ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠡᠶᠢᠭᠡᠮᠴᠢᠯᠡᠭᠰᠡᠨ ᠣᠶᠢᠵᠢᠭᠤᠯᠤᠯᠲᠠ ᠶᠢᠨ ᠠᠵᠢᠯ ᠢ ᠠᠬᠢᠭᠤᠯᠪᠠ
ᠨᠡᠶᠢᠲᠡᠯᠡᠭᠰᠡᠨ ᠴᠠᠭ᠄
2023/6/16
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠬᠤ ᠶᠢᠨ ᠬᠠᠮᠲᠤ᠂ ᠨᠡᠶᠢᠭᠡᠮ ᠤᠨ ᠪᠡᠯᠡ ᠮᠥᠩᠭᠦ ᠶᠢ ᠢᠳᠡᠪᠬᠢᠲᠡᠢ ᠬᠡᠷᠡᠭᠯᠡᠨ᠂ ᠡᠯᠡᠰᠦ ᠶᠢ ᠰᠡᠷᠭᠡᠶᠢᠯᠡᠨ ᠵᠠᠰᠠᠬᠤ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠵᠡᠷᠭᠡ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ ᠬᠢᠨ ᠤᠯᠠᠨ ᠲᠦᠮᠡᠨ᠂ ᠦᠨᠳᠦᠰᠦᠨ ᠱᠠᠲᠤᠨ ᠳᠤ ᠪᠣᠳᠠᠲᠠᠢ ᠠᠵᠢᠯ ᠬᠢᠬᠦ ᠪᠠᠷ ᠬᠠᠷᠠᠯᠲᠠ ᠪᠣᠯᠭᠠᠵᠤ᠂ ᠳᠤᠮᠳᠠᠳᠤ ᠤᠯᠤᠰ ᠤᠨ ᠨᠣᠭᠤᠭᠠᠷᠠᠭᠤᠯᠤᠯᠲᠠ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠦᠭᠵᠢᠬᠦᠯᠦᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠳᠡᠮᠵᠢᠯᠭᠡ ᠶᠢ ᠤᠯᠬᠤ ᠪᠠᠷ ᠢᠳᠡᠪᠬᠢᠲᠡᠢ ᠴᠢᠷᠮᠠᠶᠢᠵᠤ᠂ ︽ᠰᠢᠷᠭᠤᠯᠵᠢ ᠶᠢᠨ ᠤᠢ ᠰᠢᠭᠤᠢ︾᠎ ᠶᠢᠨ ᠨᠡᠶᠢᠲᠡ ᠶᠢᠨ ᠠᠰᠠᠷᠠᠮᠵᠢ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠮᠤᠤᠠᠤᠰᠤ ᠶᠢᠨ ᠡᠯᠡᠰᠦᠷᠬᠡᠭ ᠭᠠᠵᠠᠷ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠠᠵᠢᠯ ᠢ ᠥᠷᠨᠢᠭᠦᠯᠵᠡᠢ᠃ 6 ᠰᠠᠷ᠎ᠠ ᠶᠢᠨ 12᠎ ᠤᠨ ᠡᠳᠦᠷ᠂ ᠠᠩᠬᠠᠨ ᠤ ᠪᠦᠯᠦᠭ ᠳᠥᠷᠪᠡᠨ ᠲᠠᠯ᠎ᠠ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠡᠯᠡᠰᠦ ᠶᠢ ᠰᠡᠷᠭᠡᠶᠢᠯᠡᠨ ᠵᠠᠰᠠᠬᠤ᠂ ᠬᠥᠷᠥᠰᠥ ᠰᠢᠷᠣᠶ ᠶᠢ ᠬᠠᠮᠠᠭᠠᠯᠠᠬᠤ᠂ ᠡᠯᠡᠰᠦᠵᠢᠭᠰᠡᠨ ᠭᠠᠵᠠᠷ ᠰᠢᠷᠣᠶ ᠶᠢ ᠵᠠᠰᠠᠬᠤ ᠵᠡᠷᠭᠡ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ  ᠨ᠊25 ᠲᠥᠷᠥᠯ ᠵᠦᠢᠯ ᠤᠨ ᠬᠡᠯᠡᠯᠴᠡᠭᠡᠷ ᠲᠣᠭᠲᠠᠵᠤ᠂ 9286 ᠲᠦᠮᠡᠨ ᠲᠥᠭᠦᠷᠢᠭ ᠤᠨ ᠪᠠᠯᠠ ᠮᠥᠩᠭᠦ ᠲᠣᠭᠲᠠᠪᠠ᠃ ᠬᠡᠯᠡᠯᠴᠡᠭᠡᠷ ᠲᠤ ᠭᠠᠷ ᠤᠨ ᠥᠰᠥᠭ ᠵᠢᠷᠤᠭᠰᠠᠨ ᠤ ᠳᠠᠷᠠᠭ᠎ᠠ᠂ ᠨᠢᠭᠡᠳᠦᠭᠡᠷ ᠤᠳᠠᠭᠠᠨ ᠤ 50%᠎ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠳᠤ ᠳᠠᠷᠤᠶᠢᠬᠠᠨ ᠰᠢᠯᠵᠢᠭᠦᠯᠦᠨ ᠥᠭᠬᠦ ᠪᠣᠯᠤᠨ᠎ᠠ᠃    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠶᠡᠷᠦᠩᠬᠡᠶ ᠥᠷᠲᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号