ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠣᠷᠳᠣᠨ ᠲᠠᠢ ᠬᠠᠮᠲᠤᠷᠠᠨ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/6/19
      ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠴᠢᠨᠠᠭᠰᠢᠳᠠ ᠠᠬᠢᠭᠤᠯᠬᠤ ᠎ ᠶᠢᠨ ᠲᠥᠯᠥᠭᠡ᠂ 5 ᠰᠠᠷ᠎ᠠ ᠶᠢᠨ 26᠎ ᠤ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠣᠷᠳᠣᠨ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠨ ᠬᠠᠷ᠎ᠠ ᠠᠭᠤᠯᠠ ᠶᠢᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠤᠪᠴᠢᠶ᠎ᠠ ᠳᠠᠯᠠᠨ ᠬᠠᠷ᠎ᠠ ᠠᠭᠤᠯᠠ ᠶᠢᠨ ᠬᠠᠮᠠᠭᠠᠯᠠᠯᠲᠠ ᠶᠢᠨ ᠣᠷᠣᠨ ᠤ ᠪᠠᠢ ᠱᠢ ᠳᠧᠦ ᠭᠸᠤ ᠶᠢᠨ ᠬᠠᠷᠢᠶ᠎ᠠ ᠣᠷᠣᠨ ᠳᠤ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ  ᠠᠵᠢᠯᠯᠠᠭ᠎ᠠ ᠶᠠᠪᠤᠭᠳᠠᠭᠤᠯᠪᠠ᠃      2021 ᠣᠨ ᠳᠤ᠂ ᠬᠠᠨᠳᠠᠭᠠᠶ ᠶᠢ ᠳᠠᠯᠠᠨ ᠬᠠᠷ᠎ᠠ ᠠᠭᠤᠯᠠ ᠶᠢᠨ ᠬᠠᠮᠠᠭᠠᠯᠠᠯᠲᠠ ᠶᠢᠨ ᠣᠷᠣᠨ ᠳᠤ ᠲᠠᠯᠪᠢᠭᠰᠠᠨ ᠤ ᠳᠠᠷᠠᠭ᠎ᠠ᠂ ᠲᠤᠬᠠᠶ ᠶᠢᠨ ᠭᠠᠵᠠᠷ ᠤᠨ ᠪᠠᠶᠢᠭᠠᠯᠢ ᠶᠢᠨ ᠣᠷᠴᠢᠨ ᠲᠣᠭᠤᠷᠢᠨ ᠳᠤ ᠮᠠᠰᠢ ᠲᠦᠷᠭᠡᠨ ᠢᠶᠠᠷ ᠵᠣᠬᠢᠴᠠᠵᠤ᠂ ᠬᠠᠮᠢᠶᠠᠷᠤᠯᠲᠠ ᠶᠢᠨ ᠠᠵᠢᠯᠲᠠᠨ ᠤ ᠨᠠᠷᠢᠨ ᠨᠢᠮᠪᠠᠶ ᠬᠠᠷᠠᠭᠠᠯᠵᠠᠯ ᠳᠣᠤᠷ᠎ᠠ10 ᠭᠠᠷᠤᠶ ᠬᠠᠨᠳᠠᠭᠠᠶ ᠦᠷᠡᠵᠢᠵᠡᠶ᠃ ᠣᠳᠣᠬᠠᠨ ᠳᠤ ᠬᠠᠨᠳᠠᠭᠠᠶ ᠶᠢᠨ ᠳᠦᠷᠰᠦ ᠶᠢᠨ ᠰᠦᠷᠦᠭ ᠤᠨ ᠣᠷᠣᠰᠢᠨ ᠠᠮᠢᠳᠤᠷᠠᠬᠤ ᠪᠠᠶᠢᠳᠠᠯ ᠮᠠᠰᠢ ᠰᠠᠶᠢᠨ ᠪᠠᠶᠢᠨ᠎ᠠ᠃      ᠠᠵᠢᠯᠯᠠᠭ᠎ᠠ ᠶᠢᠨ ᠲᠤᠬᠠᠶ ᠶᠢᠨ ᠡᠳᠦᠷ᠂ ᠡᠯ᠎ᠡ ᠨᠠᠮ ᠤᠨ ᠡᠭᠦᠷ ᠤᠨ ᠨᠠᠮ ᠤᠨ ᠭᠡᠰᠢᠭᠦᠳ ᠬᠠᠨᠳᠠᠭᠠᠶ ᠶᠢᠨ ᠠᠮᠢᠳᠤᠷᠠᠨ ᠤᠷᠤᠩᠨᠠᠬᠤ ᠪᠠᠶᠢᠳᠠᠯ ᠪᠣᠯᠤᠨ ᠬᠠᠮᠠᠭᠠᠯᠠᠯᠲᠠ ᠶᠢᠨ ᠣᠷᠣᠨ ᠤ ᠣᠶᠢᠷ᠎ᠠ ᠶᠢᠨ ᠵᠢᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠲᠤᠭᠤᠷᠢᠨ ᠦᠵᠡᠪᠡ᠃ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠬᠠᠮᠲᠤᠷᠠᠨ ᠥᠷᠨᠢᠭᠦᠯᠬᠦ ᠪᠠᠷ ᠳᠠᠮᠵᠢᠭᠤᠯᠤᠨ᠂ ᠡᠯ᠎ᠡ ᠨᠠᠮ ᠤᠨ ᠡᠭᠦᠷ ᠤᠨ ᠬᠤᠭᠤᠷᠣᠨᠳᠣᠬᠢ ᠰᠤᠯᠢᠯᠴᠠᠭ᠎ᠠ ᠶᠢ ᠨᠡᠮᠡᠭᠳᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠰᠢ ᠶᠢᠨ ᠫᠢᠩ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠬᠤ ᠤᠬᠠᠮᠰᠠᠷᠲᠤ ᠴᠢᠨᠠᠷ ᠢ ᠳᠡᠭᠡᠭᠰᠢᠯᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠬᠠᠮᠠᠭᠠᠯᠠᠯᠲᠠ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠭᠦᠷᠭᠡ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠵᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠥᠭᠡᠷᠡᠴᠢᠯᠡᠯᠲᠡ ᠶᠢᠨ ᠵᠣᠬᠢᠴᠠᠭᠤᠯᠬᠤ ᠭᠠᠵᠠᠷ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠭᠠᠵᠠᠷ ᠪᠠ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠣᠷᠳᠣᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠵᠠᠷ᠂ ᠲᠤᠰᠬᠠᠶ ᠲᠥᠷᠥᠯ ᠤᠨ ᠲᠤᠬᠠᠶᠢᠯᠠᠭᠰᠠᠨ ᠠᠵᠢᠯ ᠤᠨ ᠵᠢᠯᠣᠭᠤᠳᠬᠤ ᠭᠠᠵᠠᠷ ᠵᠡᠷᠭᠡ 6 ᠨᠠᠮ ᠤᠨ ᠡᠭᠦᠷ᠂ ᠳᠠᠯᠠᠨ ᠬᠠᠷ᠎ᠠ ᠠᠭᠤᠯᠠ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠤᠪᠴᠢᠶ᠎ᠠ ᠶᠢᠨ ᠠᠯᠪᠠᠨ ᠭᠡᠷ ᠤᠨ ᠨᠠᠮ ᠤᠨ ᠡᠭᠦᠷ᠂ ᠨᠠᠮ ᠤᠯᠠᠨ ᠲᠦᠮᠡᠨ ᠤ ᠠᠵᠢᠯ ᠤᠨ ᠭᠠᠵᠠᠷ ᠤᠨ ᠨᠠᠮ ᠤᠨ ᠡᠭᠦᠷ᠂ ᠬᠥᠬᠡᠬᠤᠲᠠ ᠶᠢᠨ ᠬᠤᠪᠢᠶᠠᠷᠢ ᠲᠤᠪᠴᠢᠶ᠎ᠠ ᠶᠢᠨ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠨᠠᠮ ᠤᠨ ᠭᠡᠰᠢᠭᠦᠨ ᠺᠠᠳ᠋ᠷ ᠨᠠᠶᠢᠳᠠ 30 ᠭᠠᠷᠤᠢ ᠬᠥᠮᠦᠨ ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠪᠠ᠃   
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号