ᠬᠤᠷᠴᠢᠨ ᠤ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠬᠢᠭᠡᠳ ᠵᠢᠱᠢᠶ᠎ᠡ ᠦᠵᠡᠭᠦᠯᠬᠦ ᠲᠥᠷᠥᠯ ᠵᠥᠢᠯ ᠨᠢ ᠬᠠᠮᠢᠶ᠎ᠠ ᠪᠦᠭᠦᠢ ᠲᠤᠭ᠎ᠠ ᠪᠠᠷᠢᠮᠲᠠ ᠴᠤᠭᠯᠠᠭᠤᠯᠬᠤ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/6/15
      ︽ᠬᠤᠷᠴᠢᠨ ᠤ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠬᠢᠭᠡᠳ ᠵᠢᠱᠢᠶ᠎ᠡ ᠦᠵᠡᠭᠦᠯᠬᠦ ᠲᠥᠷᠥᠯ ᠵᠥᠢᠯ︾ ᠪᠣᠯ ᠲᠦᠩᠯᠢᠶᠣᠤ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠳᠠᠭᠠᠭᠠᠴᠢᠯᠠᠨ ᠬᠡᠷᠡᠭᠵᠢᠭᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠥᠢᠯ ᠪᠣᠯᠤᠨ᠎ᠠ᠂ ᠲᠥᠷᠥᠯ  ᠵᠥᠢᠯ ᠢ ᠬᠡᠷᠡᠭᠵᠢᠭᠦᠯᠬᠦ ᠬᠤᠭᠤᠴᠠᠭ᠎ᠠ ᠨᠢ 2021 ᠣᠨ ᠤ 10 ᠰᠠᠷ᠎ᠠ ᠠᠴᠠ 2023 ᠣᠨ ᠤ 10 ᠰᠠᠷ᠎ᠠ  ᠪᠤᠯᠤᠨ᠎ᠠ ᠃ ᠲᠤᠰ ᠲᠥᠷᠥᠯ ᠵᠦᠢᠯ ᠨᠢ ᠪᠡᠯᠴᠢᠭᠡᠷ ᠤᠨ ᠮᠠᠭᠤᠵᠢᠷᠠᠭᠰᠠᠨ ᠪᠠᠶᠢᠳᠠᠯ ᠢ ᠦᠨᠳᠦᠰᠦᠯᠡᠨ ᠳᠡᠰ ᠬᠤᠪᠢᠶᠠᠷᠢᠯᠠᠵᠤ᠂ ᠠᠳᠠᠯᠢ ᠪᠤᠰᠤ ᠲᠥᠷᠥᠯ ᠬᠡᠯᠪᠡᠷᠢ ᠶᠢᠨ ᠦᠵᠡᠮᠵᠢ ᠶᠢᠨ ᠣᠨᠴᠠᠯᠢᠭ᠂ ᠭᠠᠵᠠᠷ ᠰᠢᠷᠣᠶ ᠠᠰᠢᠭᠯᠠᠬᠤ ᠠᠷᠭ᠎ᠠ ᠮᠠᠶ᠋ᠢᠭ᠂ ᠬᠥᠷᠥᠰᠥ ᠰᠢᠷᠣᠶ ᠵᠢᠴᠢ ᠤᠷᠭᠤᠮᠠᠯ ᠤᠨ ᠬᠤᠴᠢᠯᠭ᠎ᠠ ᠶᠢᠨ ᠨᠥᠬᠦᠴᠡᠯ ᠳᠤ ᠴᠢᠭᠯᠡᠭᠦᠯᠦᠨ᠂ ᠬᠦᠷᠢᠶᠡᠯᠡᠨ ᠪᠢᠲᠡᠭᠦᠮᠵᠢᠯᠡᠬᠦ᠂ ᠨᠥᠬᠦᠵᠦ ᠲᠠᠷᠢᠬᠤ᠂ ᠪᠣᠷᠳᠣᠭᠤᠷ ᠣᠷᠣᠭᠤᠯᠬᠤ᠂ ᠤᠰᠤᠯᠠᠬᠤ ᠵᠡᠷᠭᠡ ᠰᠡᠯᠭᠦᠨ ᠰᠡᠷᠭᠦᠭᠡᠬᠦ ᠮᠡᠷᠭᠡᠵᠢᠯ ᠢ ᠵᠦᠢ ᠵᠣᠬᠢᠰᠲᠠᠶ ᠬᠡᠷᠡᠭᠵᠢᠭᠦᠯᠬᠦ ᠶᠢᠨ ᠬᠠᠮᠲᠤ ᠡᠮᠦᠨᠡᠬᠢ ᠬᠤᠭᠤᠴᠠᠭᠠᠨ ᠤ ᠬᠠᠮᠢᠶ᠎ᠠ ᠪᠦᠬᠦᠢ ᠰᠤᠳᠤᠯᠤᠯ ᠤᠨ ᠦᠷ᠎ᠡ ᠪᠦᠲᠦᠭᠡᠯ ᠲᠠᠢ ᠤᠶᠠᠯᠳᠤᠭᠤᠯᠤᠨ᠂ ᠬᠤᠷᠴᠢᠨ ᠤ ᠮᠠᠭᠤᠵᠢᠷᠠᠭᠰᠠᠨ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠩᠭᠢᠯᠠᠭ᠎ᠠ ᠶᠢᠨ ᠮᠡᠷᠭᠡᠵᠢᠯ ᠢ ᠣᠯᠤᠭᠰᠠᠨ ᠪᠠᠶᠢᠨ᠎ᠠ᠃       ᠲᠤᠰ ᠲᠥᠷᠥᠯ ᠵᠥᠢᠯ ᠨᠢ 2022 ᠣᠨ ᠤ 5 ᠰᠠᠷ᠎ᠠ ᠳᠤ ᠭᠠᠵᠠᠷ ᠲᠡᠭᠰᠢᠯᠡᠵᠦ ᠳᠠᠷᠢᠬᠤ ᠠᠵᠢᠯ ᠢ ᠪᠡᠶᠡᠯᠡᠭᠦᠯᠵᠦ᠂  2 ᠲᠤᠷᠰᠢᠨ ᠪᠠᠶᠢᠴᠠᠭᠠᠯᠲᠠ᠂ 63  ᠪᠠᠭ᠎ᠠ ᠲᠣᠭᠤᠷᠢᠭ ᠲᠤ ᠬᠤᠯᠪᠣᠭᠳᠠᠵᠤ᠂ 2023 ᠣᠨ ᠤ 4 ᠰᠠᠷ᠎ᠠ ᠠᠴᠠ ᠡᠬᠢᠯᠡᠨ ᠨᠢᠭᠡᠳᠦᠭᠡᠷ ᠵᠢᠯ ᠤᠨ ᠨᠤᠭᠤᠭᠠᠷᠦᠯᠲᠠ ᠶᠢᠨ ᠪᠠᠶᠢᠴᠠᠭᠠᠯᠲᠠ ᠶᠢ ᠥᠷᠨᠢᠭᠦᠯᠵᠦ᠂ 5 ᠰᠠᠷ᠎ᠠ ᠶᠢᠨ 23᠎ ᠤ ᠡᠳᠦᠷ ᠪᠣᠯᠲᠠᠯ᠎ᠠ ᠪᠥᠬᠦ ᠪᠠᠭ᠎ᠠ ᠲᠣᠭᠤᠷᠢᠭ ᠴᠥᠮ ᠨᠣᠭᠤᠭᠠᠷᠠᠪᠠ᠂ ᠣᠳᠣᠬᠠᠨ ᠳᠤ ᠲᠤᠷᠰᠢᠯᠲᠠ ᠶᠢᠨ ᠭᠠᠵᠠᠷ ᠤᠨ ᠡᠯ᠎ᠡ ᠪᠠᠭ᠎ᠠ ᠲᠣᠭᠤᠷᠢᠭ ᠤᠨ ᠡᠪᠡᠰᠦ ᠪᠡᠯᠴᠢᠭᠡᠷ ᠤᠨ ᠤᠷᠭᠤᠴᠠ ᠮᠠᠰᠢ ᠰᠠᠶᠢᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠦᠩᠯᠢᠶᠣᠤ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠷᠢᠶᠠᠨ ᠭᠠᠵᠠᠷ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠡᠨᠡ ᠵᠢᠯ ᠤᠨ 8 ᠰᠠᠷ᠎ᠠ ᠠᠴᠠ ᠡᠮᠦᠨ᠎ᠡ ᠡᠪᠡᠰᠦ ᠪᠡᠯᠴᠢᠭᠡᠷ ᠤᠨ ᠥᠨᠳᠥᠷ ᠤᠨ ᠬᠡᠮᠵᠢᠶ᠎ᠡ᠂ ᠪᠦᠷᠬᠦᠴᠡ ᠂ ᠨᠢᠭᠲᠠᠴᠠ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠢᠨᠠᠨ ᠬᠡᠮᠵᠢᠬᠦ ᠵᠢᠴᠢ ᠬᠥᠷᠥᠰᠥ ᠰᠢᠷᠣᠶ ᠶᠢᠨ ᠹᠢᠽᠢᠺ ᠬᠢᠮᠢ ᠶᠢᠨ ᠰᠢᠨᠵᠢ ᠴᠢᠨᠠᠷ ᠢ ᠬᠡᠮᠵᠢᠨ ᠲᠣᠭᠲᠠᠭᠠᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠦᠨᠳᠦᠰᠦᠯᠡᠨ ᠲᠤᠭ᠎ᠠ ᠪᠠᠷᠢᠮᠲᠠ ᠶᠢᠨ ᠵᠠᠳᠠᠯᠤᠯᠲᠠ ᠬᠢᠵᠦ᠂ ᠮᠡᠷᠭᠡᠵᠢᠯ ᠤᠨ ᠦᠨᠡᠯᠡᠨ ᠵᠢᠱᠢᠯᠲᠡ ᠶᠢᠨ ᠮᠡᠳᠡᠭᠦᠯᠦᠯᠲᠡ ᠶᠢ ᠪᠡᠶᠡᠯᠡᠭᠦᠯᠬᠦ ᠶᠢᠨ ᠬᠠᠮᠲᠤ ᠲᠥᠷᠥᠯ ᠵᠥᠢᠯ ᠤᠨ ᠰᠢᠯᠭᠠᠨ ᠠᠪᠬᠤ ᠶᠢ ᠭᠤᠶᠤᠴᠢᠯᠠᠨ᠎ᠠ᠃
W020230613382424516943.jpg
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号