᠨ ︽ᠤᠷᠲᠤ ᠴᠠᠭᠠᠨ ᠬᠡᠷᠡᠮ︾᠎ ᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ● 2019 ᠣᠨ ᠳᠤ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ︽ᠤᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠵᠢᠯᠣᠭᠤᠳᠤᠨ ᠥᠷᠨᠢᠭᠦᠯᠬᠦ ᠳᠡᠭᠡᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠲᠥᠪᠯᠡᠷᠡᠭᠦᠯᠦᠨ ᠡᠷᠴᠢᠮᠵᠢᠭᠦᠯᠬᠦ ᠲᠠᠯ᠎ᠠ ᠪᠠᠷ ᠭᠠᠷᠬᠤ ᠵᠠᠮ ᠡᠷᠢᠵᠦ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠴᠢᠩᠭᠠᠳᠬᠠᠵᠤ᠂ ᠭᠠᠵᠠᠷ ᠰᠢᠷᠣᠢ ᠶᠢᠨ ᠡᠯᠡᠰᠦᠷᠬᠡᠭᠵᠢᠯ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ● 2021 ᠣᠨ ᠤ ᠪᠦᠭᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ᠎ᠡ᠂ ᠠᠳᠡ ︽ᠡᠯᠡᠰᠦ ᠮᠠᠩᠬ᠎ᠠ︾ ᠭᠡᠬᠦ ᠦᠭᠡ ᠶᠢ ᠨᠡᠮᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠣᠯᠣᠨ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃      ᠨᠡᠯᠦᠭᠡᠷ ᠶᠡᠭᠡ ᠡᠯᠡᠰᠦ ᠮᠠᠩᠬ᠎ᠠ ᠠᠴᠠ ᠨᠣᠮᠢᠨ ᠨᠣᠭᠤᠭᠠᠨ ᠬᠡᠭᠡᠷ᠎ᠡ ᠲᠠᠯ᠎ᠠ ᠭᠦᠷᠲᠡᠯ᠎ᠡ᠂ ︽ᠡᠯᠡᠰᠦ ᠤᠷᠤᠭᠰᠢᠯᠠᠵᠤ ᠬᠥᠮᠥᠨ ᠤᠬᠤᠷᠢᠬᠤ︾᠎ ᠠᠴᠠ ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ︾ ᠭᠦᠷᠲᠡᠯ᠎ᠡ᠂ ᠳᠤᠮᠳᠠᠳᠤ ᠤᠯᠤᠰ ᠶᠠᠭ ᠪᠦᠭᠦ ᠪᠥᠮᠪᠥᠷᠴᠡᠭ ᠤᠨ ᠴᠦᠯᠯᠡᠷᠭᠡᠭᠵᠢᠯ ᠢ ᠵᠠᠰᠠᠬᠤ ᠰᠢᠨ᠎ᠡ ᠬᠡᠪ ᠳᠠᠭᠤᠷᠢᠶᠠᠯ ᠪᠣᠯᠪᠠ᠃ ᠭᠡᠬᠦ ᠳᠡᠭᠡᠨ ᠥᠪᠥᠷ ᠮᠣᠩᠭᠤᠯ ᠪᠣᠯ ᠡᠨᠡ ᠬᠦ ᠬᠡᠪ ᠳᠠᠭᠤᠷᠢᠶᠠᠯ ᠤᠨ ᠬᠠᠮᠤᠭ ᠤᠨ ᠭᠢᠯᠠᠯᠵᠠᠮ᠎ᠠ ᠴᠡᠭ ᠪᠣᠯᠣᠨ᠎ᠠ᠃      ᠵᠢᠯ ᠪᠦᠷᠢ ᠪᠦᠭᠦ ᠤᠯᠤᠰ ᠤᠨ 40% ᠰᠢᠬᠠᠮ ᠤᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠡᠭᠦᠷᠭᠡ᠂ ᠶᠢᠰᠦᠨ ᠤ ᠨᠢᠭᠡ ᠬᠤᠪᠢ ᠶᠢᠨ ᠣᠶᠢᠵᠢᠭᠤᠯᠵᠤ ᠨᠣᠭᠤᠭᠠᠷᠠᠭᠤᠯᠬᠤ ᠡᠭᠦᠷᠭᠡ ᠶᠢ ᠡᠭᠦᠷᠭᠡᠯᠡᠵᠦ᠂ ᠥᠪᠥᠷ ᠮᠣᠩᠭᠤᠯ ᠤᠨ ᠠᠮᠢ ᠠᠬᠤᠢ ᠶᠢᠨ ᠪᠠᠶᠢᠳᠠᠯ ᠬᠢᠷᠢ ᠵᠡᠷᠭᠡ ᠪᠠᠶᠢᠬᠤ ᠨᠢ ᠪᠦᠭᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠰᠢᠯ ᠲᠣᠭᠲᠠᠨᠢᠯ ᠪᠠ ᠬᠥᠭᠵᠢᠯᠲᠡ ᠲᠠᠢ ᠬᠤᠯᠪᠣᠭᠳᠠᠬᠤ ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ ᠴᠢᠨᠠᠭᠰᠢᠯᠠᠪᠠᠯ ᠪᠦᠭᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠵᠤ ᠪᠠᠶᠢᠳᠠᠭ᠃      2023 ᠣᠨ ᠤ 6 ᠰᠠᠷ᠎ᠠ ᠶᠢᠨ 5᠎ ᠠᠴᠠ 6᠎ ᠤ ᠡᠳᠦᠷ ᠪᠤᠯᠲᠠᠯ᠎ᠠ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠪᠠᠶᠠᠨᠨᠠᠭᠤᠷ ᠬᠤᠲᠠ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠬᠦᠴᠢᠷ ᠪᠡᠷᠬᠡᠰᠢᠶᠡᠯ ᠠᠴᠠ ᠥᠯᠥ ᠬᠠᠯᠠᠰᠢᠷᠠᠵᠤ᠂ ᠤᠳᠠᠭᠠᠨ ᠳᠠᠭᠠᠭᠠᠮᠠᠭᠠᠢ ᠵᠢᠳᠬᠦᠨ ᠴᠢᠷᠮᠠᠶᠢᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠴᠦ᠂ ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠬᠠᠯᠬᠠᠪᠴᠢ ᠶᠢ ᠨᠠᠩ ᠪᠠᠲᠤ ᠪᠠᠬᠢ ᠴᠣᠭᠴᠠᠯᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠲᠠᠯ᠎ᠠ ᠪᠠᠷ ᠨᠠᠩ ᠶᠡᠭᠡ ᠠᠮᠵᠢᠯᠲᠠ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃      ᠡᠭᠦᠷᠭᠡ ᠥᠩᠭᠡ ᠭᠡᠷᠡᠯᠲᠡᠢ᠂ ᠬᠠᠷᠢᠭᠤᠴᠠᠯᠭ᠎ᠠ ᠬᠦᠨᠳᠦ ᠶᠡᠭᠡ᠃ ᠥᠩᠭᠡᠷᠡᠭᠰᠡᠨ 40 ᠭᠠᠷᠤᠢ ᠵᠢᠯ ᠳᠤ᠂ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠤᠢ ᠵᠡᠷᠭᠡ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠨᠢ ᠥᠪᠥᠷ ᠮᠣᠩᠭᠤᠯ ᠤᠨ ᠡᠬᠡ ᠭᠠᠵᠠᠷ ᠳᠡᠭᠡᠷ᠎ᠡ ᠰᠦᠯᠵᠢᠯᠳᠦᠭᠰᠡᠨ ᠯᠤᠲᠤ ᠶᠡᠭᠡ ᠠᠮᠢ ᠠᠬᠤᠢ ᠶᠢᠨ ᠬᠠᠮᠠᠭᠠᠯᠠᠯᠲᠠ ᠶᠢᠨ ᠲᠣᠣᠷ ᠪᠣᠯᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠤ ᠨᠣᠮᠢᠨ ᠨᠣᠭᠤᠭᠠᠨ ᠬᠥᠰᠢᠶ᠎ᠡ ᠪᠣᠯᠤᠭᠰᠠᠨ ᠪᠠᠶᠢᠨ᠎ᠠ᠃ ᠢᠷᠡᠭᠡᠳᠦᠢ ᠳᠤ ᠥᠪᠥᠷ ᠮᠣᠩᠭᠤᠯ ᠦᠷᠭᠦᠯᠵᠢᠯᠡᠨ ᠵᠣᠷᠢᠭᠲᠠᠢ ᠤᠷᠤᠭᠰᠢᠯᠠᠨ᠎ᠠ᠃      ᠡᠯᠡᠰᠦᠷᠬᠡᠭ ᠣᠷᠣᠨ ᠤ ᠬᠥᠮᠥᠰ ᠤᠨ ᠨᠣᠮᠢᠨ ᠨᠣᠭᠤᠭᠠᠨ ᠬᠦᠰᠡᠯ ᠵᠡᠭᠦᠳᠦ ᠶᠢ ᠲᠡᠷᠭᠡᠯᠰᠢᠭᠦᠯᠵᠦ ᠡᠬᠡ ᠤᠯᠤᠰ ᠤᠨ ᠤᠮᠠᠷᠠᠲᠤ ᠬᠢᠯᠢ ᠶᠢᠨ ᠨᠣᠮᠢᠨ ᠨᠣᠭᠤᠭᠠᠨ ︽ᠣᠷᠳᠣ ᠴᠠᠭᠠᠨ ᠬᠡᠷᠡᠮ︾᠎ ᠢ ᠴᠣᠭᠴᠠᠯᠠᠨ᠎ᠠ       ︽︿ᠤᠮᠠᠷᠠᠲᠤ ᠶᠢᠨ ᠭᠤᠷᠪᠠᠨ ᠣᠷᠣᠨ ᠪ᠊ ᠵᠣᠷᠢᠭ ᠰᠠᠨᠠᠭ᠎ᠠ﹀᠎ ᠶᠢ ᠪᠤᠢ ᠪᠤᠯᠭᠠᠵᠤ᠂ ᠠᠮᠢ ᠠᠬᠤᠢ ᠶᠢᠨ ᠵᠠᠰᠠᠯᠲᠠ ᠶᠢᠨ ᠤᠯᠠᠨ ᠤᠯᠤᠰ ᠤᠨ ᠬᠡᠪ ᠳᠠᠭᠤᠷᠢᠶᠠᠯ ᠢ ᠪᠤᠢ ᠪᠣᠯᠭᠠᠪᠠ︾᠃ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠲᠤ ᠰᠢᠨᠵᠢᠯᠡᠨ ᠪᠠᠶᠢᠴᠠᠭᠠᠭᠰᠠᠨ ᠪᠥᠭᠡᠳ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠦᠶ᠎ᠡ ᠶᠢᠨ ᠶᠠᠷᠢᠶ᠎ᠠ ᠬᠥᠮᠥᠰ ᠤᠨ ᠰᠡᠳᠬᠢᠯ ᠢ ᠳᠣᠭᠳᠣᠯᠤᠭᠤᠯᠤᠨ᠎ᠠ᠃      ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠣᠯ ᠴᠢᠯᠠᠭᠤ ᠥᠩᠬᠦᠷᠢᠭᠦᠯᠦᠨ ᠠᠭᠤᠯᠠᠨ ᠳᠤ ᠭᠠᠷᠬᠤ ᠶᠠᠪᠤᠴᠠ ᠪᠠᠶᠢᠵᠤ᠂ ᠪᠠᠭ᠎ᠠ ᠯᠡ ᠰᠤᠯᠠᠷᠠᠭᠰᠠᠭᠠᠷ ᠲᠠᠭᠢᠨ ᠳᠠᠪᠲᠠᠨ ᠬᠢᠬᠦ ᠶᠠᠪᠤᠳᠠᠯ ᠭᠠᠷᠲᠠᠬ᠂ 40 ᠭᠠᠷᠤᠢ ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ᠂ ᠥᠪᠥᠷ ᠮᠣᠩᠭᠤᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠬᠦᠨᠳᠦ ᠡᠭᠦᠷᠭᠡ ᠶᠢ ᠡᠭᠦᠷᠭᠡᠯᠡᠵᠦ᠂ ᠡᠬᠡ ᠤᠯᠤᠰ ᠤᠨ ᠤᠮᠠᠷᠠᠲᠤ ᠬᠢᠯᠢ ᠳᠤ ᠨᠣᠮᠢᠨ ᠨᠣᠭᠤᠭᠠᠨ ︽ᠣᠷᠳᠣ ᠴᠠᠭᠠᠨ ᠬᠡᠷᠡᠮ︾᠎ ᠢ ᠴᠣᠭᠴᠠᠯᠠᠪᠠ᠃      ᠦᠶ᠎ᠡ ᠦᠶ᠎ᠡ ᠶᠢᠨ ᠡᠯᠡᠰᠦ ᠵᠠᠰᠠᠭᠴᠢᠳ ᠰᠢᠨᠲᠠᠷᠠᠰᠢ ᠦᠭᠡᠢ ᠴᠢᠷᠮᠠᠶᠢᠯᠭ᠎ᠠ ᠪᠠᠷ ᠡᠨᠡ ᠬᠦ ᠨᠣᠮᠢᠨ ᠨᠣᠭᠤᠭᠠᠨ ᠯᠤᠲᠤ ᠶᠡᠭᠡ ᠬᠤᠪᠢᠷᠠᠯᠲᠠ ᠳᠤ ᠤᠷᠤᠯᠴᠠᠬᠰᠠᠨ ᠪᠠ ᠡᠳᠡᠭᠡᠷ ᠢ ᠭᠡᠷᠡᠴᠢᠯᠡᠭᠰᠡᠭᠡᠷ ᠢᠷᠡᠭᠰᠡᠨ ᠶᠤᠮ᠃      ︽ᠨᠢᠳᠦ ᠪᠠᠨ ᠨᠡᠭᠡᠭᠡᠮᠡᠭᠴᠡ᠂ ᠰᠢᠷ᠎ᠠ ᠡᠯᠡᠰᠦ ᠬᠠᠷᠠᠭ᠎ᠠ ᠶᠢ ᠬᠠᠯᠬᠠᠯᠠᠵᠤ᠂ ᠴᠣᠩᠬᠤᠨ ᠤ ᠵᠠᠭᠠᠭ ᠵᠠᠪᠰᠠᠷ᠂ ᠭᠡᠵᠢᠭᠡ ᠦᠰᠦ᠂ ᠠᠮᠠ ᠬᠠᠮᠠᠷ ᠲᠤ ᠪᠦᠷ ᠡᠯᠡᠰᠦ᠃ ᠰᠠᠯᠬᠢ ᠳᠡᠭᠳᠡᠭᠰᠡᠭᠡᠷ ᠭᠡᠷ ᠪᠠᠶᠢᠰᠢᠩ ᠡᠯᠡᠰᠦᠨ ᠳᠤ ᠪᠤᠯᠠᠬᠳᠠᠵᠤ᠂ ᠨᠡᠭᠦᠬᠦ ᠯᠡ ᠬᠡᠷᠡᠭᠲᠡᠢ ᠪᠤᠯᠳᠠᠭ︾᠃ ᠲᠦᠩᠯᠢᠶᠣᠣ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠠᠯᠴᠢᠨ ᠭᠡᠷᠡᠯ ᠭᠠᠰᠢᠭᠤᠨ ᠳᠤᠷᠠᠰᠤᠮᠵᠢ ᠬᠡᠯᠬᠢᠨ᠎ᠡ᠃ ︽ᠲᠠᠷᠢᠶ᠎ᠠ ᠲᠥᠮᠥᠰᠥ ᠲᠠᠷᠢᠵᠤ ᠤᠷᠭᠤᠭᠤᠯᠬᠤ ᠶᠢᠨ ᠠᠷᠭ᠎ᠠ ᠦᠭᠡᠢ᠂ ᠲᠦᠷᠦᠭᠦᠦ ᠡᠳᠦᠷ ᠨᠢ ᠲᠠᠷᠢᠪᠠᠯ ᠶᠡᠭᠡ ᠰᠠᠯᠬᠢ ᠰᠠᠯᠬᠢᠯᠠᠭᠰᠠᠭᠠᠷ ᠦᠨᠳᠦᠰᠦ ᠲᠠᠢ ᠨᠢ ᠪᠤᠯᠭᠤᠯᠵᠤ ᠤᠷᠭᠢᠳᠠᠭ᠃ ᠡᠷᠦᠭᠡ ᠪᠦᠷᠢ ᠬᠡᠳᠦᠨ ᠬᠤᠨᠢ ᠲᠡᠵᠢᠭᠡᠳᠡᠭ᠂ ᠬᠤᠨᠢᠳ ᠨᠢ ᠴᠤ ᠡᠯᠡᠰᠦᠨ ᠰᠢᠷᠭᠠᠯ ᠥᠩᠭᠡ ᠵᠢᠰᠦᠮ ᠲᠠᠢ ᠪᠠᠶᠢᠯ᠎ᠠ︾᠃ ᠭᠦᠭᠡᠬᠤᠲᠠ ᠶᠢᠨ ᠴᠢᠩ ᠱᠦᠢ ᠾᠧ ᠰᠢᠶᠠᠨ ᠤ ᠠᠬᠠᠮᠠᠳ ᠨᠢᠭᠡ ᠦᠶ᠎ᠡ ᠶᠢᠨ ᠬᠢᠨ ᠤ ᠡᠷᠭᠢᠴᠡᠭᠦᠯᠦᠯ ᠳᠤ ᠰᠢᠷᠭᠠᠯ ᠡᠯᠡᠰᠦ ᠪᠣᠯᠣᠨ ᠶᠠᠳᠠᠭᠤ ᠬᠦᠴᠢᠷᠳᠡᠯ ᠨᠢᠭᠲᠠ ᠬᠤᠯᠪᠤᠭ᠎ᠠ ᠲᠠᠢ ᠪᠠᠶᠢᠳᠠᠭ᠃      ᠴᠦᠯᠯᠡᠷᠭᠡᠭᠵᠢᠯ ᠬᠥᠭᠵᠢᠯᠲᠡ ᠶᠢ ᠬᠢᠵᠠᠭᠠᠷᠯᠠᠵᠤ᠂ ᠨᠢᠭᠡᠨ ᠦᠶ᠎ᠡ ᠶᠠᠳᠠᠭᠤ ᠬᠦᠴᠢᠷᠳᠡᠯ ᠤᠨ ᠦᠨᠳᠦᠰᠦ ᠪᠣᠯᠪᠠ ᠃ ᠡᠯᠡᠰᠦᠷᠬᠡᠭ ᠣᠷᠣᠨ ᠤ ᠬᠥᠮᠥᠰ ᠰᠡᠳᠬᠢᠯ  ᠳᠡᠭᠡᠨ ᠨᠣᠮᠢᠨ ᠨᠣᠭᠤᠭᠠᠨ ᠬᠦᠰᠡᠯ ᠵᠡᠭᠦᠳᠦ ᠮᠠᠨᠠᠵᠤ ᠢᠷᠡᠯ᠎ᠠ᠃      1978 ᠣᠨ ᠳᠤ᠂ ᠡᠬᠡ ᠤᠯᠤᠰ ᠤᠨ ᠤᠮᠠᠷᠠᠲᠤ ᠣᠷᠣᠨ ᠳᠤ ᠨᠢᠭᠡ ᠬᠡᠰᠡᠭ ᠯᠤᠲᠤ ᠶᠡᠭᠡ ᠬᠠᠯᠬᠠᠪᠴᠢ ᠤᠢ ᠶᠢᠨ ᠲᠣᠣᠷ ᠢ ᠪᠠᠶᠢᠭᠤᠯᠵᠤ᠂ ᠡᠯᠡᠰᠦᠷᠬᠡᠭᠵᠢᠬᠦ ᠠᠬᠢᠴᠠ ᠶᠢ ᠨᠠᠮᠳᠠᠭᠤᠯᠤᠨ᠂ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠣᠷᠣᠰᠢᠯ ᠲᠣᠭᠲᠠᠨᠢᠯ ᠪᠠ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠤᠢ ᠶᠢᠨ ᠰᠢᠰᠲ᠋ᠧᠮ ᠢ ᠪᠠᠶᠢᠭᠤᠯᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠲᠣᠭᠲᠠᠭᠠᠵᠤ᠂ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠬᠠᠮᠤᠭ ᠤᠨ ᠶᠡᠭᠡ ᠬᠥᠮᠥᠨ ᠤ ᠬᠦᠴᠦ ᠪᠠᠷ ᠣᠶᠢᠵᠢᠭᠤᠯᠤᠭᠰᠠᠨ ᠠᠮᠢ ᠠᠬᠤᠢ ᠶᠢᠨ ᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠡᠭᠦᠨ ᠠᠴᠠ ᠡᠬᠢᠯᠡᠪᠡ᠃      ᠮᠠᠨ ᠤ ᠤᠯᠤᠰ ᠤᠨ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠬᠠᠮᠤᠭ ᠠᠴᠠ ᠲᠥᠪᠯᠡᠷᠡᠭᠰᠡᠨ᠂ ᠬᠤᠣᠷ ᠬᠥᠨᠥᠭᠡᠯ ᠬᠠᠮᠤᠭ ᠤᠨ ᠬᠦᠨᠳᠦ ᠨᠣᠴᠢᠲᠠᠢ ᠮᠤᠵᠢ ᠣᠷᠣᠨ ᠤ ᠨᠢᠭᠡ ᠪᠣᠯᠤᠭᠰᠠᠨ ᠤ ᠬᠤᠪᠢ ᠳᠤ᠂ ᠥᠪᠥᠷ ᠮᠣᠩᠭᠤᠯ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠤᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠴᠢᠬᠤᠯᠠ ᠣᠷᠣᠨ ᠪᠤᠯᠬᠤ ᠨᠢ ᠳᠠᠮᠵᠢᠭ ᠦᠭᠡᠢ᠃ ︽ᠵᠤᠲᠠᠵᠤ ᠦᠬᠦᠬᠦ ᠠᠴᠠ ᠨᠠᠭᠠᠰᠢ᠂ ᠰᠠᠯᠬᠢ ᠡᠯᠡᠰᠦ ᠲᠠᠢ ᠡᠴᠦᠰ ᠲᠤᠨᠢ ᠲᠤᠯᠲᠠᠯ᠎ᠠ ᠲᠡᠮᠡᠴᠡᠯ ᠬᠢᠨ᠎ᠡ︕︾᠂ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠤᠢ ᠶᠢᠨ ᠢᠨᠵᠧᠨᠧᠷᠢᠩ ᠨᠢ ᠡᠯᠡᠰᠦᠷᠬᠡᠭ ᠣᠷᠣᠨ ᠤ ᠤᠯᠠᠨ ᠲᠦᠮᠡᠨ ᠤ ︽ᠨᠣᠮᠢᠨ ᠨᠣᠭᠤᠭᠠᠨ ᠢ ᠬᠥᠭᠡᠭᠡᠴᠡᠯᠳᠦᠬᠦ︾ ᠣᠷᠭᠢᠯᠤᠮ᠎ᠠ ᠰᠡᠳᠬᠢᠯᠭᠡ ᠶᠢ ᠳᠠᠬᠢᠨᠲᠠ ᠬᠥᠭᠵᠢᠭᠡᠵᠦ᠂ ᠤᠮᠠᠷᠠᠲᠤ ᠶᠢᠨ ᠡᠬᠡ ᠭᠠᠵᠠᠷ ᠲᠤ ᠰᠠᠯᠬᠢ ᠡᠯᠡᠰᠦ ᠶᠢ ᠬᠤᠷᠢᠭᠯᠠᠬᠤ ᠳᠠᠶᠢᠯᠠᠯᠳᠤᠭᠠᠨ ᠢ ᠡᠬᠢᠯᠡᠭᠦᠯᠪᠡ᠃      ᠦᠦᠰᠢᠨ ᠬᠤᠰᠢᠭᠤᠨ ᠤ ᠲᠠᠷᠢᠶᠠᠴᠢᠨ ᠪᠦᠰᠡᠭᠦᠢ ᠶᠢᠨ ᠢᠦᠢ ᠵᠧᠨ ᠵᠣᠷᠢᠭ ᠰᠢᠭᠤᠳᠤᠨ ᠪᠦᠭᠦ ᠬᠥᠷᠥᠩᠭᠡ ᠪᠠᠨ ᠬᠥᠨᠲᠥᠷᠪᠡ — ᠨᠢᠭᠡ ᠡᠮ᠎ᠡ ᠬᠤᠨᠢ ᠪᠣᠯᠣᠨ ᠬᠤᠷᠠᠭ᠎ᠠ ᠪᠠᠷ 200 ᠭᠠᠷᠤᠢ ᠴᠢᠬᠢ ᠮᠣᠳᠣ ᠰᠣᠯᠢᠵᠤ᠂ ᠮᠤᠤᠠᠤᠰᠤ ᠶᠢᠨ ᠡᠯᠡᠰᠦᠨ ᠳᠤ ᠳᠠᠶᠢᠯᠠᠯᠳᠤᠭᠠᠨ ᠤ ᠪᠢᠴᠢᠭ ᠢᠶᠠᠨ ᠵᠠᠷᠯᠠᠪᠠ᠃      ᠳᠠᠯᠠᠳ ᠬᠤᠰᠢᠭᠤᠨ ᠤ ᠵᠦᠩ ᠾᠧ ᠰᠢ ᠪᠠᠯᠭᠠᠰᠤᠨ ᠤ ᠭᠤᠸᠠᠨ ᠵᠢᠩ ᠲᠣᠰᠬᠤᠨ ᠤ ᠠᠷᠠᠳ ᠭᠤᠤ ᠯᠢᠨ ᠱᠤ᠋ 3 ᠬᠤᠨᠢ ᠪᠠᠷ ᠨᠢᠭᠡ ᠡᠯᠵᠢᠭᠡᠨ ᠲᠡᠷᠭᠡ ᠡᠯᠡᠰᠦᠨ ᠪᠤᠷᠭᠠᠰᠤ ᠰᠣᠯᠢᠵᠤ᠂ ᠪᠦᠭᠦ ᠭᠡᠷ ᠢᠶᠠᠷ ᠢᠶᠠᠨ ᠡᠯᠡᠰᠦᠨ ᠳᠤ ᠠᠮᠢᠳᠤᠷᠠᠵᠤ᠂ ᠮᠣᠳᠣ ᠲᠠᠷᠢᠵᠦ ᠤᠷᠭᠤᠭᠤᠯᠬᠤ ᠦᠭᠡᠢ ᠪᠣᠯ ᠶᠠᠭᠠᠬᠢᠭᠰᠠᠨ ᠴᠤ ᠲᠣᠰᠬᠤᠨ ᠳᠠᠭᠠᠨ ᠪᠤᠴᠠᠬᠤ ᠦᠭᠡᠢ ᠭᠡᠵᠦ ᠲᠠᠩᠭᠠᠷᠢᠭᠯᠠᠪᠠ᠃      ᠁      ᠡᠨᠡ ᠮᠡᠲᠦ ᠪᠠᠷ᠂ ᠵᠢᠯ ᠠᠴᠠ ᠵᠢᠯ ᠳᠤ᠂ ᠦᠶ᠎ᠡ ᠦᠶ᠎ᠡ ᠶᠢᠨ ᠡᠯᠡᠰᠦ ᠵᠠᠰᠠᠵᠤ ᠣᠶᠢᠵᠢᠭᠤᠯᠤᠭᠴᠢᠳ ᠣᠷᠣᠰᠢᠨ ᠲᠣᠭᠲᠠᠨᠢᠬᠤ ᠶᠢᠨ ᠲᠥᠯᠥᠭᠡ᠂ ᠦᠷ᠎ᠡ ᠬᠤᠶᠢᠴᠢᠰ ᠲᠠᠭᠠᠨ ᠨᠣᠮᠢᠨ ᠨᠣᠭᠤᠭᠠᠨ ᠭᠡᠷ ᠣᠷᠣᠨ ᠦᠯᠡᠳᠡᠭᠡᠨ ᠥᠭᠬᠦ ᠶᠢᠨ ᠲᠥᠯᠥᠭᠡ᠂ ᠰᠠᠯᠬᠢ ᠡᠯᠡᠰᠦ ᠲᠠᠢ ᠡᠷᠡᠯᠬᠡᠭᠯᠡᠨ ᠲᠡᠮᠡᠴᠡᠵᠦ᠂ ᠥᠪᠥᠷ ᠮᠣᠩᠭᠤᠯ ᠤᠨ ᠡᠬᠡ ᠭᠠᠵᠠᠷ ᠲᠤ ᠰᠦᠷᠯᠢᠭ ᠦᠵᠡᠮᠵᠢᠲᠦ ᠨᠣᠮᠢᠨ ᠨᠣᠭᠤᠭᠠᠨ ᠰᠢᠯᠦᠭ ᠤᠨ ᠮᠥᠷ ᠢ ᠪᠢᠴᠢᠭᠯᠡᠵᠡᠢ᠃      ᠣᠷᠳᠣᠰ ᠬᠤᠲᠠ ᠶᠢᠨ ᠳᠠᠯᠠᠳ ᠬᠤᠰᠢᠭᠤᠨ ᠤ ᠵᠥᠩ ᠾᠧ ᠰᠢ ᠪᠠᠯᠭᠠᠰᠤᠨ ᠤ ᠭᠤᠸᠠᠨ ᠵᠢᠩ ᠲᠣᠰᠬᠤᠨ ᠳᠤ ᠣᠴᠢᠬᠤ ᠵᠠᠮ ᠵᠠᠭᠤᠷ᠎ᠠ ᠬᠥᠮᠥᠨ ᠠᠴᠠ ᠥᠨᠳᠥᠷ ᠤᠷᠭᠤᠭᠰᠠᠨ ᠡᠯᠡᠰᠦᠨ ᠪᠤᠷᠭᠠᠰᠤᠨ ᠳᠤ ᠲᠡᠷᠭᠡᠨ ᠣᠷᠣᠢ ᠬᠠᠷᠠᠭᠳᠠᠬᠤ ᠪᠠᠨ ᠪᠣᠯᠢᠵᠠᠢ᠃ ᠡᠨᠡ ᠬᠦ ᠭᠦᠪᠡᠭᠡ ᠬᠢᠵᠠᠭᠠᠷ ᠨᠢ ᠬᠠᠷᠠᠭᠳᠠᠬᠤ ᠦᠭᠡᠢ ᠨᠣᠮᠢᠨ ᠳᠣᠯᠭᠢᠶᠠᠨ ᠪᠣᠯ ᠭᠤᠸᠠᠨ ᠵᠢᠩ ᠲᠣᠰᠬᠤᠨ ᠤ ᠠᠷᠠᠳ ᠤᠨ ︽ᠨᠣᠮᠢᠨ ᠨᠣᠭᠤᠭᠠᠨ ᠪᠠᠩᠬᠢ︾ ᠪᠣᠯᠣᠨ᠎ᠠ᠃ ᠠᠳᠡ ᠥᠩᠭᠡᠷᠡᠭᠰᠡᠨ ᠳᠤ ᠲᠡᠳᠡᠨ ᠤ ᠬᠠᠷᠢᠵᠤ ᠳᠡᠶᠢᠯᠭᠦ ᠦᠭᠡᠢ ᠭᠡᠷ ᠪᠠᠶᠢᠭᠰᠠᠨ ᠢ ᠦᠨᠡᠬᠡᠷ ᠲᠥᠰᠥᠭᠡᠯᠡᠬᠦᠶ᠎ᠡ ᠪᠡᠷᠬᠡ ᠠ᠋᠃      ᠳ᠋ᠦᠩ ᠳ᠋ᠡ ᠮᠣᠩᠭᠤᠯ ᠸᠠᠩ ᠪᠦᠯᠦᠭᠯᠡᠯ ᠤᠨ ᠹᠧᠩ ᠱᠦᠢ ᠯᠢᠶᠠᠩ ᠤᠨ ᠠᠵᠤ ᠦᠢᠯᠡᠰ ᠤᠨ ᠴᠤᠭᠯᠠᠷᠠᠯ ᠪᠠᠯᠭᠠᠰᠤ ᠶᠢᠨ ᠬᠥᠮᠥᠨ ᠤ ᠬᠦᠴᠦ ᠪᠠᠷ ᠳᠡᠪᠢᠰᠦᠭᠰᠡᠨ ᠠᠷᠪᠠᠨ ᠬᠡᠳᠦᠨ ᠮᠤᠳ᠋ᠷ ᠥᠨᠳᠥᠷ ᠦᠵᠡᠮᠵᠢ ᠶᠢᠨ ᠲᠠᠶᠢᠰᠠᠨ ᠠᠴᠠ ᠪᠠᠷᠠᠯᠠᠪᠠᠯ᠂ ᠲᠠᠲᠠᠭᠠᠯ ᠲᠠᠷᠢᠶ᠎ᠠ ᠬᠠᠯᠢᠭᠤᠷᠠᠵᠤ᠂ ᠤᠢ ᠮᠣᠳᠣ ᠴᠡᠯᠭᠡᠷᠡᠨ ᠨᠣᠭᠤᠭᠠᠷᠠᠵᠤ᠂ ᠬᠤᠸᠠᠷ ᠴᠡᠴᠡᠭ ᠤᠨ ᠦᠨᠦᠷ ᠬᠠᠩᠬᠤᠯᠤᠨ᠎ᠠ ᠁ ᠲᠡᠷᠡ ᠪᠣᠯ ᠬᠤᠭᠤᠰᠤᠨ ᠦᠵᠡᠭᠳᠡᠯ ᠬᠠᠪᠤᠷ ᠤᠨ ᠵᠡᠷᠭᠡᠯᠭᠡᠨ ᠪᠢᠰᠢ ᠬᠠᠷᠢᠨ ᠦᠨᠡᠨ ᠪᠣᠳᠠᠲᠠᠢ ᠡᠯᠡᠰᠦᠨ ᠴᠦᠯ ᠳᠤ ᠪᠠᠶᠢᠭᠤᠯᠤᠭᠰᠠᠨ ᠨᠣᠮᠢᠨ ᠨᠣᠭᠤᠭᠠᠨ ᠸᠠᠩᠲᠤ ᠤᠯᠤᠰ ᠪᠣᠯᠣᠨ᠎ᠠ᠃      ᠬᠥᠪᠴᠢ ᠶᠢᠨ ᠡᠯᠡᠰᠦ ᠶᠢ ᠵᠠᠰᠠᠭᠰᠠᠨ ᠠᠮᠵᠢᠯᠲᠠ ᠪᠦᠲᠦᠮᠵᠢ ᠨᠢ ᠨᠡᠩ ᠴᠤ ᠳᠡᠯᠡᠬᠡᠢ ᠨᠡᠶᠢᠭᠡᠮ ᠳᠤ ᠳᠤᠮᠳᠠᠳᠤ ᠤᠯᠤᠰ ᠤᠨ ᠲᠥᠰᠥᠯ ᠢ ᠬᠠᠨᠳᠢᠪᠯᠡᠵᠤ᠂ ᠳᠤᠮᠳᠠᠳᠤ ᠤᠯᠤᠰ ᠤᠨ ᠠᠮᠢ ᠠᠬᠤᠢ ᠶᠢᠨ ᠵᠠᠰᠠᠯᠲᠠ ᠶᠢᠨ ᠤᠯᠠᠨ ᠤᠯᠤᠰ ᠤᠨ ᠠᠴᠢ ᠬᠤᠯᠪᠣᠭᠳᠠᠯ ᠢ ᠢᠯᠡᠷᠡᠭᠦᠯᠪᠡ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠣᠶ ᠶᠢᠨ ᠰᠢᠰᠲ᠋ᠧᠮ ᠤᠨ ᠪᠠᠶᠢᠭᠤᠯᠤᠯᠲᠠ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠨ ᠤᠢ ᠮᠣᠳᠣ ᠳᠠᠷᠢᠵᠦ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠠᠯᠢ ᠣᠯᠠᠨ ᠭᠤᠣᠯᠳᠠᠯᠭ᠎ᠠ ᠲᠠᠢ ᠢᠨᠵᠧᠨᠧᠷᠢᠩ ᠢ ᠶᠡᠭᠡ ᠪᠠᠷ ᠬᠡᠷᠡᠭᠵᠢᠭᠦᠯᠦᠭᠰᠡᠨ ᠪᠠᠶᠢᠳᠠᠯ ᠳᠣᠣᠷ᠎ᠠ᠂ ᠥᠪᠥᠷ ᠮᠣᠩᠭᠤᠯ ᠨᠡᠶᠢᠲᠡ 1.22 ᠳ᠋ᠦᠩᠰᠢᠭᠤᠷ ᠮᠦ ᠣᠶᠢᠵᠢᠭᠤᠯᠵᠤ᠂ 2.86 ᠳ᠋ᠦᠩᠰᠢᠭᠤᠷ ᠮᠦ ᠡᠪᠡᠰᠦ ᠳᠠᠷᠢᠵᠤ᠂ ᠵᠢᠯ ᠳᠤᠮᠳᠠᠴᠢ ᠪᠠᠷ 1200 ᠲᠦᠮᠡᠨ ᠮᠦ ᠠᠴᠠ ᠳᠡᠭᠡᠭᠰᠢ ᠡᠯᠡᠰᠦᠷᠬᠡᠭᠵᠢᠯ ᠢ ᠰᠡᠷᠭᠡᠶᠢᠯᠡᠨ ᠵᠠᠰᠠᠵᠤ᠂ ᠬᠡᠪᠴᠢᠶ᠎ᠡ ᠨᠢ ᠴᠥᠮ ᠪᠦᠭᠦ ᠤᠯᠤᠰ ᠲᠤ ᠲᠦᠷᠦᠭᠦᠯᠡᠵᠦ᠂ ᠪᠦᠭᠦ ᠣᠷᠣᠨ ᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠪᠠ ᠣᠶ ᠰᠢᠭᠤᠢ ᠶᠢᠨ ᠪᠦᠷᠬᠦᠴᠡ ︽ᠬᠤᠣᠰ ᠳᠡᠭᠡᠭᠰᠢᠯᠡᠯᠲᠡ︾᠎ ᠶᠢ ᠪᠡᠶᠡᠯᠡᠭᠦᠯᠵᠦ᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠶ ᠦᠷᠭᠦᠯᠵᠢᠯᠡᠨ ᠪᠠᠭᠠᠰᠴᠤ᠂ ᠡᠯᠡᠰᠦᠨ ᠰᠢᠭᠤᠷᠭ᠎ᠠ ᠲᠠᠢ ᠡᠳᠦᠷ ᠤᠨ ᠲᠤᠭ᠎ᠠ ᠵᠢᠯ ᠪᠦᠷᠢ 4.9 ᠪᠠᠶᠢᠭᠰᠠᠨ ᠠᠴᠠ 0.6 ᠡᠳᠦᠷ ᠪᠣᠯᠵᠤ ᠪᠠᠭᠠᠰᠪᠠ᠃      ᠨᠣᠭᠤᠭᠠᠷᠠᠭᠤᠯᠤᠯᠲᠠ ᠤᠷᠤᠭᠰᠢᠯᠠᠨ ᠡᠯᠡᠰᠦ ᠤᠬᠤᠷᠢᠵᠤ᠂ ᠠᠭᠤᠯᠠ ᠤᠰᠤᠨ ᠳᠤ ᠯᠤᠲᠤ ᠶᠡᠭᠡ ᠬᠤᠪᠢᠷᠠᠯᠲᠠ ᠲᠠᠢ ᠪᠣᠯᠵᠠᠢ᠃ ᠡᠯᠡᠰᠦᠷᠬᠡᠭ ᠣᠷᠣᠨ ᠤ ᠬᠥᠮᠥᠰ ᠤᠨ ᠨᠣᠮᠢᠨ ᠨᠣᠭᠤᠭᠠᠨ ᠬᠦᠰᠡᠯ ᠵᠡᠭᠦᠳᠦ ᠨᠢᠳᠦᠨ ᠡᠮᠦᠨ᠎ᠡ ᠢᠯᠡᠷᠡᠯ᠎ᠡ᠃      ᠤᠮᠠᠷᠠᠲᠤ ᠣᠷᠣᠨ ᠳᠤ ︽ᠬᠠᠮᠠᠭᠠᠯᠠᠯᠲᠠ ᠶᠢᠨ ᠲᠡᠪᠡᠯ︾ ᠨᠥᠮᠥᠷᠭᠡᠵᠦ ᠪᠦᠭᠦ ᠤᠯᠤᠰ ᠲᠤ ︽ᠨᠡᠭᠦᠷᠡᠰᠦᠲᠥ᠋ᠷᠥᠭᠴᠢ ᠶᠢᠨ ᠬᠥᠮᠥᠷᠭᠡ︾ ᠪᠠ ︽ᠬᠦᠴᠢᠯᠲᠥ᠋ᠷᠥᠭᠴᠢ ᠶᠢᠨ ᠪᠠᠭᠠᠷ︾᠎ ᠢ ᠪᠠᠶᠢᠭᠤᠯᠵᠤ ᠥᠭᠪᠡ       40 ᠭᠠᠷᠤᠢ ᠵᠢᠯ ᠤᠨ ᠲᠤᠷᠰᠢ᠂ ᠳᠤᠮᠳᠠᠳᠤ ᠤᠯᠤᠰ ᠪᠠᠶᠢᠭᠠᠯᠢ ᠶᠢᠨ ᠵᠢᠮ᠎ᠡ ᠶᠣᠰᠣᠨ ᠳᠤ ᠨᠡᠶᠢᠴᠡᠭᠰᠡᠨ᠂ ᠤᠯᠤᠰ ᠤᠨ ᠪᠠᠶᠢᠳᠠᠯ ᠪᠠ ᠭᠠᠵᠠᠷ ᠣᠷᠣᠨ ᠤ ᠪᠠᠶᠢᠳᠠᠯ ᠳᠤ ᠨᠡᠶᠢᠴᠡᠭᠰᠡᠨ ᠳᠤᠮᠳᠠᠳᠤ ᠤᠯᠤᠰ ᠤᠨ ᠣᠨᠴᠠᠯᠢᠭ ᠲᠠᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠠᠮ ᠢ ᠨᠡᠭᠡᠭᠡᠭᠰᠡᠨ ᠪᠠᠶᠢᠨ᠎ᠠ᠃ ᠥᠪᠥᠷ ᠮᠣᠩᠭᠤᠯ ᠤᠨ ᠡᠯᠡᠰᠦ ᠶᠢ ᠵᠠᠰᠠᠭᠰᠠᠨ ᠲᠡᠦᠬᠡ ᠪᠣᠯᠣᠨ ᠠᠮᠢᠳᠤᠷᠠᠯ ᠤᠨ ᠣᠷᠴᠢᠨ ᠲᠣᠭᠤᠷᠢᠨ ᠤ ᠬᠤᠪᠢᠷᠠᠯᠲᠠ ᠨᠢ ᠡᠨᠡ ᠬᠦ ᠯᠤᠲᠤ ᠶᠡᠭᠡ ᠨᠣᠮᠢᠨ ᠨᠣᠭᠤᠭᠠᠨ ᠬᠤᠪᠢᠷᠠᠯᠲᠠ ᠶᠢ ᠭᠡᠷᠡᠴᠢᠯᠡᠵᠦ ᠪᠤᠢ᠃      ᠡᠮᠦᠨ᠎ᠡ ᠲᠠᠯ᠎ᠠ ᠪᠠᠷ ᠨᠢ ᠨᠠᠮ ᠳᠥᠯᠭᠡᠬᠡᠨ ᠤᠷᠤᠰᠤᠭᠰᠠᠨ ᠡᠵᠢ ᠭᠤᠤᠯ︔ ᠠᠷᠤ ᠲᠠᠯ᠎ᠠ ᠳᠤᠨᠢ ᠦᠷᠭᠦᠯᠵᠢᠯᠡᠨ ᠵᠠᠯᠭᠠᠯᠳᠤᠭᠰᠠᠨ ᠡᠯᠡᠰᠦᠨ ᠳᠣᠪᠣᠴᠠᠭ ᠬᠠᠷᠠᠭᠳᠠᠨ᠎ᠠ᠃ 2 ᠮᠸᠲᠷ ᠭᠠᠷᠤᠢ ᠥᠨᠳᠥᠷ ᠮᠦᠭᠦ ᠶᠢᠨ ᠡᠪᠡᠰᠦ ᠶᠠᠭ ᠯᠠ ᠮᠥᠷ ᠮᠥᠷ ᠢᠶᠠᠷ ᠵᠣᠭᠰᠣᠭᠰᠠᠨ ᠨᠣᠭᠤᠭᠠᠨ ᠬᠠᠮᠠᠭᠠᠯᠠᠭᠴᠢ ᠭᠡᠮᠡᠷ ᠬᠠᠳᠤᠨ ᠭᠤᠣᠯ ᠪᠣᠯᠣᠨ ᠡᠯᠡᠰᠦᠨ ᠴᠦᠯ ᠢ ᠲᠤᠰᠠᠭᠠᠷᠯᠠᠵᠤ ᠬᠠᠶᠠᠵᠠᠢ᠃ ᠡᠨᠡ ᠬᠦ ᠤᠰᠤ᠂ ᠤᠢ᠂ ᠡᠯᠡᠰᠦ ᠪᠠᠷ ᠬᠦᠷᠢᠶᠡᠯᠡᠭᠳᠡᠭᠰᠡᠨ ᠭᠠᠶᠢᠬᠠᠮᠰᠢᠭᠲᠤ ᠦᠵᠡᠮᠵᠢ ᠨᠢ ᠪᠠᠶᠠᠨᠨᠠᠭᠤᠷ ᠬᠤᠳᠠ ᠶᠢᠨ ᠳ᠋ᠧᠩᠺᠸᠤ ᠰᠢᠶᠠᠨ ᠤ ᠯᠢᠦ ᠭᠤᠸᠠᠢ ᠱᠠ ᠲᠧᠦ ᠳᠤ ᠢᠯᠡᠷᠡᠪᠡ᠃      ᠬᠠᠲᠤᠨ ᠭᠤᠣᠯ ᠨᠢ ᠪᠠᠶᠠᠨᠨᠠᠭᠤᠷ ᠬᠤᠲᠠ ᠶᠢᠨ ᠳ᠋ᠧᠩᠺᠸᠤ ᠰᠢᠶᠠᠨ ᠤ ᠬᠢᠯᠢ ᠪᠠᠷ 52 ᠺᠢᠯᠤᠮᠲᠸᠷ  ᠤᠷᠤᠰᠤᠨ ᠥᠩᠭᠡᠷᠡᠵᠦ᠂ ᠯᠢᠦ ᠭᠤᠸᠠᠢ ᠱᠠ ᠲᠧᠦ ᠪᠣᠯ ᠡᠭᠢᠯᠡᠯᠲᠡ ᠶᠢᠨ ᠴᠡᠭ ᠪᠤᠯᠬᠤ ᠪᠥᠭᠡᠳ ᠪᠠᠰᠠ ᠴᠤ ᠬᠠᠲᠤᠨ ᠭᠤᠣᠯ ᠪᠣᠯᠣᠨ ᠤᠯᠠᠭᠠᠨᠪᠤᠬ᠎ᠠ ᠡᠯᠡᠰᠦ ᠶᠢᠨ ᠵᠣᠯᠭᠠᠯᠳᠤᠭᠤᠯᠵᠤ ᠪᠠᠶᠢᠭ᠎ᠠ ᠭᠠᠵᠠᠷ ᠪᠣᠯᠣᠨ᠎ᠠ᠃ ᠥᠩᠭᠡᠷᠡᠭᠰᠡᠨ ᠳᠤ ᠤᠯᠠᠭᠠᠨᠪᠤᠬ᠎ᠠ ᠡᠯᠡᠰᠦ ᠨᠢ ᠵᠢᠯ ᠪᠦᠷᠢ 7000 ᠭᠠᠷᠤᠢ ᠲᠦᠮᠡᠨ ᠲᠣᠨ ᠰᠢᠷ᠎ᠠ ᠡᠯᠡᠰᠦ ᠶᠢ ᠬᠠᠳᠤᠨ ᠭᠤᠣᠯ ᠳᠤ ᠴᠢᠳᠬᠤᠵᠤ᠂ ᠬᠠᠳᠤᠨ ᠭᠤᠣᠯ ᠤᠨ ᠭᠤᠯᠳᠤᠷᠢᠯ ᠢ ᠵᠢᠯ ᠳᠠᠷᠠᠭᠠᠯᠠᠨ ᠨᠡᠮᠡᠭᠳᠡᠭᠦᠯᠵᠦ᠂ ᠳᠣᠣᠷᠠᠳᠤ ᠤᠷᠤᠰᠬᠠᠯ ᠤᠨ ᠭᠠᠵᠠᠷ ᠣᠷᠣᠨ ᠤ ᠤᠯᠠᠨ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠢ ᠰᠦᠷᠳᠡᠭᠦᠯᠵᠦ ᠪᠠᠶᠢᠪᠠ᠃      ᠪᠠᠶᠠᠨᠨᠠᠭᠤᠷ ᠬᠤᠲᠠ ᠬᠠᠯᠬᠠᠪᠴᠢ ᠣᠶ ᠶᠢᠨ ᠪᠦᠲᠦᠭᠡᠨ ᠪᠠᠶᠢᠭᠤᠯᠤᠯᠲᠠ ᠶᠢᠨ ᠠᠶᠠᠨ ᠢᠶᠠᠨ ᠡᠬᠢᠯᠡᠭᠦᠯᠦᠯ᠎ᠡ᠃ ᠣᠳᠣᠬᠠᠨ ᠳᠤ᠂ ᠤᠯᠠᠭᠠᠨᠪᠤᠬ᠎ᠠ ᠡᠯᠡᠰᠦ ᠶᠢᠨ ᠭᠦᠪᠡᠭᠡ ᠵᠠᠬ᠎ᠠ᠂ ᠬᠠᠲᠤᠨ ᠭᠤᠣᠯ ᠤᠨ ᠬᠥᠪᠡᠭᠡᠨ ᠳᠤ᠂ ᠨᠢᠭᠡᠨ ᠵᠤᠷᠪᠤᠰ 154 ᠺᠢᠯᠣᠮᠧᠳ᠋ᠷ ᠣᠷᠳᠣ᠂ 18.5 ᠲᠦᠮᠡᠨ ᠮᠦ ᠲᠠᠯᠠᠪᠠᠶ ᠪᠦᠬᠦᠢ ᠡᠯᠡᠰᠦᠷᠬᠡᠭᠵᠢᠯ ᠢ ᠰᠡᠷᠭᠡᠶᠢᠯᠡᠬᠦ ᠣᠶ ᠰᠦᠨᠳᠡᠷᠯᠡᠨ ᠪᠣᠰᠣᠭᠰᠠᠨ ᠪᠥᠭᠡᠳ ᠲᠠᠰᠤᠷᠠᠯᠲᠠ ᠦᠭᠡᠢ ᠥᠷᠭᠡᠵᠢᠨ ᠦᠷᠭᠦᠯᠵᠢᠯᠡᠵᠦ᠂ ᠡᠯᠡᠰᠦ ᠵᠡᠭᠦᠨᠰᠢ ᠲᠦᠷᠢᠬᠦ ᠶᠢ ᠪᠦᠲᠦᠮᠵᠢᠲᠡᠶ ᠬᠤᠷᠢᠭᠯᠠᠵᠤ᠂ ᠡᠯᠡᠰᠦ ᠰᠢᠪᠠᠷ ᠤᠨ ᠬᠠᠲᠤᠨ ᠭᠤᠣᠯ ᠳᠤ ᠣᠷᠣᠬᠤ ᠶᠢ ᠪᠠᠭᠠᠰᠬᠠᠪᠠ᠃      ᠳ᠋ᠧᠩᠺᠸᠤ ᠰᠢᠶᠠᠨ ᠢᠶᠠᠷ ᠵᠣᠬᠰᠣᠬᠤ ᠦᠭᠡᠢ᠂ ᠬᠠᠳᠤᠨ ᠭᠤᠣᠯ ᠤᠨ ᠥᠩᠭᠡᠷᠡᠵᠦ ᠪᠠᠶᠢᠭ᠎ᠠ ᠬᠥᠪᠴᠢ ᠶᠢᠨ ᠡᠯᠡᠰᠦ᠂ ᠤᠯᠠᠭᠠᠨᠪᠤᠬ᠎ᠠ ᠡᠯᠡᠰᠦᠨ ᠳᠤ᠂ ᠬᠠᠳᠤᠨ ᠭᠤᠣᠯ ᠤᠨ ᠤᠷᠤᠰᠤᠨ ᠥᠩᠭᠡᠷᠡᠵᠦ ᠪᠠᠶᠢᠭ᠎ᠠ ᠥᠷᠭᠡᠨ ᠠᠭᠤᠳᠠᠮ ᠡᠬᠡ ᠭᠠᠵᠠᠷ ᠲᠤ᠂ ᠬᠠᠳᠤᠨ ᠭᠤᠣᠯ ᠤᠨ ᠵᠠᠬ᠎ᠠ ᠶᠢ ᠪᠣᠷᠣᠭᠠᠯᠠᠭᠰᠠᠨ ᠤᠢ᠂ ᠬᠠᠰᠢᠯᠭ᠎ᠠ ᠬᠠᠮᠠᠭᠠᠯᠠᠬᠤ ᠤᠢ᠂ ᠠᠮᠢ ᠠᠬᠤᠢ ᠶᠢᠨ ᠬᠤᠩᠭᠢᠯ ᠤᠳ ᠰᠦᠨᠳᠡᠷᠯᠡᠨ ᠪᠣᠰᠴᠤ᠂ ᠡᠯᠡᠰᠦ ᠰᠢᠪᠠᠷ ᠬᠠᠳᠤᠨ ᠭᠤᠣᠯ ᠳᠤ ᠤᠷᠤᠰᠤᠨ ᠣᠷᠣᠬᠤ ᠶᠢ ᠪᠦᠲᠦᠮᠵᠢᠲᠡᠢ ᠬᠤᠷᠢᠭᠯᠠᠵᠤ᠂ ᠶᠡᠭᠡ ᠭᠤᠣᠯ ᠤᠨ ᠠᠮᠤᠷ ᠠᠮᠤᠭᠤᠯᠠᠩ ᠢ ᠬᠠᠮᠠᠭᠠᠯᠠᠵᠤ ᠪᠠᠶᠢᠨ᠎ᠠ᠃      ᠥᠪᠥᠷ ᠮᠣᠩᠭᠤᠯ ᠳᠤ ᠥᠪᠡᠷᠮᠢᠴᠡ ᠭᠠᠵᠠᠷ ᠵᠦᠢ ᠶᠢᠨ ᠣᠷᠴᠢᠨ ᠲᠣᠭᠤᠷᠢᠨ ᠪᠠ ᠠᠮᠢ ᠠᠬᠤᠢ ᠶᠢᠨ ᠨᠥᠬᠦᠴᠡᠯ ᠲᠠᠢ ᠪᠠᠶᠢᠵᠤ᠂ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠣᠶ ᠨᠢ ᠥᠪᠡᠷᠮᠢᠴᠡ ᠤᠨᠴᠠᠭᠠᠢ ᠠᠮᠢ ᠠᠬᠤᠢ ᠶᠢᠨ ᠬᠠᠮᠠᠭᠠᠯᠠᠯᠲᠠ ᠶᠢᠨ ᠲᠣᠣᠷ ᠢ ᠪᠦᠷᠢᠯᠳᠦᠭᠦᠯᠵᠡᠢ᠄      ᠨᠡᠯᠦᠭᠡᠷ ᠶᠡᠭᠡ ᠡᠯᠡᠰᠦᠨ ᠴᠥᠯ ᠭᠤᠪᠢ ᠨᠤᠲᠤᠭ ᠲᠤ ︽ᠠᠭᠤᠯᠠ ᠶᠢ ᠪᠢᠲᠡᠭᠦᠮᠵᠢᠯᠡᠨ ᠣᠶᠢᠵᠢᠭᠤᠯᠬᠤ ᠨᠢᠰᠬᠡᠯ ᠢᠶᠠᠷ ᠣᠶᠢᠵᠢᠭᠤᠯᠬᠤ︾᠎ ᠶᠢ ᠤᠶᠠᠯᠳᠤᠭᠤᠯᠵᠤ᠂ ᠲᠤᠷᠤᠭ ᠮᠣᠳᠣ ᠪᠤᠳᠠ ᠮᠣᠳᠣ ᠡᠪᠡᠰᠦ ᠪᠠᠷ ᠪᠦᠷᠢᠯᠳᠦᠭᠰᠡᠨ ᠬᠠᠯᠬᠠᠪᠴᠢ ᠣᠶ ᠨᠢ ᠰᠢᠷ᠎ᠠ ᠡᠯᠡᠰᠦ ᠶᠢ ᠳᠠᠪᠬᠤᠷ ᠳᠠᠪᠬᠤᠷ ᠪᠦᠰᠡᠯᠡᠵᠦ ᠪᠢᠲᠡᠭᠦᠮᠵᠢᠯᠡᠭᠡᠳ᠂ ︽ᠨᠣᠭᠤᠭᠠᠨ ᠪᠦᠰᠡ ᠪᠠᠷ ᠰᠢᠷ᠎ᠠ ᠯᠤᠤ ᠶᠢ ᠨᠣᠭᠲᠣᠯᠠᠬᠤ︾ ᠰᠦᠷᠯᠢᠭ ᠦᠵᠡᠮᠵᠢ ᠶᠢ ᠪᠦᠷᠢᠯᠳᠦᠭᠦᠯᠵᠡᠢ᠃      ᠪᠣᠷᠣᠳᠣᠬᠤᠢ ᠶᠢᠨ ᠤᠰᠤᠯᠠᠯᠲᠠ ᠶᠢᠨ ᠣᠷᠣᠨ ᠳᠤ᠂ ︽ᠲᠠᠷᠢᠶᠠᠨ ᠭᠠᠵᠠᠷ ᠢ ᠳᠥᠷᠪᠡᠯᠵᠢᠨ ᠪᠤᠯᠭᠠᠵᠤ᠂ ᠣᠶ ᠰᠢᠭᠤᠢ ᠶᠢ ᠲᠣᠣᠷ ᠪᠤᠯᠭᠠᠵᠤ᠂ ᠵᠠᠮ ᠢ ᠬᠠᠷᠢᠯᠴᠠᠨ ᠬᠤᠯᠪᠣᠵᠤ᠂ ᠰᠤᠪᠠᠭ ᠢ ᠬᠠᠷᠢᠯᠴᠠᠨ ᠨᠠᠪᠲᠠᠷᠡᠭᠦᠯᠵᠦ᠂ ᠭᠠᠩᠳᠠᠪᠠᠯ ᠤᠰᠤᠯᠠᠵᠤ ᠪᠤᠯᠬᠤ᠂ ᠤᠰᠤᠲᠤᠪᠠᠯ ᠲᠠᠲᠠᠷᠠᠭᠤᠯᠵᠤ ᠪᠤᠯᠬᠤ︾ ᠲᠠᠷᠢᠶᠠᠨ ᠭᠠᠵᠠᠷ ᠣᠶ ᠰᠢᠭᠤᠢ ᠶᠢᠨ ᠲᠣᠣᠷ ᠤᠨ ᠪᠠᠶᠢᠷᠢᠰᠢᠯ ᠢ ᠨᠢᠭᠡᠨᠲᠡ ᠪᠦᠷᠢᠯᠳᠦᠭᠦᠯᠵᠦ᠂ 80 ᠭᠠᠷᠤᠢ ᠲᠦᠮᠡᠨ ᠮᠦ ᠣᠶ ᠰᠢᠭᠤᠢ ᠨᠢ ᠲᠠᠷᠢᠶᠠᠨ ᠭᠠᠵᠠᠷ ᠢ ᠪᠠᠲᠤ ᠬᠠᠮᠠᠭᠠᠯᠠᠵᠤ᠂ ᠬᠥᠷᠥᠰᠥ ᠰᠢᠷᠣᠢ ᠶᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ᠂ ᠪᠣᠭᠤᠮᠲᠠ ᠶᠢᠨ ᠭᠠᠳᠠᠨᠠᠬᠢ ᠠᠮᠤ ᠶᠢᠨ ᠰᠠᠩ ᠢ ᠴᠦ ᠰᠠᠬᠢᠨ ᠬᠠᠮᠠᠭᠠᠯᠠᠭᠰᠠᠨ ᠪᠠᠶᠢᠨ᠎ᠠ᠃      ᠲᠠᠯ᠎ᠠ ᠭᠠᠵᠠᠷ ᠤᠨ ᠣᠷᠣᠨ᠂ ᠵᠠᠰᠠᠮᠠᠯ ᠵᠠᠮ ᠤᠨ ᠬᠤᠶᠠᠷ ᠲᠠᠯ᠎ᠠ᠂ ᠠᠶᠢᠯ ᠲᠣᠰᠬᠤᠨ ᠤ ᠡᠷᠭᠢᠨ ᠲᠣᠭᠤᠷᠢᠨ᠂ ᠠᠭᠤᠯᠠᠷᠬᠠᠭ ᠭᠠᠵᠠᠷ ᠡᠵᠡᠭᠦᠢ ᠲᠠᠯ᠎ᠠ ᠪᠠᠷ᠂ ᠪᠦᠰᠡ᠂ ᠲᠣᠣᠷ᠂ ᠬᠡᠰᠡᠭ ᠢ ᠤᠶᠠᠯᠳᠤᠭᠤᠯᠤᠭᠰᠠᠨ ᠬᠠᠯᠬᠠᠪᠴᠢ ᠣᠶ ᠨᠢ ᠡᠬᠡ ᠭᠠᠵᠠᠷ ᠢ ᠨᠣᠭᠤᠭᠠᠷᠠᠭᠤᠯᠵᠤ᠂ ᠠᠮᠢ ᠠᠬᠤᠢ ᠰᠠᠶᠢᠵᠢᠷᠠᠵᠤ᠂ ᠣᠷᠴᠢᠨ ᠲᠣᠭᠤᠷᠢᠨ ᠭᠤᠶᠣ ᠰᠠᠶᠢᠬᠠᠨ ᠪᠣᠯᠵᠤ᠂ ᠠᠷᠢᠶᠠᠲᠠᠨ ᠠᠮᠢᠲᠠᠨ ᠴᠤ ᠣᠯᠠᠰᠢᠷᠠᠵᠠᠢ᠃      ᠤᠢ ᠶᠢᠨ ᠲᠣᠣᠷ ᠤᠨ ᠪᠠᠶᠢᠭᠤᠯᠤᠯᠲᠠ ᠶᠢᠨ ᠥᠪᠡᠷᠮᠢᠴᠡ ᠴᠢᠨᠠᠷ ᠨᠢ ︽ᠭᠡᠯᠪᠡᠷᠢ︾᠎ ᠳᠤ ᠯᠡ ᠪᠠᠶᠢᠬᠤ ᠪᠠᠷ ᠵᠣᠬᠰᠣᠬᠤ ᠦᠭᠡᠢ᠂ ᠨᠠᠩ ᠴᠤ ︽ᠠᠭᠤᠯᠭ᠎ᠠ︾ ᠎ ᠳᠤᠨᠢ ᠪᠠᠶᠢᠳᠠᠭ᠃      1979 ᠣᠨ ᠳᠤ ᠮᠠᠨ ᠤ ᠤᠯᠤᠰ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠤᠢ ᠶᠢᠨ ᠢᠨᠵᠧᠨᠧᠷᠢᠩ ᠢ ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠲᠦᠷᠦᠯ ᠵᠦᠢᠯ ᠳᠤ ᠣᠷᠣᠭᠤᠯᠪᠠ᠃ ᠪᠠᠷᠢᠯᠭ᠎ᠠ ᠶᠢᠨ ᠲᠥᠯᠦᠪᠵᠢᠭᠦᠯᠭᠡ ᠶᠢᠨ ᠬᠤᠭᠤᠴᠠᠭ᠎ᠠ ᠨᠢ 73 ᠵᠢᠯ ᠪᠠᠶᠢᠵᠤ᠂ ᠪᠦᠲᠦᠭᠡᠨ ᠪᠠᠶᠢᠭᠤᠯᠤᠯᠲᠠ ᠶᠢ 8 ᠬᠤᠭᠤᠴᠠᠭ᠎ᠠ ᠬᠤᠪᠢᠶᠠᠨ ᠶᠠᠪᠤᠭᠳᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠣᠶ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠪᠥᠷ ᠮᠣᠩᠭᠤᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠭᠠᠷᠳᠠᠴᠠ ᠶᠢᠨ ᠨᠢᠭᠡ ᠪᠤᠯᠭᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠭᠤᠣᠯᠳᠠᠯᠭ᠎ᠠ ᠶᠢ ᠲᠣᠪᠤᠶᠢᠯᠭᠠᠨ᠂ ᠲᠣᠮᠣ ᠢᠨᠵᠧᠨᠧᠷᠢᠩ ᠢᠶᠠᠷ ᠶᠡᠭᠡ ᠵᠠᠰᠠᠯᠲᠠ ᠶᠢ ᠳᠠᠶᠢᠴᠢᠯᠠᠪᠠ᠃ ᠡᠭᠦᠨ ᠠᠴᠠ ᠡᠬᠢᠯᠡᠨ᠂ ᠮᠣᠳᠣ ᠳᠠᠷᠢᠬᠤ ᠤᠯᠠᠷᠢᠯ ᠪᠤᠯᠬᠤ ᠪᠦᠷᠢ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ᠂ ᠰᠤᠷᠭᠠᠭᠤᠯᠢ ᠶᠢᠨ ᠪᠠᠭᠰᠢ ᠰᠣᠷᠣᠬᠴᠢ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠮᠠᠯᠴᠢᠨ ᠲᠠᠷᠢᠶᠠᠴᠢᠨ ᠴᠥᠮ ᠠᠳᠡ ᠬᠦᠷᠴᠦ ᠢᠷᠡᠨ᠎ᠡ᠂ ᠡᠯ᠎ᠡ ᠠᠵᠢᠯ ᠲᠥᠷᠥᠯ ᠤᠨ ᠬᠢᠨ ᠴᠥᠮ ᠮᠣᠳᠣ ᠳᠠᠷᠢᠬᠤ ᠲᠤᠬᠠᠢ ᠶᠢᠨ ᠲᠠᠯᠠᠪᠠᠶ ᠳᠤ ᠬᠦᠷᠴᠦ ᠢᠷᠡᠨ᠂ ᠥᠪᠥᠷ ᠮᠣᠩᠭᠤᠯ ᠤᠨ ᠡᠬᠡ ᠭᠠᠵᠠᠷ ᠲᠤ ᠨᠣᠭᠤᠭᠠᠷᠠᠭᠤᠯᠤᠯᠲᠠ ᠶᠢᠨ ᠬᠠᠯᠠᠭᠤᠨ ᠥᠷᠨᠢᠯᠲᠡ ᠪᠣᠯᠵᠤ᠂ ᠵᠠᠰᠠᠭ ᠤᠨ ᠣᠷᠳᠣᠨ ᠭᠤᠣᠯᠯᠠᠨ ᠤᠳᠤᠷᠢᠳᠤᠭᠰᠠᠨ᠂ ᠠᠵᠢᠯ ᠲᠥᠷᠥᠯ ᠬᠥᠲᠥᠯᠥᠨ ᠵᠢᠯᠣᠭᠤᠳᠤᠭᠰᠠᠨ᠂ ᠨᠡᠶᠢᠭᠡᠮ ᠳᠠᠶᠠᠭᠠᠷ ᠢᠶᠠᠨ ᠣᠷᠣᠯᠴᠠᠬᠰᠠᠨ ᠡᠯᠡᠰᠦᠷᠬᠡᠭᠵᠢᠯ ᠢ ᠵᠠᠰᠠᠵᠤ ᠣᠶᠢᠵᠢᠭᠤᠯᠬᠤ ᠵᠠᠭᠪᠤᠷ ᠡᠳᠦᠷ ᠢᠷᠡᠬᠦᠶ᠎ᠡ ᠲᠣᠳᠣᠬᠠᠨ ᠪᠣᠯᠵᠠᠢ᠃      ᠨᠢᠭᠡ ᠲᠠᠯ᠎ᠠ ᠪᠠᠷ ᠣᠶᠢᠵᠢᠭᠤᠯᠵᠤ᠂ ᠨᠢᠭᠡ ᠲᠠᠯ᠎ᠠ ᠪᠠᠷ ᠰᠡᠷᠭᠦᠭᠡᠵᠦ᠂ ︽ᠬᠤᠶᠠᠷ ᠮᠥᠷ ᠨᠢᠭᠡ ᠪᠦᠰᠡ︾᠂ ᠤᠷᠭᠤᠮᠠᠯ ᠤᠨ ᠳᠠᠭᠢᠨ ᠤᠷᠭᠤᠬᠤ ᠡᠯᠡᠰᠦᠨ ᠬᠠᠯᠬᠠᠪᠴᠢ᠂ ᠨᠦᠬᠡ ᠮᠠᠯᠲᠠᠵᠤ ᠣᠶᠢᠵᠢᠭᠤᠯᠬᠤ᠂ ᠦᠨᠳᠦᠰᠦ ᠶᠢ ᠨᠢ ᠬᠢᠵᠠᠭᠠᠷᠯᠠᠨ ᠣᠶᠢᠵᠢᠭᠤᠯᠬᠤ ᠵᠡᠷᠭᠡ ᠢᠨᠵᠧᠨᠧᠷᠢᠩ ᠤᠨ ᠵᠠᠭᠪᠤᠷ ᠪᠣᠯᠣᠨ ᠤᠰᠤ ᠠᠷᠪᠢᠯᠠᠵᠤ ᠭᠠᠩ ᠲᠠᠢ ᠲᠡᠮᠡᠴᠡᠨ ᠣᠶᠢᠵᠢᠭᠤᠯᠬᠤ ᠰᠢᠷᠢᠰ ᠮᠡᠷᠭᠡᠵᠢᠯ ᠢ ᠠᠮᠵᠢᠯᠲᠠ ᠲᠠᠢ ᠰᠤᠳᠤᠯᠤᠨ ᠳᠡᠯᠭᠡᠷᠡᠭᠦᠯᠵᠦ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠬᠠᠮᠠᠭᠠᠯᠠᠬᠤ᠂ ᠳᠤᠷ᠎ᠠ ᠪᠠᠷ ᠢᠶᠠᠨ ᠣᠭᠲᠣᠯᠬᠤ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢ ᠰᠤᠨᠳᠠᠯᠠᠭᠰᠠᠨ ᠲᠦᠮᠡᠨ ᠭᠠᠵᠠᠷ ᠤᠨ ᠨᠣᠮᠢᠨ ᠨᠣᠭᠤᠭᠠᠨ ᠬᠠᠯᠬᠠᠪᠴᠢ ᠶᠢ ᠮᠠᠰᠢ ᠲᠦᠷᠭᠡᠨ ᠪᠣᠰᠬᠠᠵᠤ᠂ ᠰᠠᠯᠬᠢ ᠡᠯᠡᠰᠦᠨ ᠤ ᠬᠤᠣᠷ ᠬᠥᠨᠥᠭᠡᠯ ᠪᠣᠯᠣᠨ ᠤᠰᠤ ᠰᠢᠷᠣᠢ ᠶᠢᠨ ᠢᠳᠡᠭᠳᠡᠯ ᠢ ᠪᠦᠲᠦᠮᠵᠢᠲᠡᠶ ᠪᠠᠭᠠᠰᠬᠠᠵᠤ᠂ ᠮᠠᠨ ᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ︽ᠪᠦᠬᠦᠯᠢ ᠴᠣᠭᠴᠠ ᠪᠠᠷ ᠨᠢ ᠬᠤᠷᠢᠭᠯᠠᠵᠤ᠂ ᠬᠡᠰᠡᠭ ᠲᠠᠯ᠎ᠠ ᠪᠠᠷ ᠰᠠᠶᠢᠵᠢᠷᠠᠭᠤᠯᠬᠤ︾ ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠬᠦ ᠳᠤ ᠪᠠᠲᠤ ᠰᠠᠭᠤᠷᠢ ᠶᠢ ᠲᠠᠯᠪᠢᠵᠤ ᠥᠭᠴᠡᠢ᠃      ᠥᠨᠥᠳᠥᠷ ᠤᠨ ᠥᠪᠥᠷ ᠮᠣᠩᠭᠤᠯ᠂ ᠮᠠᠨ ᠤ ᠤᠯᠤᠰ ᠤᠨ ᠤᠮᠠᠷᠠᠲᠤ ᠣᠷᠣᠨ ᠤ ᠡᠯᠡᠰᠦᠷᠬᠡᠭ ᠭᠠᠵᠠᠷ ᠲᠤ ︽ᠬᠠᠮᠠᠭᠠᠯᠠᠯᠲᠠ ᠶᠢᠨ ᠲᠡᠪᠡᠯ︾ ᠨᠥᠮᠥᠷᠭᠡᠭᠰᠡᠨ ᠢᠶᠠᠷ ᠪᠠᠷᠠᠬᠤ ᠦᠭᠡᠢ᠂ ᠪᠠᠰᠠ ᠪᠦᠭᠦ ᠤᠯᠤᠰ ᠤᠨ ᠠᠷᠠᠳ ᠲᠦᠮᠡᠨ ᠳᠤ ᠳᠡᠰ ᠠᠴᠠ ᠳᠠᠪᠠᠭᠰᠠᠨ ︽ᠨᠡᠭᠦᠷᠡᠰᠦᠲᠥ᠋ᠷᠥᠭᠴᠢ ᠶᠢᠨ ᠬᠥᠮᠥᠷᠭᠡ︾ ᠪᠠ ᠴᠡᠪᠡᠷ ︽ᠬᠦᠴᠢᠯᠲᠥ᠋ᠷᠥᠭᠴᠢ ᠶᠢᠨ ᠪᠠᠭᠠᠷ︾᠎ ᠢ ᠪᠠᠶᠢᠭᠤᠯᠵᠤ᠂ ᠪᠡᠭᠡᠵᠢᠩ ᠲᠢᠶᠠᠨᠵᠢᠨ ᠤ ︽ᠰᠠᠯᠬᠢ ᠡᠯᠡᠰᠦᠨ ᠤ ᠡᠬᠢ︾᠎ ᠨᠢ ᠨᠡᠶᠢᠰᠯᠡᠯ ᠤᠨ ︽ᠠᠷᠤ ᠴᠡᠴᠡᠷᠯᠢᠭ︾ ᠪᠣᠯᠵᠤ ᠬᠤᠪᠢᠷᠠᠪᠠ᠃      ᠠᠪᠤᠭᠠᠳ ᠳᠠᠭᠤᠰᠤᠰᠢ ᠦᠭᠡᠢ ︽ᠨᠣᠭᠤᠭᠠᠨ ᠪᠠᠩᠬᠢ︾᠎ ᠶᠢ ᠪᠦᠲᠦᠭᠡᠨ ᠪᠠᠶᠢᠭᠤᠯᠵᠤ ᠠᠮᠢ ᠠᠬᠤᠢ ᠶᠢ ᠬᠠᠮᠠᠭᠠᠯᠠᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠰᠠᠶᠢᠨ ᠰᠠᠶᠢᠬᠠᠨ ᠣᠷᠴᠢᠯ ᠳᠤ ᠣᠷᠣᠭᠤᠯᠪᠠ       ︽ᠡᠵᠡᠭᠦᠢ ᠵᠡᠯᠢᠭᠦᠳ ᠡᠯᠡᠰᠦᠨ ᠴᠥᠯ ᠳᠤᠷ ᠰᠢᠪᠠᠭᠤᠳ ᠦᠯᠦ ᠨᠢᠰᠦᠮᠦᠢ᠂ ᠲᠦᠮᠡᠨ ᠭᠤᠪᠢ ᠮᠢᠩᠭᠠᠨ ᠠᠭᠤᠯᠠ ᠡᠴᠢᠨ᠎ᠡ ᠬᠤᠯᠠ ᠶᠢᠨ ᠤᠴᠢᠷ ᠵᠡᠭᠦᠳᠦᠨ  ᠳᠤᠷ ᠢᠶᠠᠨ ᠴᠤ ᠣᠴᠢᠬᠤ ᠠᠴᠠ ᠠᠯᠵᠢᠶᠠᠨᠠᠮ︾ ᠭᠡᠬᠦ ᠡᠷᠲᠡᠨ ᠤ ᠪᠠᠳᠠᠭ ᠲᠤ᠂ ᠡᠯᠡᠰᠦᠨ ᠴᠦᠯ ᠤᠨ ᠡᠯᠦᠢ ᠬᠤᠯᠤᠢ ᠨᠢ ᠬᠥᠮᠥᠨ ᠢ ᠰᠦᠷᠳᠡᠭᠦᠯᠦᠮᠡᠷ᠃ ᠭᠡᠪᠡᠴᠦ ᠲᠦᠩᠯᠢᠶᠣᠣ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠬᠤᠣᠰ ᠮᠢᠩᠭᠠᠨ ᠲᠦᠮᠡᠨ ᠮᠦ ᠶᠢᠨ ᠨᠤᠭᠤᠰᠤᠲᠠᠢ ᠶᠢᠨ ᠲᠥᠷᠥᠯ ᠵᠦᠢᠯ ᠤᠨ ᠲᠣᠭᠤᠷᠢᠭ ᠲᠤ᠂ ᠪᠢᠳᠡ ᠬᠠᠷᠢᠨ ᠨᠡᠯᠦᠭᠡᠷ ᠶᠡᠭᠡ ᠬᠥᠪᠴᠢ ᠶᠢᠨ ᠣᠶ ᠶᠢ ᠣᠯᠵᠤ ᠬᠠᠷᠠᠯ᠎ᠠ᠄ ᠨᠣᠮᠢᠨ ᠨᠣᠭᠤᠭᠠᠨ ᠬᠠᠶᠢᠯᠠᠷ ᠨᠠᠷᠠᠰᠤᠨ ᠣᠶ ᠰᠠᠯᠬᠢ ᠰᠥᠷᠦᠨ ᠰᠡᠬᠦ᠋ᠢᠨ ᠰᠦᠨᠳᠡᠷᠯᠡᠵᠦ᠂ ᠬᠥᠯ ᠳᠣᠣᠷᠠᠬᠢ ᠨᠣᠭᠤᠭᠠᠨ ᠡᠪᠡᠰᠦ ᠳᠡᠪᠢᠰᠦᠭᠰᠡᠨ ᠬᠡᠪᠢᠰ ᠮᠡᠲᠦ ᠵᠥᠭᠡᠯᠡᠨ ᠰᠠᠨᠠᠭᠳᠠᠨ᠎ᠠ᠃      ᠲᠦᠩᠯᠢᠶᠣᠣ ᠬᠤᠲᠠ ᠶᠢᠨ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠣᠶ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠡᠦᠬᠡᠨ ᠳᠡᠭᠡᠷ᠎ᠡ᠂ ᠬᠤᠷᠴᠢᠨ ᠤ ᠡᠯᠡᠰᠦᠷᠬᠡᠭ ᠭᠠᠵᠠᠷ ᠤᠨ ︽ᠬᠤᠣᠰ ᠮᠢᠩᠭᠠᠨ ᠲᠦᠮᠡᠨ ᠮᠦ︾᠎ ᠶᠢᠨ ᠶᠡᠷᠦᠩᠬᠡᠶᠢᠯᠡᠨ ᠵᠠᠰᠠᠬᠤ ᠢᠨᠵᠧᠨᠧᠷᠢᠩ ᠨᠢ ᠨᠠᠩ ᠴᠤ ᠤᠳᠤᠨ ᠪᠣᠯᠵᠤ ᠭᠡᠷᠡᠯᠳᠦᠭᠰᠡᠨ ᠶᠤᠮ᠃      ᠬᠤᠷᠴᠢᠨ ᠤ ᠡᠯᠡᠰᠦᠷᠬᠡᠭ ᠭᠠᠵᠠᠷ ᠤᠨ ︽ᠬᠤᠣᠰ ᠮᠢᠩᠭᠠᠨ ᠲᠦᠮᠡᠨ ᠮᠦ︾᠎ ᠶᠢᠨ ᠢᠨᠵᠧᠨᠧᠷᠢᠩ ᠤᠨ ᠲᠥᠷᠥᠯ ᠵᠦᠢᠯ ᠳᠤ ᠲᠦᠰᠢᠭᠯᠡᠨ᠂ ᠲᠦᠩᠯᠢᠶᠣᠣ ᠬᠤᠲᠠ ᠰᠢᠳ᠂ ᠬᠡᠮᠡᠷᠯᠢᠭ ᠬᠠᠶᠢᠲᠠᠩ ᠵᠡᠷᠭᠡ ᠣᠶ ᠶᠢᠨ ᠵᠢᠮᠢᠰ ᠢ 2500 ᠮᠦ ᠳᠠᠷᠢᠵᠤ᠂ ᠬᠦᠷᠡᠩ ᠴᠠᠷᠭᠠᠰᠤ ᠵᠡᠷᠭᠡ ᠴᠢᠨᠠᠷ ᠰᠠᠶᠢᠲᠠᠢ ᠡᠪᠡᠰᠦ ᠶᠢ 1800 ᠮᠦ ᠳᠠᠷᠢᠵᠤ᠂ ᠣᠶ ᠶᠢᠨ ᠵᠢᠮᠢᠰ ᠤᠨ ᠠᠵᠤ ᠠᠬᠤᠢ᠂ ᠡᠪᠡᠰᠦ ᠪᠡᠯᠴᠢᠭᠡᠷ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠥᠩᠭᠡᠷᠡᠭᠰᠡᠨ ᠤ ︽ᠰᠢᠷ᠎ᠠ ᠡᠯᠡᠰᠦ︾᠎ ᠨᠢ ︽ᠰᠢᠵᠢᠷ ᠠᠯᠲᠠ︾ ᠪᠣᠯᠵᠤ ᠬᠤᠪᠢᠷᠠᠪᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ᠂ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠤᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠭᠤᠣᠯ ᠬᠠᠷᠠᠯᠲᠠ ᠪᠣᠯ ᠠᠮᠢ ᠠᠬᠤᠢ ᠶᠢᠨ ᠦᠷ᠎ᠡ ᠠᠰᠢᠭ ᠢ ᠡᠭᠦᠳᠬᠦ ᠶᠠᠪᠤᠳᠠᠯ ᠪᠣᠯᠣᠨ᠎ᠠ᠂ ᠭᠡᠬᠦ ᠳᠡᠭᠡᠨ ᠠᠵᠤ ᠠᠬᠤᠢ ᠶᠢᠨ ᠦᠷ᠎ᠡ ᠠᠰᠢᠭ ᠤᠨ ᠲᠤᠯᠭᠠᠭᠤᠷᠢᠯᠠᠯ ᠠᠴᠠ ᠰᠠᠯᠪᠠᠯ ᠲᠡᠭᠦᠨ ᠤ ᠠᠮᠢᠵᠢᠷᠠᠯ ᠤᠨ ᠬᠦᠴᠦᠨ ᠳᠠᠷᠤᠢ ᠶᠡᠭᠡ ᠪᠠᠷ ᠪᠠᠭᠤᠷᠠᠬᠤ ᠪᠣᠯᠣᠨ᠎ᠠ᠃      ᠡᠨᠡ ᠶᠣᠰᠣ ᠶᠢ ᠭᠦᠨ ᠣᠶᠢᠯᠠᠭᠠᠭᠰᠠᠨ ᠥᠪᠥᠷ ᠮᠣᠩᠭᠤᠯ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠣᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ 40 ᠭᠠᠷᠤᠢ ᠵᠢᠯ ᠤᠨ ᠲᠤᠷᠰᠢ᠂ ᠠᠮᠢ ᠠᠬᠤᠢ ᠶᠢ ᠵᠠᠰᠠᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠵᠣᠬᠢᠴᠠᠭᠤᠯᠤᠨ ᠠᠬᠢᠭᠤᠯᠬᠤ ᠶᠢ ᠢᠮᠠᠭᠲᠠ ᠪᠠᠷᠢᠮᠲᠠᠯᠠᠵᠤ᠂ ᠮᠣᠳᠣᠨ ᠤ ᠲᠥᠷᠥᠯ ᠵᠦᠢᠯ ᠢ ᠰᠣᠩᠭᠤᠬᠤ ᠳᠡᠭᠡᠷ᠎ᠡ ᠲᠠᠰᠤᠷᠠᠯᠲᠠ ᠦᠭᠡᠢ ᠬᠦᠴᠦ ᠲᠠᠯᠪᠢᠵᠤ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠪᠡ᠃ ᠮᠠᠰᠢ ᠣᠯᠠᠨ ᠭᠠᠵᠠᠷ ᠣᠷᠣᠨ ᠳᠤ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠢᠶᠠᠷ ᠪᠦᠷᠢᠯᠳᠦᠭᠰᠡᠨ ᠠᠵᠤ ᠠᠬᠤᠢ ᠶᠢᠨ ᠣᠶ ᠨᠢ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠤ ᠲᠤᠯᠭᠠᠭᠤᠷᠢ ᠠᠵᠤ ᠦᠢᠯᠡᠰ ᠪᠠ ᠣᠷᠣᠯᠭ᠎ᠠ ᠶᠢᠨ ᠭᠤᠣᠯ ᠢᠷᠡᠯᠲᠡ ᠪᠣᠯᠤᠭᠰᠠᠨ ᠪᠠᠶᠢᠨ᠎ᠠ᠃      ᠳ᠋ᠧᠩᠺᠸᠤ ᠰᠢᠶᠠᠨ ᠳᠤ᠂ ᠳᠤᠮᠳᠠᠳᠤ ᠤᠯᠤᠰ ᠤᠨ ᠤᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠯᠡᠰᠦᠨ ᠴᠦᠯ ᠤᠢ ᠰᠢᠭᠤᠢ ᠶᠢᠨ ᠲᠥᠪ ᠠᠴᠠ ᠴᠢᠴᠠᠷᠭᠠᠨ᠎ᠠ ᠶᠢᠨ ᠰᠢᠯᠢᠳᠡᠭ ᠡᠭᠦᠯᠳᠡᠷ ᠢ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠪᠠᠷ ᠴᠢᠷᠮᠠᠶᠢᠵᠤ᠂ ᠰᠣᠩᠭᠤᠨ ᠪᠤᠶᠢᠵᠢᠭᠤᠯᠤᠭᠰᠠᠨ ᠰᠢᠯᠢᠳᠡᠭ ᠡᠭᠦᠯᠳᠡᠷ ᠢ ᠮᠠᠨ ᠤ ᠣᠷᠣᠨ ᠪᠣᠯᠣᠨ ᠪᠠᠶᠠᠨᠨᠠᠭᠤᠷ ᠣᠷᠣᠨ ᠳᠤ ᠬᠡᠷᠡᠭᠯᠡᠭᠰᠡᠨ ᠢᠶᠠᠷ ᠪᠠᠷᠠᠬᠤ ᠦᠭᠡᠢ᠂ ᠨᠡᠩ ᠴᠤ ᠪᠦᠭᠦ ᠤᠯᠤᠰ ᠤᠨ 15 ᠮᠤᠵᠢ ᠥᠪᠡᠷᠲᠡᠭᠡᠨ ᠵᠠᠰᠠᠬᠤ ᠣᠷᠣᠨ ᠳᠤ ᠢᠳᠡᠪᠬᠢᠲᠡᠢ ᠦᠢᠯᠡᠳᠦᠯ ᠦᠵᠡᠭᠦᠯᠵᠦ᠂ ᠨᠡᠯᠢᠶᠡᠳ ᠰᠠᠶᠢᠨ ᠠᠮᠢ ᠠᠬᠤᠢ᠂ ᠠᠵᠤ ᠠᠬᠤᠢ ᠪᠣᠯᠣᠨ ᠨᠡᠶᠢᠭᠡᠮ ᠤᠨ ᠦᠷ᠎ᠡ ᠠᠰᠢᠭ ᠣᠯᠣᠭᠰᠠᠨ ᠪᠠᠶᠢᠨ᠎ᠠ᠃      ᠠᠯᠠᠱᠠ ᠠᠶᠢᠮᠠᠭ 1700 ᠭᠠᠷᠤᠢ ᠲᠦᠮᠡᠨ ᠮᠦ ᠪᠠᠶᠢᠭᠠᠯᠢᠯᠢᠭ ᠪᠠ ᠬᠥᠮᠥᠨ ᠤ ᠬᠦᠴᠦ ᠪᠠᠷ ᠳᠠᠷᠢᠭᠰᠠᠨ ᠵᠠᠭ ᠮᠣᠳᠣ ᠳᠤ ᠲᠦᠰᠢᠭᠯᠡᠨ᠂ 120 ᠭᠠᠷᠤᠢ ᠲᠦᠮᠡᠨ ᠮᠦ ᠴᠠᠭᠠᠨ ᠭᠤᠶᠣᠣ ᠶᠢ ᠰᠠᠯᠠᠭ᠎ᠠ ᠵᠠᠯᠭᠠᠨ ᠲᠠᠷᠢᠵᠤ᠂ ᠬᠡᠳᠦᠨ ᠠᠷᠪᠠᠨ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ ᠣᠷᠣᠭᠤᠯᠤᠨ ᠠᠪᠴᠢᠷᠠᠵᠤ᠂ ︽ᠺᠤᠮᠫᠠᠨᠢ + ᠰᠠᠭᠤᠷᠢᠨ + ᠮᠠᠯᠴᠢᠨ ᠲᠠᠷᠢᠶᠠᠴᠢᠨ ᠡᠷᠦᠭᠡ︾᠎ ᠶᠢᠨ ᠵᠠᠭᠪᠤᠷ ᠢ ᠬᠡᠷᠡᠭᠵᠢᠭᠦᠯᠬᠦ ᠪᠠᠷ ᠳᠠᠮᠵᠢᠨ᠂ ᠴᠠᠭᠠᠨ ᠭᠤᠶᠣᠣ ᠲᠠᠷᠢᠬᠤ᠂ ᠡᠳ᠋ᠰᠢᠭᠦᠯᠬᠦ᠂ ᠦᠢᠯᠡᠳᠪᠦᠷᠢᠯᠡᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠨᠡᠯᠦᠭᠡᠷ ᠠᠭᠤᠳᠠᠮ ᠡᠯᠡᠰᠦᠨ ᠴᠦᠯ ᠳᠤ ᠵᠠᠷᠤᠭᠠᠳ ᠳᠠᠭᠤᠰᠤᠰᠢ ᠦᠭᠡᠢ ︽ᠨᠣᠭᠤᠭᠠᠨ ᠪᠠᠩᠬᠢ︾᠎ ᠶᠢ ᠪᠠᠶᠢᠭᠤᠯᠵᠤ᠂ ᠠᠮᠢ ᠠᠬᠤᠢ ᠶᠢ ᠬᠠᠮᠠᠭᠠᠯᠠᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠰᠠᠶᠢᠨ ᠰᠠᠶᠢᠬᠠᠨ ᠣᠷᠴᠢᠯ ᠢ ᠪᠡᠶᠡᠯᠡᠭᠦᠯᠪᠡ᠃       ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠤᠭᠰᠠᠨ ᠤ ᠬᠤᠪᠢ ᠳᠤ᠂ ᠥᠪᠥᠷ ᠮᠣᠩᠭᠤᠯ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠴᠤᠴᠠᠯᠲᠠ ᠦᠭᠡᠢ ᠴᠢᠷᠮᠠᠶᠢᠨ᠂ ᠨᠡᠩ ᠶᠡᠭᠡ ᠡᠷᠴᠢᠮ ᠢᠶᠠᠷ ︽ᠤᠮᠠᠷᠠᠲᠤ ᠶᠢᠨ ᠭᠤᠷᠪᠠᠨ ᠣᠷᠣᠨ︾᠎ ᠤ ᠬᠠᠯᠬᠠᠪᠴᠢ ᠤᠢ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠴᠦ᠂ ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠬᠠᠯᠬᠠᠪᠴᠢ ᠶᠢ ᠨᠡᠩ ᠪᠠᠲᠤ ᠪᠠᠬᠢ ᠴᠣᠭᠴᠠᠯᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠠᠬᠢᠴᠠ ᠳᠤᠮᠳᠠ ᠥᠪᠥᠷ ᠮᠣᠩᠭᠤᠯ ᠤᠨ ᠰᠦᠷᠯᠢᠭ ᠰᠠᠶᠢᠬᠠᠨ ᠨᠣᠮᠢᠨ ᠨᠣᠭᠤᠭᠠᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠵᠦ ᠪᠠᠶᠢᠨ᠎ᠠ᠃   
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号