ᠣᠶᠢᠷ᠎ᠠ ᠳᠤ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ | ᠪᠠᠶᠢᠴᠠᠭᠠᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ | ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠪᠠ᠃ | ᠡᠨᠡ ᠪᠣᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ | ᠭᠤᠷᠪᠠᠳᠠᠭᠢ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ ᠠᠵᠢᠯ ᠵᠢᠯᠤᠭᠤᠳᠴᠤ ᠪᠠᠶᠢᠭ᠎ᠠ ᠶᠠᠪᠤᠳᠠᠯ | ᠪᠣᠯᠣᠨ᠎ᠠ᠃ | ᠶᠡᠷᠦᠩᠬᠡᠢ ᠱᠦᠵᠢ ᠰᠢ ᠶᠢᠨ ᠫᠢᠩ ᠤᠨ ︽ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠬᠦ ᠬᠡᠷᠡᠭᠲᠡᠢ︾᠂ ︽ | ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ | ᠴᠣᠭᠴᠠᠯᠠᠬᠤ ᠬᠡᠷᠡᠭᠲᠡᠢ︾ ᠭᠡᠬᠦ ᠴᠢᠬᠤᠯᠠ ᠵᠢᠭᠠᠪᠤᠷᠢ ᠨᠢ ᠪᠦᠭᠦ ᠣᠷᠣᠨ ᠤ ᠺᠠᠳ᠋ᠷ ᠤᠯᠠᠨ ᠲᠦᠮᠡᠨ ᠤ ᠳᠤᠮᠳᠠ ᠴᠢᠩᠭ᠎ᠠ | ᠲᠤᠰᠬᠠᠯ ᠭᠠᠷᠴᠠᠢ᠃ ᠤᠯᠠᠨ ᠢᠶᠠᠷ ᠢᠶᠠᠨ᠂ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠵᠣᠷᠢᠭᠲᠠᠢ ᠪᠠᠷ | ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠦᠴᠢᠷ ᠪᠡᠷᠬᠡᠰᠢᠶᠡᠯ ᠠᠴᠠ ᠦᠯᠦ ᠬᠠᠯᠠᠰᠢᠷᠠᠵᠤ᠂ ᠤᠳᠠᠭᠠᠨ | ᠳᠠᠭᠠᠭᠠᠮᠠᠭᠠᠢ ᠵᠢᠳᠬᠦᠨ ᠴᠢᠷᠮᠠᠶᠢᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠴᠦ᠂ ᠡᠬᠡ ᠤᠯᠤᠰ ᠤᠨ ᠤᠮᠠᠷᠠᠲᠤ ᠶᠢᠨ | ᠲᠦᠮᠡᠨ ᠭᠠᠵᠠᠷ ᠤᠨ ᠨᠣᠮᠢᠨ ᠨᠣᠭᠤᠭᠠᠨ ᠬᠠᠯᠬᠠᠪᠴᠢ ᠶᠢ ᠨᠡᠩ ᠪᠠᠲᠤ ᠴᠣᠭᠴᠠᠯᠠᠵᠤ᠂ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠨᠡᠩ ᠶᠡᠭᠡ ᠠᠮᠵᠢᠯᠲᠠ ᠪᠦᠲᠦᠮᠵᠢ ᠭᠠᠷᠭᠠᠨ᠎ᠠ ᠭᠡᠵᠦ ᠰᠠᠨᠠᠯ | ᠨᠢᠭᠡᠲᠡᠢ ᠢᠯᠡᠳᠬᠡᠵᠡᠭᠡᠪᠡ᠃ | ᠣᠮᠣᠭᠰᠢᠨ ᠵᠣᠷᠢᠭᠵᠢᠵᠤ ᠢᠲᠡᠭᠡᠯ ᠵᠣᠷᠢᠭ ᠬᠥᠪᠴᠢᠯᠡᠭᠳᠡᠪᠡ | ᠣᠮᠣᠭᠰᠢᠨ ᠵᠣᠷᠢᠭᠵᠢᠪᠠ — ᠡᠨᠡ ᠪᠣᠯ ᠥᠪᠥᠷ ᠮᠣᠩᠭᠤᠯ ᠤᠨ 2400 ᠭᠠᠷᠤᠢ ᠲᠦᠮᠡᠨ | ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠬᠠᠮᠲᠤ ᠶᠢᠨ ᠲᠥᠷᠥᠭᠳᠡᠯ ᠪᠣᠯᠣᠨ᠎ᠠ᠃ ᠥᠪᠥᠷ ᠮᠣᠩᠭᠤᠯ ᠤᠨ | ᠦᠵᠡᠰᠬᠦᠯᠡᠩᠲᠦ ᠰᠠᠶᠢᠬᠠᠨ ᠥᠷᠭᠡᠨ ᠠᠭᠤᠳᠠᠮ ᠨᠤᠲᠤᠭ ᠳᠡᠪᠢᠰᠬᠡᠷ ᠢ ᠶᠡᠷᠦᠩᠬᠡᠢ ᠱᠦᠵᠢ ᠰᠢ ᠶᠢᠨ ᠫᠢᠩ ᠢᠮᠠᠭᠲᠠ | ᠭᠦᠨ᠎ᠡ ᠬᠠᠯᠠᠮᠵᠢᠯᠠᠭᠰᠠᠭᠠᠷ ᠢᠷᠡᠵᠠᠢ᠃ ᠣᠯᠠᠨ ᠢᠶᠠᠷ ᠢᠶᠠᠨ ᠶᠡᠷᠦᠩᠬᠡᠢ ᠱᠦᠵᠢ ᠶᠢᠨ ᠳᠣᠲᠣᠨᠣ ᠬᠠᠯᠠᠮᠵᠢᠯᠠᠯ ᠢ | ᠡᠷᠡᠮᠡᠬᠡᠶᠢᠯᠡᠨ ᠤᠷᠤᠭᠰᠢᠯᠠᠬᠤ ᠡᠷᠴᠢ ᠬᠦᠴᠦᠨ ᠪᠣᠯᠭᠠᠨ ᠬᠤᠪᠢᠷᠠᠭᠤᠯᠵᠤ᠂ ᠬᠦᠰᠡᠯ ᠨᠠᠶᠢᠳᠠᠯᠭ᠎ᠠ ᠶᠢ ᠦᠯᠦ | ᠬᠥᠰᠡᠷᠳᠡᠭᠦᠯᠦᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠨ᠎ᠡ ᠭᠡᠵᠦ ᠢᠯᠡᠳᠬᠡᠵᠦ ᠪᠠᠶᠢᠯ᠎ᠠ᠃ | 6 ᠰᠠᠷ᠎ᠠ ᠶᠢᠨ 6 ᠤ ᠡᠳᠦᠷ᠂ ᠪᠠᠶᠠᠨᠨᠠᠭᠤᠷ ᠬᠤᠳᠠ ᠶᠢᠨ ᠤᠯᠠᠭᠠᠨᠰᠤᠬᠠᠢ ᠶᠢᠨ ᠬᠠᠮᠢᠶᠠᠷᠤᠯᠲᠠ ᠶᠢᠨ ᠶᠡᠭᠡ | ᠠᠩᠭᠢ ᠶᠢᠨ ᠳᠠᠷᠤᠭ᠎ᠠ ᠯᠢᠦ ᠸᠧᠨ ᠪᠢᠨ᠄ ︽ᠶᠡᠷᠦᠩᠬᠡᠢ ᠱᠦᠵᠢ ᠣᠩᠭᠤᠴᠠᠨ ᠠᠴᠠ ᠪᠠᠭᠤᠬᠤ ᠳᠠᠭᠠᠨ ︿ᠲᠠ | ᠵᠦᠳᠡᠷᠡᠯ᠎ᠡ﹀ ᠭᠡᠵᠦ ᠨᠠᠳᠠᠳᠤ ᠬᠡᠯᠡᠭᠰᠡᠨ᠃ ᠲᠡᠷᠡ ᠦᠶ᠎ᠡ ᠳᠤ ᠮᠢᠨᠤ ᠳᠣᠬᠳᠣᠯᠤᠬᠰᠠᠨ ᠢ ᠬᠡᠯᠡᠬᠦ ᠶᠢᠨ ᠠᠷᠭ᠎ᠠ ᠦᠭᠡᠢ︕ | ᠶᠡᠷᠦᠩᠬᠡᠢ ᠱᠦᠵᠢ ᠮᠢᠨᠤ ᠭᠡᠷ ᠪᠦᠯᠢ ᠶᠢᠨ ᠪᠠᠶᠢᠳᠠᠯ ᠪᠣᠯᠣᠨ ᠠᠵᠢᠯ ᠤᠨ ᠥᠩᠭᠡᠷᠡᠯᠲᠡ ᠶᠢ ᠨᠠᠷᠢᠨ ᠠᠰᠠᠭᠤᠪᠠ᠃ | ᠡᠨᠡ ᠪᠣᠯ ᠪᠢᠳᠡᠨ ᠤ ᠡᠩ ᠤᠨ ᠠᠵᠢᠯᠲᠠᠨ ᠠᠵᠢᠯᠴᠢᠨ ᠳᠤ ᠥᠭᠭᠦᠭᠰᠡᠨ ᠲᠦᠢᠯ ᠤᠨ ᠶᠡᠭᠡ ᠬᠠᠯᠠᠮᠵᠢᠯᠠᠯ ᠪᠠ | ᠵᠣᠷᠢᠭᠵᠢᠭᠤᠯᠤᠯ ᠪᠣᠯᠣᠨ᠎ᠠ︾ ᠭᠡᠵᠦ ᠬᠡᠯᠡᠪᠡ᠃ | ᠤᠯᠠᠭᠠᠨᠰᠤᠬᠠᠢ ᠶᠢᠨ ᠡᠮᠦᠨ᠎ᠡ ᠭᠦᠪᠡᠭᠡ ᠳᠠᠬᠢ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ | ᠬᠦᠷᠢᠶᠡᠯᠡᠩ ᠲᠣᠭᠤᠷᠢᠭ ᠲᠤ᠂ ᠶᠡᠷᠦᠩᠬᠡᠢ ᠱᠦᠵᠢ ᠬᠥᠷᠥᠰᠥ ᠰᠢᠷᠣᠢ᠂ ᠦᠷ᠎ᠡ ᠶᠢᠨ ᠥᠯᠢᠭᠡᠷ ᠶᠠᠩᠵᠤ᠂ ᠪᠤᠭᠤᠳᠠᠢ | ᠪᠠ ᠯᠠᠵᠤᠤ ᠶᠢᠨ ᠤᠷᠭᠤᠴᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠭᠰᠡᠨ ᠪᠥᠭᠡᠳ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠯᠠᠪᠯᠠᠨ ᠠᠰᠠᠭᠤᠪᠠ᠃ ᠡᠨᠡ ᠨᠢ ᠤᠷᠠᠳ ᠤᠨ | ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠭᠢᠯᠡᠭᠴᠢ ᠶᠢ | ᠶᠡᠬᠡᠳᠡ ᠤᠷᠮᠠᠰᠢᠭᠤᠯᠪᠠ᠃ ︽ᠬᠤᠶᠢᠰᠢᠳᠠ ᠪᠢᠳᠡ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ | ᠴᠡᠭᠡᠵᠢᠯᠡᠵᠦ᠂ ᠬᠠᠮᠤᠭ ᠤᠨ ᠰᠢᠨ᠎ᠡ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠥᠷᠭᠡᠨ ᠤᠯᠠᠨ | ᠲᠠᠷᠢᠶᠠᠴᠢᠨ ᠡᠷᠦᠭᠡ ᠳᠤ ᠳᠡᠯᠭᠡᠷᠡᠭᠦᠯᠦᠨ᠎ᠡ︾ ᠭᠡᠵᠦ ᠶᠠᠷᠢᠨ᠎ᠠ᠃ | ᠰᠢᠯᠢᠩᠬᠤᠲᠠ ᠶᠢᠨ ᠪᠤᠯᠠᠭᠠᠨ ᠰᠤᠮᠤ ᠶᠢᠨ 70 ᠨᠠᠰᠤᠲᠠᠢ ᠲᠠᠭᠢᠮᠠ ᠨᠠᠰᠤᠲᠠᠨ ᠲᠧᠯᠸᠢᠰ ᠠᠴᠠ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠰᠣᠨᠢᠨ ᠮᠡᠳᠡᠭᠡ ᠶᠢ ᠦᠵᠡᠭᠡᠳ | ᠰᠡᠳᠬᠢᠯ ᠳᠣᠭᠳᠣᠯᠵᠤ᠄ ︽2014 ᠣᠨ ᠳᠤ ᠶᠡᠷᠦᠩᠬᠡᠢ ᠱᠦᠵᠢ ᠮᠢᠨᠤ ᠬᠢᠭᠰᠡᠨ ᠥᠷᠥᠮ᠎ᠡ ᠶᠢ ᠠᠮᠲᠠᠯᠠᠭᠠᠳ ︿ | ᠮᠠᠰᠢ ᠠᠮᠲᠠᠲᠠᠢ﹀ ᠭᠡᠵᠦ ᠬᠡᠯᠡᠭᠰᠡᠨ ᠠ᠋︾ ᠭᠡᠵᠦ ᠶᠠᠷᠢᠵᠤ ᠪᠠᠶᠢᠯ᠎ᠠ᠃ | 2015 ᠣᠨ ᠳᠤ ᠳᠠᠭᠢᠮᠠ ᠶᠢᠨ ᠬᠢᠨ ᠬᠡᠰᠢᠭᠲᠡᠢ ᠮᠠᠯᠴᠢᠳ ᠤᠨ ᠲᠤᠰᠬᠠᠢ ᠬᠤᠷᠰᠢᠶ᠎ᠠ ᠪᠠᠶᠢᠭᠤᠯᠵᠤ᠂ | ᠮᠠᠯ ᠤᠨ ᠠᠰᠢᠭ ᠰᠢᠮ᠎ᠡ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠤᠯᠠᠮᠵᠢᠯᠠᠯᠲᠤ ᠴᠠᠭᠠᠨ ᠢᠳᠡᠭᠡᠨ ᠤ | ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠪᠠᠷᠢᠮᠲᠠᠯᠠᠪᠠ᠃ ︽ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠶᠡᠷᠦᠩᠬᠡᠢ ᠱᠦᠵᠢ ᠬᠡᠯᠡᠭᠰᠡᠨ ᠶᠤᠮ᠃ | ᠪᠢᠳᠡ ᠥᠪᠡᠷ ᠤᠨ ᠪᠡᠶ᠎ᠡ ᠠᠴᠠ ᠪᠠᠨ ᠡᠬᠢᠯᠡᠨ᠂ ᠵᠢᠵᠢᠭ ᠶᠠᠪᠤᠳᠠᠯ ᠠᠴᠠ ᠭᠠᠷᠲᠠᠨ ᠬᠢᠵᠦ᠂ ᠠᠮᠢ ᠠᠬᠤᠢ ᠣᠷᠴᠢᠨ | ᠲᠣᠭᠤᠷᠢᠨ ᠢ ᠬᠠᠮᠠᠭᠠᠯᠠᠬᠤ ᠤᠬᠠᠭᠤᠯᠤᠭᠴᠢ᠂ ᠠᠬᠢᠭᠤᠯᠤᠭᠴᠢ᠂ ᠦᠢᠯᠡᠳᠦᠯᠭᠡᠵᠢᠭᠦᠯᠦᠭᠴᠢ᠂ ᠬᠢᠨᠠᠯᠲᠠ ᠲᠠᠯᠪᠢᠭᠴᠢ | ᠪᠣᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠶᠠᠷᠢᠵᠤ | ᠪᠠᠶᠢᠯ᠎ᠠ᠃ | 2019 ᠣᠨ ᠳᠤ ᠠᠬᠤᠢ ᠲᠠᠯᠠᠪᠠᠢ ᠳᠤ ᠶᠡᠷᠦᠩᠬᠡᠢ ᠱᠦᠵᠢ ᠶᠢᠨ ᠰᠤᠷᠭᠠᠯ ᠪᠣᠯᠣᠨ ᠬᠦᠰᠡᠯ ᠨᠠᠶᠢᠳᠠᠯᠭ᠎ᠠ ᠶᠢ | ᠰᠣᠨᠣᠰᠴᠤ ᠥᠩᠭᠡᠷᠡᠭᠰᠡᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠤᠭᠰᠠᠭᠠᠲᠠᠨ ᠵᠦᠢ ᠪᠣᠯᠣᠨ ᠨᠡᠶᠢᠭᠡᠮ | ᠵᠦᠢ ᠶᠢᠨ ᠳᠡᠭᠡᠳᠦ ᠰᠤᠷᠭᠠᠭᠤᠯᠢ ᠶᠢᠨ 2021 ᠣᠨ ᠤ ᠠᠰᠫᠢᠷᠠᠨᠲ ᠤᠷᠠᠨ᠎ᠠ ᠰᠣᠨᠢᠨ ᠮᠡᠳᠡᠭᠡᠨ ᠤ ᠳᠠᠮᠵᠢᠭᠤᠯᠬᠤ | ᠨᠡᠪᠲᠡᠷᠡᠭᠦᠯᠭᠡ ᠶᠢ ᠦᠵᠡᠭᠡᠳ ᠲᠤᠩ ᠤᠷᠮᠠᠰᠢᠯᠠ᠃ ︽ᠶᠡᠷᠦᠩᠬᠡᠢ ᠱᠦᠵᠢ ᠥᠪᠥᠷ ᠮᠣᠩᠭᠤᠯ ᠳᠤ ᠳᠠᠬᠢᠨᠲᠠ | ᠰᠢᠨᠵᠢᠯᠡᠨ ᠪᠠᠶᠢᠴᠠᠭᠠᠭᠰᠠᠨ ᠨᠢ ᠨᠠᠳᠠ ᠳᠤ ᠮᠠᠰᠢ ᠶᠡᠭᠡ ᠵᠣᠷᠢᠭᠵᠢᠭᠤᠯᠤᠯ ᠪᠣᠯᠪᠠ᠂ ᠪᠢ ᠶᠡᠷᠦᠩᠬᠡᠢ ᠱᠦᠵᠢ ᠶᠢᠨ ᠴᠢᠩ | ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠦᠨᠳᠦ ᠡᠭᠦᠷᠭᠡ ᠶᠢ ᠡᠭᠦᠷᠭᠡᠯᠡᠵᠦ᠂ ᠪᠦᠯᠬᠦᠮᠳᠡᠨ | ᠲᠡᠮᠡᠴᠡᠵᠦ᠂ ᠵᠠᠯᠠᠭᠤ ᠨᠠᠰᠤᠨ ᠤ ᠬᠦᠰᠡᠯ ᠵᠡᠭᠦᠳᠦ ᠪᠠᠨ ᠤᠮᠠᠷᠠᠲᠤ ᠬᠢᠯᠢ ᠶᠢᠨ ᠬᠥᠭᠵᠢᠯᠲᠡ ᠶᠢᠨ ᠶᠡᠭᠡ ᠤᠷᠤᠰᠬᠠᠯ ᠳᠤ | ᠠᠭᠤᠰᠤᠯᠴᠠᠭᠤᠯᠤᠨ᠎ᠠ︾ ᠭᠡᠵᠦ ᠤᠷᠠᠨ᠎ᠠ ᠶᠠᠷᠢᠨ᠎ᠠ᠃ | ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠭᠠᠵᠠᠷ ᠤᠨ | ᠲᠠᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠭᠰᠠᠨ ᠰᠣᠨᠢᠨ ᠮᠡᠳᠡᠭᠡ ᠶᠢ ᠦᠵᠡᠪᠡ᠃ | ᠤᠯᠠᠨ ᠢᠶᠠᠷ ᠢᠶᠠᠨ ᠮᠠᠰᠢ ᠶᠡᠭᠡ ᠤᠷᠮᠠᠰᠢᠨ ᠵᠣᠷᠢᠭᠵᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ︽ | ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ ᠭᠡᠵᠦ ᠰᠠᠨᠠᠯ ᠨᠢᠭᠡᠲᠡᠢ | ᠢᠯᠡᠳᠬᠡᠪᠡ᠃ | ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠶᠢᠨ ᠳᠡᠳ᠋ ᠳᠠᠷᠤᠭ᠎ᠠ ᠶᠦᠨ ᠯᠢ ᠭᠠᠩ᠄ ︽ᠠᠮᠢ ᠠᠬᠤᠢ | ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠨᠢ ᠣᠷᠴᠢᠨ | ᠠᠬᠤᠢ ᠶᠢ ᠬᠠᠮᠠᠭᠠᠯᠠᠬᠤ ᠭᠤᠣᠯ ᠬᠦᠴᠦᠨ ᠪᠣᠯᠤᠭᠰᠠᠨ ᠤ ᠬᠤᠪᠢ ᠳᠤ᠂ ᠠᠮᠢ ᠠᠬᠤᠢ ᠣᠷᠴᠢᠨ ᠲᠣᠭᠤᠷᠢᠨ ᠤ ᠬᠠᠤᠯᠢ | ᠬᠡᠷᠡᠭᠵᠢᠭᠦᠯᠬᠦ ᠨᠢᠭᠡᠳᠦᠭᠡᠷ ᠹᠷᠣᠨᠲ ᠲᠤ ᠭᠠᠪᠰᠢᠭᠠᠶᠢᠯᠠᠬᠤ ᠬᠡᠷᠡᠭᠲᠡᠢ᠃ ᠪᠢᠳᠡ ᠬᠥᠬᠡᠮᠳᠦᠭ ᠨᠣᠭᠤᠭᠠᠨ ᠠᠭᠤᠯᠠ | ᠤᠰᠤᠨ ᠤ ᠪᠠᠲᠤ ᠴᠢᠩᠭ᠎ᠠ ᠬᠠᠮᠠᠭᠠᠯᠠᠭᠴᠢ ᠶᠢᠨ ᠡᠩᠨᠡᠭᠡ ᠶᠢ ᠪᠠᠶᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠠᠮᠢ ᠠᠬᠤᠢ ᠣᠷᠴᠢᠨ ᠲᠣᠭᠤᠷᠢᠨ ᠤ | ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠡᠬᠡ | ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠨ᠎ᠠ︾ | ᠭᠡᠵᠦ ᠶᠠᠷᠢᠵᠤ ᠪᠠᠶᠢᠯ᠎ᠠ᠃ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠨ᠎ᠠ | ᠶᠡᠷᠦᠩᠬᠡᠢ ᠱᠦᠵᠢ ᠶᠢᠨ ᠪᠠᠶᠠᠨᠨᠠᠭᠤᠷ ᠲᠤ ᠥᠭᠭᠦᠭᠰᠡᠨ ᠰᠢᠷᠢᠰ ᠴᠢᠬᠤᠯᠠ ᠵᠢᠭᠠᠪᠤᠷᠢ ᠨᠢ ᠲᠤᠬᠠᠢ ᠶᠢᠨ | ᠭᠠᠵᠠᠷ ᠤᠨ ᠬᠥᠭᠵᠢᠯᠲᠡ ᠶᠢᠨ ᠠᠯᠢ ᠤᠯᠠᠨ ᠴᠢᠬᠤᠯᠠ ᠶᠡᠭᠡ ᠠᠰᠠᠭᠤᠳᠠᠯ ᠢ ᠰᠢᠰᠲ᠋ᠧᠮ ᠲᠠᠢ ᠲᠣᠳᠣᠷᠬᠠᠶᠢᠯᠠᠨ | ᠥᠭᠦᠯᠡᠪᠡ᠃ ᠤᠯᠠᠨ ᠢᠶᠠᠷ ᠢᠶᠠᠨ᠂ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ | ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ | ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠨ᠎ᠠ ᠭᠡᠵᠦ ᠢᠯᠡᠳᠬᠡᠵᠡᠭᠡᠪᠡ᠃ | ᠥᠩᠭᠡᠷᠡᠭᠰᠡᠨ ᠳᠤ᠂ ᠪᠠᠶᠢᠭᠠᠯᠢ ᠶᠢᠨ ᠨᠥᠬᠦᠪᠦᠷᠢ ᠤᠰᠤᠨ ᠤ ᠬᠡᠮᠵᠢᠶ᠎ᠡ ᠪᠠᠭᠠᠰᠤᠭᠰᠠᠨ᠂ ᠠᠵᠤ ᠦᠢᠯᠡᠳᠪᠦᠷᠢ | ᠲᠠᠷᠢᠶᠠᠯᠠᠩ ᠤᠨ ᠬᠠᠶᠠᠭᠳᠠᠮᠠᠯ ᠤᠰᠤ ᠪᠣᠯᠣᠨ ᠠᠮᠢᠳᠤᠷᠠᠯ ᠤᠨ ᠪᠣᠬᠢᠷ ᠤᠰᠤ ᠶᠢ ᠭᠠᠳᠠᠭᠰᠢᠯᠠᠭᠤᠯᠤᠭᠰᠠᠨ ᠵᠡᠷᠭᠡ | ᠰᠢᠯᠲᠠᠭᠠᠨ ᠠᠴᠠ ᠪᠣᠯᠵᠤ᠂ ᠤᠯᠠᠭᠠᠨᠰᠤᠬᠠᠢ ᠶᠢᠨ ᠠᠮᠢ ᠠᠬᠤᠢ ᠶᠢᠨ ᠴᠢᠳᠠᠮᠵᠢ ᠬᠦᠨᠳᠦ ᠨᠣᠴᠢᠲᠠᠢ ᠮᠠᠭᠤᠳᠠᠵᠤ᠂ ︽ | ᠠᠷᠤ ᠭᠠᠵᠠᠷ ᠤᠨ ᠬᠡᠷᠡᠯᠳᠦ ᠰᠤᠪᠤᠳ︾ ᠥᠩᠭᠡ ᠭᠡᠷᠡᠯ ᠢᠶᠠᠨ ᠠᠯᠳᠠᠨ᠂ ᠠᠮᠢ ᠠᠬᠤᠢ ᠶᠢᠨ ᠵᠠᠰᠠᠯᠲᠠ ᠪᠠᠴᠢᠮ | ᠲᠤᠯᠭᠠᠮ ᠪᠣᠯᠵᠤ᠂ ᠶᠡᠷᠦᠩᠬᠡᠢ ᠱᠦᠵᠢ ᠤᠯᠠᠭᠠᠨᠰᠤᠬᠠᠢ ᠶᠢᠨ ᠵᠠᠰᠠᠯᠲᠠ ᠳᠤ ᠤᠷᠢᠳ ᠬᠤᠵᠢᠳ 7 ᠤᠳᠠᠭ᠎ᠠ ᠴᠢᠬᠤᠯᠠ | ᠵᠢᠭᠠᠪᠤᠷᠢ ᠴᠣᠬᠤᠯᠠᠪᠤᠷᠢ ᠥᠭᠪᠡ᠃ | ᠣᠯᠠᠨ ᠵᠢᠯ ᠤᠨ ᠶᠡᠷᠦᠩᠬᠡᠶᠢᠯᠡᠭᠰᠡᠨ ᠵᠠᠰᠠᠯᠲᠠ ᠪᠠᠷ ᠳᠡᠮᠵᠢᠨ᠂ ︽ᠠᠷᠤ ᠭᠠᠵᠠᠷ ᠤᠨ ᠬᠡᠷᠡᠯᠳᠦ ᠰᠤᠪᠤᠳ︾ ᠤᠨ | ᠥᠩᠭᠡ ᠦᠵᠡᠮᠵᠢ ᠳᠠᠭᠢᠨ ᠰᠡᠷᠭᠦᠪᠡ᠃ ᠤᠯᠠᠭᠠᠨᠰᠤᠬᠠᠢ ᠶᠢᠨ ᠰᠠᠪᠠ ᠭᠠᠵᠠᠷ ᠢ ᠬᠠᠮᠠᠭᠠᠯᠠᠨ ᠰᠡᠷᠭᠦᠭᠡᠵᠦ᠂ | ᠶᠡᠷᠦᠩᠬᠡᠶᠢᠯᠡᠨ ᠵᠠᠰᠠᠬᠤ ᠠᠵᠢᠯ ᠨᠢ ᠲᠣᠰ ᠲᠣᠰ ᠳᠡᠯᠡᠬᠡᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠬᠤᠯᠪᠤᠭ᠎ᠠ ᠶᠢᠨ | ᠳᠤᠮᠳᠠᠳᠤ ᠤᠯᠤᠰ ᠤᠨ ᠠᠷᠪᠠᠨ ᠶᠡᠭᠡ ᠣᠨᠴᠠᠯᠢᠭᠲᠤ ᠠᠮᠢ ᠠᠬᠤᠢ ᠶᠢ ᠵᠠᠰᠠᠨ ᠰᠡᠷᠭᠦᠭᠡᠭᠰᠡᠨ ᠨᠡᠶᠢᠲᠡᠯᠢᠭ ᠬᠡᠷᠡᠭ ᠤᠨ | ᠵᠢᠱᠢᠶ᠎ᠡ ᠪᠠ ᠳᠤᠮᠳᠠᠳᠤ ᠤᠯᠤᠰ ᠤᠨ ᠥᠭᠡᠷᠡᠴᠢᠯᠡᠯᠲᠡ ᠶᠢᠨ 2021 ᠣᠨ ᠤ ᠬᠡᠷᠡᠭ ᠤᠨ ᠵᠢᠱᠢᠶ᠎ᠡ ᠳᠤ | ᠰᠣᠩᠭᠤᠭᠳᠠᠪᠠ᠃ | 6 ᠰᠠᠷ᠎ᠠ ᠶᠢᠨ 6 ᠤ ᠦᠳᠡ ᠶᠢᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠯᠢᠨ ᠾᠧ ᠲᠣᠭᠤᠷᠢᠭ ᠤᠨ | ᠤᠯᠤᠰ ᠤᠨ ᠡᠵᠡᠩᠨᠡᠯᠲᠡ ᠶᠢᠨ ᠰᠢᠨ ᠬᠤᠸᠠ ᠤᠢ ᠰᠢᠭᠤᠢ ᠶᠢᠨ ᠲᠠᠯᠠᠪᠠᠢ ᠳᠤ ᠰᠢᠨᠵᠢᠯᠡᠨ ᠪᠠᠶᠢᠴᠠᠭᠠᠬᠤ ᠳᠤ᠂ ᠤᠢ | ᠰᠢᠭᠤᠢ ᠶᠢᠨ ᠲᠠᠯᠠᠪᠠᠢ ᠶᠢᠨ ᠠᠵᠢᠯᠲᠠᠨ ᠵᠦᠩ ᠹᠠᠩ ᠱᠤᠸᠠᠢ ᠲᠦᠢᠯ ᠢᠶᠠᠷ ᠰᠡᠳᠬᠢᠯ ᠳᠣᠭᠳᠣᠯᠵᠤ᠄ ︽ᠡᠨᠡ ᠬᠦ ᠤᠢ | ᠰᠢᠭᠤᠢ ᠳᠤ ᠭᠤᠷᠪᠠᠨ ᠦᠶ᠎ᠡ ᠶᠢᠨ ᠬᠥᠮᠥᠰ ᠤᠨ ᠬᠦᠴᠦ ᠬᠥᠯᠥᠰᠦ ᠰᠢᠩᠭᠡᠵᠦ ᠪᠤᠢ᠂ ᠬᠡᠳᠦ᠋ᠢᠪᠡᠷ ᠠᠵᠢᠯ ᠨᠢ | ᠶᠠᠳᠠᠷᠠᠯᠲᠠᠢ ᠪᠤᠯᠪᠠᠴᠤ᠂ ᠡᠳᠦᠷ ᠠᠴᠠ ᠡᠳᠦᠷ ᠪᠦᠳᠦᠭᠦᠷᠡᠬᠦ ᠮᠣᠳᠣ ᠨᠢ ᠨᠠᠳᠠ ᠮᠠᠰᠢ ᠶᠡᠭᠡ ᠪᠠᠭ᠋ᠠᠷᠬᠠᠯ | ᠲᠥᠷᠥᠭᠳᠡᠭᠦᠯᠦᠨ᠎ᠡ᠃ ᠬᠤᠵᠢᠮ ᠪᠢ ᠯᠠᠪ ᠴᠢᠷᠮᠠᠶᠢᠨ ᠠᠵᠢᠯᠯᠠᠵᠤ᠂ ᠠᠬᠠᠮᠠᠳ ᠦᠶ᠎ᠡ ᠶᠢᠨ ᠬᠢᠨ ᠤ ᠦᠢᠯᠡᠰ ᠢ | ᠤᠯᠠᠮᠵᠢᠯᠠᠨ ᠵᠠᠯᠭᠠᠮᠵᠢᠯᠠᠵᠤ ᠨᠠᠰᠤᠨ ᠲᠤᠷᠰᠢᠲᠠ ᠲᠡᠮᠡᠴᠡᠨ᠎ᠡ︾ ᠭᠡᠵᠦ ᠶᠠᠷᠢᠨ᠎ᠠ᠃ | ᠤᠯᠤᠰ ᠤᠨ ᠡᠵᠡᠩᠨᠡᠯᠲᠡ ᠶᠢᠨ ᠰᠢᠨ ᠬᠤᠸᠠ ᠤᠢ ᠰᠢᠭᠤᠢ ᠶᠢᠨ ᠲᠠᠯᠠᠪᠠᠢ ᠨᠢ ︽ᠤᠮᠠᠷᠠᠲᠤ ᠶᠢᠨ ᠭᠤᠷᠪᠠᠨ | ᠣᠷᠣᠨ︾ ᠤ ᠬᠠᠯᠬᠠᠪᠴᠢ ᠣᠶ ᠶᠢᠨ ᠰᠢᠰᠲ᠋ᠧᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠪᠣᠯᠤᠭᠰᠠᠨ ᠤ ᠬᠤᠪᠢ ᠳᠤ᠂ ᠶᠡᠭᠡ ᠬᠡᠮᠵᠢᠶᠡᠨ ᠤ ᠭᠠᠵᠠᠷ ᠰᠢᠷᠣᠢ ᠴᠦᠯᠯᠡᠷᠭᠡᠭᠵᠢᠭᠦ ᠠᠰᠠᠭᠤᠳᠠᠯ ᠢ | ᠰᠢᠢᠳᠪᠦᠷᠢᠯᠡᠵᠦ᠂ 1978 ᠣᠨ ᠠᠴᠠ ᠣᠲᠣ ᠪᠤᠯᠲᠠᠯ᠎ᠠ ᠨᠡᠶᠢᠲᠡ 3.9 ᠲᠦᠮᠡᠨ ᠮᠦ ᠭᠠᠵᠠᠷ ᠰᠢᠷᠣᠢ ᠶᠢ | ᠣᠶᠢᠵᠢᠭᠤᠯᠪᠠ᠃ | ᠤᠯᠠᠭᠠᠨᠴᠠᠪ ᠬᠤᠲᠠ ᠣᠲᠣ ᠪᠤᠯᠲᠠᠯ᠎ᠠ ᠣᠶ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 219.1 ᠲᠦᠮᠡᠨ ᠮᠦ ᠪᠡᠶᠡᠯᠡᠭᠦᠯᠪᠡ︔ ᠨᠤᠲᠤᠭ ᠪᠡᠯᠴᠢᠭᠡᠷ ᠤᠨ ᠠᠮᠢ | ᠠᠬᠤᠢ ᠶᠢ ᠵᠠᠰᠠᠨ ᠰᠡᠷᠭᠦᠭᠡᠬᠦ᠂ ᠬᠥᠮᠥᠨ ᠤ ᠬᠦᠴᠦ ᠪᠠᠷ ᠡᠪᠡᠰᠦ ᠳᠠᠷᠢᠬᠤ ᠵᠢᠴᠢ ᠨᠤᠲᠤᠭ ᠪᠡᠯᠴᠢᠭᠡᠷ ᠢ | ᠰᠠᠶᠢᠵᠢᠷᠠᠭᠤᠯᠬᠤ ᠶᠢ 128.26 ᠲᠦᠮᠡᠨ ᠮᠦ ᠪᠡᠶᠡᠯᠡᠭᠦᠯᠪᠡ᠃ | ᠪᠦᠭᠦ ᠣᠷᠣᠨ ᠤ ᠴᠣᠷ ᠤᠨ ᠭᠠᠭᠴᠠ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠵᠢᠱᠢᠶ᠎ᠡ ᠦᠵᠡᠭᠦᠯᠭᠦ ᠠᠶᠢᠮᠠᠭ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ | ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠵᠡᠷᠭᠡ ᠬᠤᠶᠠᠷ ᠵᠦᠢᠯ ᠤᠨ ᠢᠷᠠᠭᠤ ᠠᠯᠳᠠᠷ ᠢ | ᠭᠥᠷᠳᠡᠭᠰᠡᠨ ᠠᠶᠢᠮᠠᠭ ᠬᠤᠲᠠ ᠪᠣᠯᠤᠭᠰᠠᠨ ᠤ ᠬᠤᠪᠢ ᠳᠤ᠂ ᠣᠳᠣᠬᠠᠨ ᠳᠤ ᠬᠢᠩᠭᠠᠨ ᠠᠶᠢᠮᠠᠭ ᠤᠨ ᠣᠶ ᠰᠢᠭᠤᠢ ᠶᠢᠨ | ᠪᠦᠷᠬᠦᠴᠡ ᠶᠢᠨ ᠨᠣᠷᠮ᠎ᠠ ᠪᠠ ᠪᠠᠶᠢᠭᠠᠯᠢᠯᠢᠭ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ | ᠨᠤᠷᠮ᠎ᠠ ᠨᠢ ᠲᠣᠰ ᠲᠣᠰ 33.44% ᠪᠠ 74.14% ᠳᠤ ᠬᠦᠷᠴᠦ᠂ ᠪᠦᠭᠦ ᠣᠷᠣᠨ ᠤ ᠬᠡᠮᠵᠢᠶ᠎ᠡ ᠠᠴᠠ ᠲᠤᠰ | ᠲᠤᠰ ᠵᠠᠭᠤᠨ ᠤ ᠬᠠᠷᠢᠴᠠᠯ ᠢᠶᠠᠷ 10 ᠬᠤᠪᠢ ᠪᠠ 30 ᠬᠤᠪᠢ ᠥᠨᠳᠥᠷ ᠪᠣᠯᠪᠠ᠃ | ᠣᠶᠢᠷ᠎ᠠ ᠶᠢᠨ ᠵᠢᠯ ᠤᠨ ᠲᠤᠷᠰᠢ᠂ ᠠᠯᠠᠱᠠ ᠠᠶᠢᠮᠠᠭ ᠨᠢᠰᠬᠡᠯ ᠢᠶᠠᠷ ᠣᠶᠢᠵᠢᠭᠤᠯᠵᠤ ᠡᠪᠡᠰᠦ ᠳᠠᠷᠢᠬᠤ᠂ | ᠪᠢᠲᠡᠭᠦᠮᠵᠢᠯᠡᠨ ᠬᠦᠷᠢᠶᠡᠯᠡᠵᠦ ᠪᠤᠶᠢᠵᠢᠭᠤᠯᠬᠤ᠂ ᠬᠥᠮᠥᠨ ᠤ ᠬᠦᠴᠦ ᠪᠠᠷ ᠣᠶᠢᠵᠢᠭᠤᠯᠵᠤ ᠡᠪᠡᠰᠦ ᠳᠠᠷᠢᠬᠤ ︽ | ᠭᠤᠷᠪᠠ ᠶᠢ ᠨᠢᠭᠡ ᠴᠣᠭᠴᠠᠵᠢᠭᠤᠯᠬᠤ︾ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠮᠢ ᠠᠬᠤᠢ ᠶᠢᠨ | ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ︽ | ᠡᠯᠡᠰᠦ ᠤᠷᠤᠭᠰᠢᠯᠠᠵᠤ ᠬᠥᠮᠥᠨ ᠤᠬᠤᠷᠢᠬᠤ︾ ᠠᠴᠠ ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ | ᠤᠬᠤᠷᠢᠭᠰᠠᠨ︾ ᠬᠤᠪᠢᠷᠠᠯᠲᠠ ᠶᠢ ᠪᠡᠶᠡᠯᠡᠭᠦᠯᠪᠡ᠃ | ︽2022 ᠣᠨ ᠤ ᠡᠴᠦᠰ ᠪᠤᠯᠲᠠᠯ᠎ᠠ᠂ ᠠᠯᠠᠱᠠ ᠠᠶᠢᠮᠠᠭ ᠴᠦᠯᠯᠡᠷᠭᠡᠭᠵᠢᠭᠰᠡᠨ ᠭᠠᠵᠠᠷ ᠰᠢᠷᠣᠢ ᠶᠢ ᠨᠡᠶᠢᠲᠡ | 9100 ᠭᠠᠷᠤᠢ ᠲᠦᠮᠡᠨ ᠮᠦ ᠶᠡᠷᠦᠩᠬᠡᠶᠢᠯᠡᠨ ᠵᠠᠰᠠᠵᠤ᠂ ᠪᠦᠭᠦ ᠠᠶᠢᠮᠠᠭ ᠤᠨ ᠨᠤᠲᠤᠭ ᠪᠡᠯᠴᠢᠭᠡᠷ ᠪᠠ ᠣᠶ | ᠰᠢᠭᠤᠢ ᠶᠢᠨ ᠡᠬᠢ ᠪᠠᠶᠠᠯᠢᠭ ᠤᠨ ᠶᠡᠷᠦᠩᠬᠡᠢ ᠲᠠᠯᠠᠪᠠᠶ ᠲᠣᠰ ᠲᠣᠰ 13251.97 ᠲᠦᠮᠡᠨ ᠮᠦ ᠪᠠ 3001 | ᠲᠦᠮᠡᠨ ᠮᠦ ᠳᠤ ᠬᠦᠷᠴᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠠᠶᠢᠮᠠᠭ ᠪᠠᠶᠢᠭᠤᠯᠤᠭᠳᠠᠭᠰᠠᠨ ᠡᠬᠢᠨ ᠤ | ᠦᠶ᠎ᠡ ᠶᠢᠨ 2.96% ᠪᠠᠶᠢᠭᠰᠠᠨ ᠠᠴᠠ ᠪᠠᠨ 8.37% ᠪᠣᠯᠣᠨ ᠨᠡᠮᠡᠭᠳᠡᠵᠦ᠂ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢᠨ ᠪᠦᠷᠬᠦᠴᠡ 15% ᠬᠦᠷᠬᠦ ᠦᠭᠡᠢ ᠪᠠᠶᠢᠭᠰᠠᠨ ᠠᠴᠠ ᠪᠠᠨ 23.18% ᠳᠤ | ᠬᠦᠷᠴᠡᠢ᠃ ᠠᠮᠢ ᠠᠬᠤᠢ ᠣᠷᠴᠢᠨ ᠲᠣᠭᠤᠷᠢᠨ ᠮᠠᠭᠤᠳᠠᠬᠤ ᠬᠠᠨᠳᠤᠰᠢ ᠶᠢ ᠪᠦᠬᠦᠯᠢ ᠴᠣᠭᠴᠠ ᠪᠠᠷ ᠨᠢ ᠬᠤᠷᠢᠭᠯᠠᠵᠤ᠂ | ᠭᠤᠣᠯᠳᠠᠯᠭ᠎ᠠ ᠲᠠᠢ ᠵᠠᠰᠠᠭᠰᠠᠨ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢᠯᠡᠳᠲᠡ ᠰᠠᠶᠢᠵᠢᠷᠠᠪᠠ︾ | ᠭᠡᠵᠦ ᠠᠯᠠᠱᠠ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠯᠡᠰᠦ ᠶᠢ ᠵᠠᠰᠠᠵᠤ | ᠣᠶᠢᠵᠢᠭᠤᠯᠬᠤ ᠰᠠᠯᠠᠭᠠᠨ ᠤ ᠳᠠᠷᠤᠭ᠎ᠠ ᠬᠠᠢ ᠯᠢᠶᠠᠨ ᠬᠡᠯᠡᠪᠡ᠃ | ᠪᠦᠭᠦ ᠤᠯᠤᠰ ᠤᠨ ᠬᠠᠮᠤᠭ ᠤᠨ ᠶᠡᠭᠡ ᠡᠯᠡᠰᠦᠨ ᠴᠥᠯ ᠤᠨ ᠲᠥᠪᠯᠡᠷᠡᠩᠭᠦᠢ ᠮᠠᠶ᠋ᠢᠭ ᠤᠨ ᠭᠡᠷᠡᠯᠴᠢ ᠴᠡᠨᠡᠭ ᠢᠶᠠᠷ | ᠴᠠᠭᠢᠯᠭᠠᠨ ᠭᠠᠷᠭᠠᠬᠤ ᠰᠠᠭᠤᠷᠢᠨ ᠪᠠ ᠳᠡᠯᠡᠬᠡᠢ ᠶᠢᠨ ᠬᠠᠮᠤᠭ ᠤᠨ ᠶᠡᠭᠡ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ | ᠲᠥᠷᠥᠯ ᠵᠦᠢᠯ ᠤᠨ ᠪᠠᠶᠢᠭ᠎ᠠ ᠭᠠᠵᠠᠷ — ᠣᠷᠳᠣᠰ ᠬᠤᠲᠠ ᠶᠢᠨ ᠳᠠᠯᠠᠳ ᠭᠡᠷᠡᠯᠴᠢ ᠴᠡᠨᠡᠭ ᠤᠨ ᠰᠠᠭᠤᠷᠢᠨ ᠳᠤ᠂ | ︽ᠰᠢᠷᠭᠠᠯ ᠡᠯᠡᠰᠦ᠂ ᠬᠥᠬᠡᠮᠳᠦᠭ ᠳᠠᠯᠠᠢ᠂ ᠨᠣᠭᠤᠭᠠᠨ ᠪᠦᠷᠢᠳᠦ︾ ᠶᠢᠨ ᠡᠲᠡᠭᠡᠳ ᠦᠵᠡᠮᠵᠢ ᠪᠦᠷᠢᠳᠴᠦ᠂ ᠠᠮᠢ | ᠠᠬᠤᠢ ᠶᠢᠨ ᠵᠠᠰᠠᠯᠲᠠ ᠶᠢᠨ ᠦᠷ᠎ᠡ ᠪᠦᠲᠦᠮᠵᠢ ᠨᠢ ᠢᠯᠡᠳᠲᠡ ᠪᠠᠶᠢᠯ᠎ᠠ᠃ ᠡᠨᠡ ᠪᠣᠯ ᠳᠠᠷᠤᠢ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠣᠷᠳᠣᠰ ᠤᠨ ᠪᠣᠳᠠᠲᠠᠢ | ᠦᠢᠯᠡᠳᠦᠯᠭᠡ ᠪᠣᠯᠣᠨ᠎ᠠ᠃ | 2017 ᠣᠨ ᠳᠤ᠂ ᠣᠷᠳᠣᠰ ᠬᠤᠲᠠ ᠰᠢᠨ᠎ᠡ ᠡᠨᠧᠷᠭᠢ ᠶᠢᠨ ᠬᠥᠭᠵᠢᠯᠲᠡ ᠪᠠ ᠴᠦᠯᠯᠡᠷᠭᠡᠭᠵᠢᠯ ᠢ | ᠵᠠᠰᠠᠬᠤ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠴᠢ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠪᠠᠶᠢᠯᠳᠤᠬᠤ | ᠪᠣᠳᠣᠯᠭ᠎ᠠ ᠶᠢᠨ ᠠᠷᠭ᠎ᠠ ᠬᠡᠮᠵᠢᠶ᠎ᠡ ᠪᠤᠯᠭᠠᠵᠤ᠂ ᠬᠥᠪᠴᠢ ᠶᠢᠨ ᠡᠯᠡᠰᠦ ᠶᠢᠨ ᠡᠯᠪᠡᠭ ᠪᠠᠶᠠᠯᠢᠭ ᠨᠡᠷᠡᠨ ᠤ ᠡᠨᠧᠷᠭᠢ ᠶᠢᠨ | ᠡᠬᠢ ᠪᠠᠶᠠᠯᠢᠭ᠂ ᠥᠷᠭᠡᠨ ᠠᠭᠤᠳᠠᠮ ᠭᠠᠵᠠᠷ ᠰᠢᠷᠣᠢ ᠶᠢᠨ ᠡᠬᠢ ᠪᠠᠶᠠᠯᠢᠭ ᠲᠤ ᠲᠦᠰᠢᠭᠯᠡᠨ᠂ ︽ᠭᠡᠷᠡᠯᠴᠢ | ᠴᠡᠨᠡᠭ ᠢᠶᠠᠷ ᠡᠯᠡᠰᠦ ᠶᠢ ᠵᠠᠰᠠᠬᠤ︾ ᠰᠢᠨ᠎ᠡ ᠵᠠᠭᠪᠤᠷ ᠢ ᠰᠦᠪᠡᠭᠴᠢᠯᠡᠵᠦ᠂ ᠳᠠᠯᠠᠳ ᠭᠡᠷᠡᠯᠴᠢ ᠴᠡᠨᠡᠭ ᠤᠨ ᠰᠠᠭᠤᠷᠢᠨ | ᠡᠶᠢᠨ ᠬᠦ ᠪᠠᠶᠢᠭᠤᠯᠤᠭᠳᠠᠪᠠ᠃ | ᠨᠢᠮᠪᠠᠢ ᠰᠤᠷᠤᠯᠴᠠᠨ ᠴᠢᠷᠮᠠᠶᠢᠨ ᠭᠦᠢᠴᠡᠳᠬᠡᠵᠦ ᠢᠳᠡᠷᠡᠭᠦᠨ ᠠᠯᠬᠤᠭ᠎ᠠ ᠪᠠᠷ ᠤᠷᠤᠭᠰᠢᠯᠠᠨ᠎ᠠ | ᠤᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠢ | ᠤᠷᠤᠭᠰᠢᠯᠠᠵᠤ᠂ ᠶᠡᠷᠦᠩᠬᠡᠢ ᠱᠦᠵᠢ ᠶᠢᠨ ᠵᠢᠷᠤᠭᠯᠠᠭᠰᠠᠨ ᠠᠤᠭ᠎ᠠ ᠲᠥᠰᠥᠪ ᠢ ᠪᠣᠳᠠᠲᠤ ᠠᠬᠤᠢ ᠪᠣᠯᠭᠠᠨ | ᠬᠤᠪᠢᠷᠠᠭᠤᠯᠵᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠡᠷᠡᠯᠬᠡᠭᠯᠡᠨ ᠤᠷᠤᠭᠰᠢᠯᠠᠨ᠎ᠠ ᠭᠡᠵᠦ ᠢᠯᠡᠳᠬᠡᠵᠡᠭᠡᠪᠡ᠃ | | ︽ᠶᠡᠷᠦᠩᠬᠡᠢ ᠱᠦᠵᠢ ᠡᠯᠡᠰᠦᠨ ᠴᠠᠷ᠎ᠠ᠂ ᠳᠡᠯᠭᠡᠴᠡ ᠲᠠᠢ ᠤᠶᠠᠯᠳᠤᠭᠤᠯᠤᠨ᠂ ᠤᠰᠤᠨ ᠤ ᠬᠡᠮᠵᠢᠶ᠎ᠡ ᠶᠢᠨ | ᠮᠡᠳᠡᠭᠡ ᠵᠠᠩᠭᠢᠵᠢᠯᠲᠠ ᠶᠢ ᠬᠢᠨᠠᠨ ᠬᠡᠮᠵᠢᠬᠦ ᠠᠷᠭ᠎ᠠ ᠪᠠᠷᠢᠯ ᠢ ᠣᠶᠢᠯᠠᠭᠠᠭᠰᠠᠨ ᠤ ᠳᠠᠷᠠᠭ᠎ᠠ ᠳᠤᠷᠠᠳᠤᠭᠰᠠᠨ ᠵᠢᠭᠠᠪᠤᠷᠢ | ᠴᠣᠬᠤᠯᠠᠪᠤᠷᠢ ᠨᠢ ᠪᠢᠳᠡᠨ ᠤ ᠬᠤᠶᠢᠰᠢᠳᠠ ᠶᠢᠨ ᠠᠵᠢᠯ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ 6 | ᠰᠠᠷ᠎ᠠ ᠶᠢᠨ 6 ᠤ ᠦᠳᠡ ᠶᠢᠨ ᠡᠮᠦᠨ᠎ᠡ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ | ᠮᠡᠳᠡᠭᠡ ᠵᠠᠩᠭᠢᠵᠢᠯᠲᠠ ᠶᠢᠨ ᠬᠢᠨᠠᠨ ᠬᠡᠮᠵᠢᠬᠦ ᠲᠥᠪ ᠲᠤ᠂ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ | ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ | ᠳᠡᠳ᠋ ᠱᠦᠵᠢ᠂ ᠡᠷᠭᠢᠯᠡᠭᠴᠢ ᠵᠠᠩ ᠭᠤᠸᠠᠩ ᠮᠢᠩ ᠶᠡᠷᠦᠩᠬᠡᠢ ᠱᠦᠵᠢ ᠰᠢ ᠶᠢᠨ ᠫᠢᠩ ᠤᠨ ᠬᠦᠷᠴᠦ ᠢᠷᠡᠭᠰᠡᠨ ᠳᠤ | ᠲᠦᠢᠯ ᠢᠶᠠᠷ ᠰᠡᠳᠬᠢᠯ ᠳᠣᠭᠳᠣᠯᠵᠤ᠂ ︽ᠪᠢᠳᠡ ᠦᠷᠭᠦᠯᠵᠢᠯᠡᠨ ︿ᠤᠰᠤ ᠶᠢ ᠤᠷᠢᠳ ᠢᠶᠠᠷ ᠠᠷᠪᠢᠯᠠᠬᠤ᠂ ᠣᠷᠣᠨ | ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ﹀ ᠱᠠᠭᠠᠷᠳᠠᠯᠭ᠎ᠠ | ᠶᠣᠰᠣᠭᠠᠷ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ | ᠲᠦᠪᠰᠢᠨ ᠢ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠢ ᠪᠣᠬᠢᠷᠳᠤᠯ ᠦᠭᠡᠢ ᠥᠨᠳᠥᠷ ᠪᠦᠲᠦᠮᠵᠢᠲᠡᠶ | ᠠᠰᠢᠭᠯᠠᠬᠤ ᠶᠢ ᠠᠬᠢᠭᠤᠯᠤᠨ᠎ᠠ︾ ᠭᠡᠪᠡ᠃ | ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠲᠠᠷᠢᠶᠠᠯᠠᠩ ᠤᠨ ᠤᠰᠤᠨ ᠤ ᠡᠬᠢ ᠪᠠᠶᠠᠯᠢᠭ ᠢ ᠠᠷᠪᠢᠲᠠᠢ | ᠡᠷᠴᠢᠮᠯᠢᠭ ᠠᠰᠢᠭᠯᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠲᠣᠭᠲᠠᠭᠤᠨ ᠢᠶᠠᠷ ᠡᠭᠦᠷᠭᠡᠯᠡᠬᠦ ᠶᠢᠨ ᠬᠠᠮᠲᠤ᠂ ︽ | ᠤᠰᠤᠨ ᠤ ᠬᠡᠮᠵᠢᠶ᠎ᠡ ᠪᠠᠷ ᠬᠢᠵᠦ᠂ ᠤᠰᠤᠨ ᠤ ᠬᠡᠮᠵᠢᠶ᠎ᠡ ᠪᠠᠷ ᠠᠮᠤ ᠪᠤᠳᠠᠭ᠎ᠠ ᠶᠢ ᠲᠣᠭᠲᠠᠭᠠᠬᠤ︾ ᠶᠢ ᠢᠮᠠᠭᠲᠠ | ᠪᠠᠷᠢᠮᠲᠠᠯᠠᠨ᠂ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠢ ᠶᠡᠭᠡ ᠪᠠᠷ ᠬᠥᠭᠵᠢᠭᠦᠯᠵᠦ᠂ ᠲᠠᠷᠢᠶᠠᠨ | ᠭᠠᠵᠠᠷ ᠤᠨ ᠤᠰᠤᠨ ᠤ ᠡᠬᠢ ᠰᠤᠷᠪᠤᠯᠵᠢ ᠶᠢ ᠪᠠᠲᠤᠯᠠᠬᠤ ᠨᠥᠬᠦᠴᠡᠯ ᠢ ᠰᠠᠶᠢᠵᠢᠷᠠᠭᠤᠯᠤᠨ᠂ ᠲᠠᠷᠢᠶᠠᠨ ᠭᠠᠵᠠᠷ ᠤᠨ | ᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠶᠢ ᠲᠥᠭᠦᠷᠵᠢᠭᠦᠯᠵᠦ᠂ ᠲᠠᠷᠢᠶᠠᠯᠠᠩ ᠤᠨ ᠮᠡᠷᠭᠡᠵᠢᠯ ᠤᠨ ᠤᠰᠤ | ᠠᠷᠪᠢᠯᠠᠬᠤ ᠤᠰᠤᠯᠠᠯᠲᠠ ᠶᠢᠨ ᠵᠠᠭᠪᠤᠷ ᠢ ᠳᠡᠯᠭᠡᠷᠡᠭᠦᠯᠪᠡ᠃ | ᠲᠦᠩᠯᠢᠶᠣᠣ ᠬᠤᠲᠠ ᠣᠶᠢᠷ᠎ᠠ ᠶᠢᠨ ᠵᠢᠯ ᠳᠤ ᠭᠦᠢᠬᠡᠨ ᠪᠤᠯᠠᠵᠤ ᠳᠤᠰᠤᠯᠠᠭᠠᠨ ᠤᠰᠤᠯᠠᠬᠤ ᠪᠠᠷ ᠭᠤᠣᠯ | ᠪᠤᠯᠭᠠᠬᠰᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠨ ᠭᠠᠵᠠᠷ ᠢ 607 ᠲᠦᠮᠡᠨ ᠮᠦ ᠪᠠᠶᠢᠭᠤᠯᠵᠤ᠂ | ᠡᠷᠳᠡᠨᠢ ᠰᠢᠰᠢ ᠶᠢ ᠨᠠᠷᠢᠨ ᠣᠨᠣᠪᠴᠢᠲᠠᠶ ᠪᠠᠷ ᠳᠠᠷᠢᠬᠤ ᠪᠠ ᠥᠨᠳᠥᠷ ᠤᠨᠠᠯᠲᠠ ᠶᠢ ᠲᠣᠬᠢᠷᠠᠭᠤᠯᠤᠨ ᠡᠵᠡᠮᠳᠡᠬᠦ | ᠮᠡᠷᠭᠡᠵᠢᠯ ᠤᠨ ᠵᠠᠭᠪᠤᠷ ᠢ ᠶᠡᠭᠡ ᠪᠠᠷ ᠳᠡᠯᠭᠡᠷᠡᠭᠦᠯᠵᠦ᠂ ᠤᠰᠤ ᠠᠷᠪᠢᠯᠠᠵᠤ ᠠᠮᠤ ᠪᠤᠳᠠᠭ᠎ᠠ ᠶᠢ ᠨᠡᠮᠡᠭᠳᠡᠭᠦᠯᠬᠦ ᠬᠤᠣᠰ | ᠠᠮᠵᠢᠯᠲᠠ ᠶᠢ ᠪᠡᠶᠡᠯᠡᠭᠦᠯᠪᠡ᠃ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ | ᠲᠠᠷᠢᠮᠠᠯ ᠤᠨ ᠦᠢᠯᠡᠰ ᠤᠨ ᠰᠠᠯᠠᠭᠠᠨ ᠤ ᠳᠠᠷᠤᠭ᠎ᠠ ᠶᠢᠨ ᠹᠧᠩ ᠵᠧᠨ ᠢᠯᠡᠷᠬᠡᠶᠢᠯᠡᠬᠦ ᠳᠡᠭᠡᠨ᠂ ᠲᠠᠷᠠᠭᠠᠴᠢ ᠪᠠᠷ᠂ | ᠮᠢᠩᠭᠠᠨ ᠲᠦᠮᠡᠨ ᠮᠦ ᠡᠷᠳᠡᠨᠢ ᠰᠢᠰᠢ ᠳᠠᠷᠢᠬᠤ ᠭᠤᠣᠯ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ | ᠲᠦᠩᠯᠢᠶᠣᠣ ᠶᠢᠨ ᠮᠠᠯ ᠠᠵᠤ ᠠᠬᠤᠢ ᠲᠠᠷᠢᠶᠠᠯᠠᠩ ᠤᠨ ᠲᠣᠮᠣ ᠬᠤᠲᠠ ᠠᠴᠠ ᠮᠠᠯ ᠠᠵᠤ ᠠᠬᠤᠢ ᠲᠠᠷᠢᠶᠠᠯᠠᠩ ᠤᠨ | ᠬᠦᠴᠦᠷᠬᠡᠭ ᠬᠤᠲᠠ ᠲᠡᠶᠢᠰᠢ ᠰᠢᠯᠵᠢᠭᠦ ᠶᠢ ᠲᠦᠷᠭᠡᠳᠬᠡᠨ ᠠᠬᠢᠭᠤᠯᠤᠨ᠎ᠠ ᠭᠡᠵᠡᠢ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ | ᠡᠷᠭᠢᠯᠡᠭᠴᠢ ᠬᠤ᠋ ᠶᠢᠦ ᠯᠢᠨ᠄ ︽ᠪᠢᠳᠡ ᠵᠣᠷᠢᠭᠲᠠᠢ ᠪᠠᠷ ᠰᠢᠨ᠎ᠡ ᠶᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠤᠨ᠎ᠠ᠃ ᠲᠠᠷᠠᠭᠠᠴᠢ ᠪᠠᠷ᠂ ᠪᠢᠳᠡ ︿ᠪᠠᠷᠢᠯᠭ᠎ᠠ ᠶᠢᠨ ᠤᠰᠤ ᠠᠷᠪᠢᠯᠠᠬᠤ᠂ ᠲᠠᠷᠢᠶᠠᠯᠠᠩ ᠤᠨ | ᠮᠡᠷᠭᠡᠵᠢᠯ ᠤᠨ ᠤᠰᠤ ᠠᠷᠪᠢᠯᠠᠬᠤ ᠶᠢ ᠰᠢᠯᠢᠳᠡᠭᠵᠢᠭᠦᠯᠬᠦ᠂ ᠲᠥᠷᠥᠯ ᠵᠦᠢᠯ ᠰᠣᠩᠭᠤᠨ ᠤᠰᠤ ᠠᠷᠪᠢᠯᠠᠬᠤ᠂ | ᠪᠦᠲᠦᠴᠡ ᠶᠢ ᠲᠣᠬᠢᠷᠠᠭᠤᠯᠤᠨ ᠤᠰᠤ ᠠᠷᠪᠢᠯᠠᠬᠤ᠂ ᠲᠣᠭᠲᠠᠴᠠ ᠶᠢ ᠡᠵᠡᠮᠳᠡᠨ ᠤᠰᠤ ᠠᠷᠪᠢᠯᠠᠬᠤ﹀ ︿ᠲᠠᠪᠤᠨ | ᠠᠷᠪᠢᠯᠠᠬᠤ﹀ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠭᠦ ᠣᠷᠣᠨ ᠤ ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠮᠠᠶ᠋ᠢᠭ ᠢ | ᠪᠦᠳᠦᠭᠦᠯᠢᠭ᠂ ᠦᠷ᠎ᠡ ᠪᠦᠲᠦᠮᠵᠢ ᠳᠣᠣᠷ᠎ᠠ ᠪᠠᠶᠢᠭᠰᠠᠨ ᠠᠴᠠ ᠴᠢᠨᠠᠷᠯᠢᠭ ᠠᠷᠪᠢᠲᠠᠢ ᠡᠷᠴᠢᠮᠯᠢᠭ ᠪᠣᠯᠭᠠᠨ | ᠬᠤᠪᠢᠷᠠᠭᠤᠯᠬᠤ ᠶᠢ ᠠᠬᠢᠭᠤᠯᠤᠨ᠎ᠠ︾ ᠭᠡᠪᠡ᠃ | 6 ᠰᠠᠷ᠎ᠠ ᠶᠢᠨ 6 ᠤ ᠡᠳᠦᠷ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠄ ︽ | ᠬᠤᠷᠴᠢᠨ ᠤ ᠡᠯᠡᠰᠦᠷᠬᠡᠭ ᠭᠠᠵᠠᠷ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠦᠢᠯᠪᠤᠷᠢᠲᠠᠢ ᠵᠠᠰᠠᠬᠤ | ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠣᠯᠳᠠᠯᠭ᠎ᠠ ᠲᠠᠢ ᠠᠮᠢ ᠠᠬᠤᠢ ᠶᠢ ᠬᠠᠮᠠᠭᠠᠯᠠᠵᠤ | ᠰᠡᠷᠭᠦᠭᠡᠬᠦ ᠢᠨᠵᠧᠨᠧᠷᠢᠩ ᠤᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠬᠦᠴᠦᠨ ᠢᠶᠠᠨ | ᠲᠥᠪᠯᠡᠷᠡᠭᠦᠯᠦᠨ ᠡᠯᠡᠰᠦ ᠮᠠᠩᠬ᠎ᠠ ᠶᠢ ᠲᠦᠢᠯᠪᠤᠷᠢᠲᠠᠢ ᠵᠠᠰᠠᠬᠤ ᠳᠠᠶᠢᠯᠠᠯᠳᠤᠭᠠᠨ ᠢ ᠬᠢᠬᠦ ᠬᠡᠷᠡᠭᠲᠡᠢ︾ ᠭᠡᠵᠦ ᠳᠤᠷᠠᠳᠪᠠ᠃ | | ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠪᠣᠱᠣᠣᠳᠠᠢ ᠰᠤᠮᠤ ᠶᠢᠨ ᠨᠡᠭᠦᠳᠡᠭᠡᠢ | ᠭᠠᠴᠠᠭᠠᠨ ᠤ ᠮᠠᠯᠴᠢᠨ ᠵᠢᠢ ᠮᠥᠩᠬᠡ ᠶᠢᠨ ᠬᠢᠨ ᠶᠠᠭ ᠶᠡᠷᠦᠩᠬᠡᠢ ᠱᠦᠵᠢ ᠶᠢᠨ ᠳᠤᠷᠠᠳᠤᠭᠰᠠᠨ ᠬᠤᠯᠠᠨ ᠰᠢᠷᠭ᠎ᠠ | ᠲᠠᠭ᠎ᠠ ᠶᠢᠨ ᠡᠯᠡᠰᠦᠨ ᠤ ᠥᠷᠥᠴᠡᠨ ᠳᠤ ᠪᠠᠶᠢᠳᠠᠭ᠃ | ︽ᠶᠡᠷᠦᠩᠬᠡᠢ ᠱᠦᠵᠢ ᠶᠢᠨ ᠶᠠᠷᠢᠶ᠎ᠠ ᠨᠢ ᠪᠢᠳᠡᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠠᠵᠢᠯ ᠢ ᠦᠷᠭᠦᠯᠵᠢᠯᠡᠨ ᠰᠠᠶᠢᠲᠤᠷ ᠬᠢᠬᠦ ᠴᠢᠭᠯᠡᠯ ᠢ ᠲᠣᠳᠣᠷᠬᠠᠢ ᠵᠢᠭᠠᠵᠤ ᠥᠭᠴᠡᠢ᠂ ᠪᠢ ᠣᠲᠣ ᠠᠴᠠ ᠡᠬᠢᠯᠡᠨ | ᠡᠯᠡᠰᠦ ᠮᠠᠩᠬ᠎ᠠ ᠶᠢ ᠲᠦᠢᠯᠪᠤᠷᠢᠲᠠᠢ ᠵᠠᠰᠠᠬᠤ ᠳᠠᠶᠢᠯᠠᠯᠳᠤᠭᠠᠨ ᠤ ᠨᠢᠭᠡ ᠭᠡᠰᠢᠭᠦᠨ ᠪᠣᠯᠵᠤ᠂ ᠡᠯᠡᠰᠦᠷᠬᠡᠭᠵᠢᠭᠰᠡᠨ | ᠭᠠᠵᠠᠷ ᠤᠨ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠬᠠᠮᠠᠭᠠᠯᠠᠬᠤ ᠪᠠ | ᠰᠠᠶᠢᠵᠢᠷᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠲᠤ ᠴᠣᠭᠴᠠᠯᠠᠬᠤ ᠳᠤ ᠬᠤᠪᠢ ᠨᠡᠮᠡᠷᠢ ᠦᠵᠡᠭᠦᠯᠦᠨ᠎ᠡ︾ ᠭᠡᠵᠦ ᠵᠢᠢ ᠮᠥᠩᠬᠡ ᠬᠡᠯᠡᠪᠡ᠃ | ᠬᠢᠩᠭᠠᠨ ᠠᠶᠢᠮᠠᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠭᠧᠩ ᠲᠢᠶᠠᠨ ᠯᠢᠶᠠᠩ᠂ ᠬᠢᠩᠭᠠᠨ ᠠᠶᠢᠮᠠᠭ ᠤᠨ ᠣᠶ ᠰᠢᠭᠤᠢ | ᠪᠠ ᠨᠤᠲᠤᠭ ᠪᠡᠯᠴᠢᠭᠡᠷ ᠤᠨ ᠰᠢᠰᠲ᠋ᠧᠮ ᠤᠨ ᠬᠢᠨ ᠣᠶ ᠰᠢᠭᠤᠢ ᠪᠠ ᠨᠤᠲᠤᠭ ᠪᠡᠯᠴᠢᠭᠡᠷ ᠤᠨ ᠳᠠᠷᠤᠭ᠎ᠠ ᠶᠢᠨ | ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠦᠷ᠎ᠡ ᠠᠰᠢᠭ ᠢ ᠨᠡᠮᠡᠭᠳᠡᠭᠦᠯᠬᠦ᠂ ᠲᠥᠷᠥᠯ ᠵᠦᠢᠯ ᠢ | ᠠᠳᠬᠤᠬᠤ᠂ ᠭᠠᠮᠰᠢᠭ ᠢ ᠰᠡᠷᠭᠡᠶᠢᠯᠡᠬᠦ ᠵᠡᠷᠭᠡ ᠲᠠᠪᠤᠨ ᠶᠡᠭᠡ ᠠᠷᠭ᠎ᠠ ᠬᠡᠮᠵᠢᠶ᠎ᠡ ᠶᠢ ᠪᠣᠳᠠᠲᠠᠢ ᠠᠳᠬᠤᠵᠤ᠂ | ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠢᠩᠭᠠᠨ ᠤ | ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ | ᠪᠤᠭᠤᠲᠤ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠢᠦᠢ ᠮᠢᠩ᠂ ᠪᠤᠭᠤᠲᠤ ᠬᠤᠳᠠ ᠶᠢᠨ ᠠᠮᠢ ᠠᠬᠤᠢ | ᠣᠷᠴᠢᠨ ᠲᠣᠭᠤᠷᠢᠨ ᠤ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠪᠣᠯᠣᠨ | ᠠᠵᠢᠯ ᠤᠨ ᠱᠠᠭᠠᠷᠳᠠᠯᠭ᠎ᠠ ᠶᠢ ᠯᠠᠪᠲᠠᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠬᠡ ᠤᠯᠤᠰ ᠤᠨ ᠤᠮᠠᠷᠠᠲᠤ ᠶᠢᠨ | ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠬᠠᠯᠬᠠᠪᠴᠢ ᠶᠢ ᠴᠣᠭᠴᠠᠯᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠬᠤ ᠳᠤ ᠮᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠡᠮᠦᠷ ᠴᠡᠷᠢᠭ ᠤᠨ ᠬᠦᠴᠦᠨ | ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠡᠳ᠋ ᠳᠠᠷᠤᠭ᠎ᠠ ᠸᠠᠩ | ᠲᠤᠤ᠄ ︽ᠮᠠᠨ ᠤ ᠣᠷᠣᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠦᠢᠯᠡᠳᠦᠯᠭᠡᠵᠢᠭᠦᠯᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ︿ᠭᠤᠷᠪᠠᠨ | ᠣᠷᠣᠨ ᠭᠤᠷᠪᠠᠨ ᠱᠤᠭᠤᠮ﹀ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ ᠪᠦᠭᠦ ᠣᠷᠣᠨ ᠤ | ᠬᠠᠭᠠᠰ ᠠᠴᠠ ᠳᠡᠭᠡᠭᠰᠢᠬᠢ ᠤᠯᠤᠰ ᠤᠨ ᠭᠠᠵᠠᠷ ᠰᠢᠷᠣᠢ ᠶᠢᠨ ᠲᠠᠯᠠᠪᠠᠶ ︵50.46%︶ ᠶᠢ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠳᠤ ᠬᠤᠪᠢᠶᠠᠷᠢᠯᠠᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ 59.69 ᠲᠦᠮᠡᠨ ᠲᠡᠭᠰᠢ ᠳᠥᠷᠪᠡᠯᠵᠢᠨ ᠺᠢᠯᠣᠮᠧᠳ᠋ᠷ | ᠵᠠᠭᠠᠭᠯᠠᠨ ᠲᠣᠭᠲᠠᠭᠠᠪᠠ᠃ ᠶᠡᠭᠡ ᠬᠢᠩᠭᠠᠨ ᠳᠠᠪᠠᠭ᠎ᠠ᠂ ᠮᠤᠨᠢ ᠠᠭᠤᠯᠠ ᠨᠢᠷᠤᠭᠤ᠂ ᠠᠯᠠᠱᠠ ᠠᠭᠤᠯᠠ ᠨᠢᠷᠤᠭᠤ ᠶᠢᠨ | ᠠᠮᠢ ᠠᠬᠤᠢ ᠶᠢᠨ ᠬᠤᠩᠭᠢᠯ ᠪᠣᠯᠣᠨ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠴᠢᠳᠠᠮᠵᠢ ᠶᠢ | ᠴᠢᠩᠭᠠᠳᠬᠠᠵᠤ᠂ ᠬᠠᠳᠤᠨ ᠭᠤᠣᠯ᠂ ᠪᠠᠷᠠᠭᠤᠨ ᠯᠢᠶᠣᠤ ᠾᠧ ᠭᠤᠣᠯ᠂ ᠨᠤᠨ ᠮᠥᠷᠡᠨ᠂ ︿ᠬᠥᠯᠥᠨ ᠨᠠᠭᠤᠷ᠂ | ᠲᠠᠭ᠎ᠠ ᠶᠢᠨ ᠨᠠᠭᠤᠷ᠂ ᠤᠯᠠᠭᠠᠨᠰᠤᠬᠠᠢ﹀ ᠵᠢᠴᠢ ᠴᠠᠭᠠᠨᠨᠠᠭᠤᠷ ᠵᠡᠷᠭᠡ ᠰᠠᠪᠠ ᠭᠠᠵᠠᠷ ᠤᠨ ᠤᠰᠤᠨ ᠣᠷᠣᠨ ᠤ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ︿ᠲᠠᠪᠤᠨ ᠶᠡᠭᠡ ᠡᠯᠡᠰᠦ﹀᠂ ︿ᠲᠠᠪᠤᠨ | ᠶᠡᠭᠡ ᠡᠯᠡᠰᠦᠷᠬᠡᠭ ᠭᠠᠵᠠᠷ﹀ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠰᠲ᠋ᠧᠮ ᠢ ᠲᠡᠭᠦᠯᠳᠡᠷᠵᠢᠭᠦᠯᠵᠦ᠂ | ᠨᠤᠲᠤᠭ ᠪᠡᠯᠴᠢᠭᠡᠷ᠂ ᠤᠢ ᠰᠢᠭᠤᠢ᠂ ᠭᠤᠣᠯ ᠮᠥᠷᠡᠨ᠂ ᠨᠠᠭᠤᠷ ᠴᠥᠭᠦᠷᠥᠮ᠂ ᠨᠤᠭᠤ ᠭᠠᠵᠠᠷ᠂ ᠡᠯᠡᠰᠦ ᠮᠠᠩᠬ᠎ᠠ᠂ | ᠡᠯᠡᠰᠦᠷᠬᠡᠭ ᠭᠠᠵᠠᠷ ᠢ ᠨᠢᠭᠡ ᠴᠣᠭᠴᠠᠵᠢᠭᠤᠯᠤᠭᠰᠠᠨ ᠪᠦᠭᠦ ᠣᠷᠣᠨ ᠪᠦᠰᠡ ᠶᠢᠨ ᠠᠮᠢ ᠠᠬᠤᠢ ᠶᠢᠨ ᠠᠮᠤᠷ | ᠲᠦᠪᠰᠢᠨ ᠤ ᠪᠠᠶᠢᠷᠢᠰᠢᠯ ᠢ ᠪᠠᠶᠢᠭᠤᠯᠵᠤ᠂ ᠪᠠᠶᠢᠭᠠᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠢᠯᠢ ᠬᠢᠵᠠᠭᠠᠷ ᠢ | ᠰᠠᠬᠢᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠬᠠᠯᠬᠠᠪᠴᠢ ᠶᠢ ᠪᠠᠲᠤ ᠴᠣᠭᠴᠠᠯᠠᠨ᠎ᠠ︾ ᠭᠡᠪᠡ᠃ |