ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ | | | ︵2023 ᠣᠨ ᠤ 7 ᠰᠠᠷ᠎ᠠ ᠶᠢᠨ 5 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ | ᠵᠢᠷᠭᠤᠳᠤᠭᠠᠷ ᠪᠦᠭᠦᠳᠡ ᠬᠤᠷᠠᠯ ᠠᠴᠠ ᠪᠠᠲᠤᠯᠠᠪᠠ︶ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ | ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠳᠤ ᠰᠢᠨ᠎ᠡ ᠵᠠᠮ ᠨᠡᠭᠡᠭᠡᠬᠦ ᠶᠢᠨ ᠲᠥᠯᠥᠭᠡ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠳᠣᠣᠷᠠᠬᠢ ᠮᠡᠲᠦ ᠲᠣᠭᠲᠠᠭᠠᠯ ᠭᠠᠷᠭᠠᠪᠠ᠃ | ᠨᠢᠭᠡ᠂ ᠨᠠᠮ ᠤᠨ ᠠᠴᠢ ᠡᠨᠡᠷᠢᠯ ᠳᠤ ᠲᠠᠯᠠᠷᠬᠠᠨ ᠨᠠᠮ ᠢᠶᠠᠨ ᠲᠠᠭᠠᠬᠤ᠂ ᠶᠡᠷᠦᠩᠬᠡᠢ ᠱᠦᠵᠢ ᠰᠢ ᠶᠢᠨ ᠫᠢᠩ ᠢ | ᠡᠷᠡᠰ ᠲᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠲᠠᠯ᠎ᠠ ᠪᠠᠷ ᠵᠢᠱᠢᠶᠡᠴᠢ ᠪᠤᠯᠬᠤ ᠬᠡᠷᠡᠭᠲᠡᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ | ᠪᠣᠯᠤᠭᠰᠠᠨ ᠤ ᠬᠤᠪᠢ ᠳᠤ᠂ ᠵᠢᠱᠢᠶᠡᠴᠢ ᠨᠢ ᠨᠠᠮ ᠤᠨ ᠦᠭᠡ ᠶᠢ ᠰᠣᠨᠣᠰᠬᠤ ᠳᠤ ᠪᠠᠶᠢᠳᠠᠭ᠃ ᠡᠷᠬᠡᠪᠰᠢ ᠨᠠᠮ ᠢᠶᠠᠨ | ᠳᠠᠭᠠᠬᠤ᠂ ᠨᠠᠮ ᠤᠨ ᠲᠥᠪ ᠬᠤᠷᠢᠶ᠎ᠠ ᠪᠠᠨ ᠳᠠᠭᠠᠬᠤ ᠬᠤᠪᠢᠰᠬᠠᠯᠲᠤ ᠤᠳᠤᠮᠰᠢᠯ ᠢ ᠰᠠᠶᠢᠲᠤᠷ ᠵᠠᠯᠭᠠᠮᠵᠢᠯᠠᠵᠤ᠂ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ | ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠨᠠᠩ ᠭᠦᠨᠵᠡᠭᠡᠢ ᠣᠶᠢᠯᠠᠭᠠᠭᠤᠯᠵᠤ᠂ | ᠨᠠᠩ ᠤᠬᠠᠮᠰᠠᠷ ᠠᠴᠠ ᠪᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ | ︵ᠨᠢᠭᠡ︶ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ | ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ︽ᠬᠤᠶᠠᠷ ᠢ ᠬᠠᠮᠠᠭᠠᠯᠠᠬᠤ︾ ᠶᠢᠨ ᠳᠦᠷᠢᠮ | ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠲᠥᠪ | ᠬᠤᠷᠢᠶ᠎ᠠ ᠶᠢᠨ ᠵᠠᠷᠯᠢᠭ ᠢ ᠡᠷᠡᠰ ᠳᠠᠭᠠᠵᠤ᠂ ᠨᠠᠮ ᠤᠨ ᠲᠥᠪ ᠬᠤᠷᠢᠶ᠎ᠠ ᠶᠢᠨ ᠵᠢᠯᠣᠭᠤᠳᠤᠯᠭ᠎ᠠ ᠶᠢ ᠡᠷᠡᠰ ᠳᠠᠭᠠᠵᠤ᠂ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠳᠤᠮᠳᠠᠬᠢ ᠬᠡᠮᠵᠢᠶ᠎ᠡ᠂ ᠵᠥᠷᠢᠶ᠎ᠡ᠂ ᠬᠡᠯᠪᠠᠶᠢᠭᠦᠦ ᠶᠢ ᠡᠷᠡᠰ ᠵᠠᠯᠠᠷᠠᠭᠤᠯᠵᠤ᠂ ᠨᠠᠮ ᠤᠨ ᠲᠥᠪ | ᠬᠤᠷᠢᠶ᠎ᠠ ᠶᠢᠨ ᠰᠠᠨᠠᠭᠠᠴᠢᠯᠠᠭᠰᠠᠨ ᠢ ᠡᠷᠡᠰ ᠴᠤᠤᠷᠢᠶᠠᠲᠤᠨ ᠳᠠᠭᠠᠵᠤ᠂ ᠨᠠᠮ ᠤᠨ ᠲᠥᠪ ᠬᠤᠷᠢᠶ᠎ᠠ ᠶᠢᠨ | ᠲᠣᠭᠲᠠᠭᠠᠭᠰᠠᠨ ᠢ ᠡᠷᠡᠰ ᠵᠢᠷᠤᠮᠯᠠᠨ ᠭᠦᠢᠴᠡᠳᠬᠡᠵᠦ᠂ ᠨᠠᠮ ᠤᠨ ᠲᠥᠪ ᠬᠤᠷᠢᠶ᠎ᠠ ᠶᠢᠨ ᠴᠠᠭᠠᠵᠠᠯᠠᠭᠰᠠᠨ ᠢ ᠡᠷᠡᠰ ᠬᠢᠬᠦ | ᠦᠭᠡᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ | ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠨᠠᠮ ᠤᠨ | ᠭᠡᠰᠢᠭᠦᠨ ᠢ ᠪᠠᠶᠢᠩᠭᠤᠵᠢᠭᠤᠯᠤᠨ ᠵᠡᠪᠰᠡᠭᠯᠡᠬᠦ᠂ ᠤᠯᠠᠨ ᠲᠦᠮᠡᠨ ᠢ ᠬᠥᠮᠥᠵᠢᠭᠦᠯᠬᠦ ᠳᠦᠷᠢᠮ ᠲᠣᠭᠲᠠᠴᠠ ᠶᠢ | ᠪᠦᠷᠢᠨᠰᠢᠭᠦᠯᠬᠦ ᠬᠡᠷᠡᠭᠲᠡᠢ᠃ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠶᠣᠰᠣ ᠶᠢ | ᠮᠡᠳᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠬᠡᠪ ᠰᠤᠷᠲᠠᠯ ᠢ ᠡᠷᠭᠢᠮᠯᠡᠭᠦ᠂ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ᠂ | ᠬᠠᠷᠢᠭᠤᠴᠠᠯᠭ᠎ᠠ ᠡᠭᠦᠷᠭᠡᠯᠡᠬᠦ ᠡᠷᠬᠢᠮ ᠨᠠᠨᠳᠢᠨ ᠵᠠᠩ ᠴᠢᠨᠠᠷ ᠢ ᠰᠠᠶᠢᠲᠤᠷ ᠤᠯᠠᠮᠵᠢᠯᠠᠵᠤ᠂ ᠨᠠᠮ ᠤᠨ ᠲᠥᠪ | ᠬᠤᠷᠢᠶ᠎ᠠ ᠠᠴᠠ ᠪᠠᠶᠢᠷᠢᠯᠠᠭᠤᠯᠤᠭᠰᠠᠨ ᠯᠠ ᠶᠤᠮ ᠪᠣᠯ᠂ ᠤᠯᠤᠰ ᠲᠤ ᠬᠡᠷᠡᠭᠴᠡᠭᠡ ᠲᠠᠢ ᠯᠡ ᠶᠤᠮ ᠪᠣᠯ ᠡᠷᠡᠰ ᠬᠢᠵᠦ᠂ | ᠳᠠᠷᠦ᠋ᠢᠬᠠᠨ ᠭᠦᠢᠴᠡᠳᠬᠡᠵᠦ᠂ ᠪᠣᠳᠠᠲᠠᠢ ᠠᠳᠬᠤᠵᠤ᠂ ᠠᠯᠢᠪᠠ ᠪᠦᠭᠦᠨ ᠶᠡᠭᠡ ᠲᠠᠯ᠎ᠠ ᠶᠢ ᠳᠠᠭᠠᠵᠤ᠂ ᠶᠡᠭᠡ ᠲᠠᠯ᠎ᠠ ᠳᠤ | ᠦᠢᠯᠡᠴᠢᠯᠡᠵᠦ᠂ ᠶᠡᠭᠡ ᠲᠠᠯ᠎ᠠ ᠶᠢ ᠬᠠᠮᠠᠭᠠᠯᠠᠬᠤ ᠬᠡᠷᠡᠭᠲᠡᠢ᠃ | ︵ᠬᠤᠶᠠᠷ︶ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | ᠨᠠᠮ ᠤᠨ ᠭᠡᠰᠢᠭᠦᠨ᠂ ᠺᠠᠳ᠋ᠷᠴᠤᠳ ᠢ ᠵᠣᠬᠢᠶᠠᠨ ᠪᠠᠶᠢᠭᠤᠯᠵᠤ ᠪᠠᠶᠢᠭᠠᠳ ᠵᠣᠷᠢᠭ ᠰᠠᠨᠠᠭᠠᠨ ᠤ ᠮᠥᠨ ᠴᠢᠨᠠᠷ ᠪᠠ | ᠦᠢᠯᠡᠳᠦᠯᠭᠡ ᠶᠢᠨ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠣᠶᠢᠯᠠᠭᠠᠵᠤ᠂ ᠪᠦᠭᠦ ᠨᠡᠶᠢᠭᠡᠮ ᠳᠤ | ᠬᠠᠨᠳᠤᠭᠤᠯᠤᠭᠰᠠᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠭᠦ ᠣᠷᠣᠨ ᠳᠠᠶᠠᠭᠠᠷ ᠢ ᠬᠥᠲᠥᠯᠥᠨ | ᠵᠢᠯᠤᠭᠤᠳᠴᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠭᠦᠨ ᠵᠤᠵᠠᠭᠠᠨ ᠬᠠᠶᠢᠷ᠎ᠠ | ᠰᠡᠳᠬᠢᠯᠭᠡ ᠶᠢ ᠭᠦᠨᠵᠡᠭᠡᠢ ᠣᠶᠢᠯᠠᠭᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠵᠢᠷᠤᠭᠯᠠᠵᠤ ᠥᠭᠭᠦᠭᠰᠡᠨ ᠬᠥᠭᠵᠢᠯᠲᠡ ᠶᠢᠨ ᠵᠢᠷᠤᠭ ᠲᠥᠯᠥᠪᠯᠡᠭᠡ᠂ ᠲᠣᠭᠲᠠᠭᠠᠭᠰᠠᠨ ᠠᠵᠢᠯᠯᠠᠭᠠᠨ ᠤ ᠬᠥᠲᠥᠯᠪᠦᠷᠢ ᠶᠢ | ᠭᠦᠨᠵᠡᠭᠡᠢ ᠣᠶᠢᠯᠠᠭᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ | ᠦᠭᠡᠢ ᠤᠷᠤᠭᠰᠢᠯᠠᠭᠤᠯᠬᠤ ᠬᠡᠷᠡᠭᠲᠡᠢ᠃ ᠪᠦᠬᠦᠯᠢ ᠴᠣᠭᠴᠠ ᠪᠠᠷ ᠨᠢ ᠣᠶᠢᠯᠠᠭᠠᠨ ᠡᠵᠡᠮᠰᠢᠬᠦ᠂ ᠨᠢᠭᠡ ᠴᠣᠭᠴᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠮᠡᠳᠡᠬᠦ ᠬᠢᠬᠦ ᠶᠢ ᠨᠢᠭᠡᠳᠬᠡᠨ ᠵᠣᠬᠢᠶᠠᠨ ᠪᠠᠶᠢᠭᠤᠯᠵᠤ | ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠵᠤ᠂ ᠨᠢᠭᠡᠳ ᠨᠢᠭᠡ ᠪᠠᠷ | ᠪᠣᠳᠠᠲᠠᠢ ᠳᠤ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠳᠤ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠤᠷᠢᠨ ᠪᠠᠶᠢᠴᠠᠭᠠᠯᠲᠠ᠂ ᠱᠠᠯᠠᠪᠳᠠᠭᠤᠯᠤᠨ | ᠪᠠᠶᠢᠴᠠᠭᠠᠯᠲᠠ ᠶᠢᠨ ᠴᠢᠬᠤᠯᠠ ᠠᠭᠤᠯᠭ᠎ᠠ ᠪᠤᠯᠭᠠᠵᠤ᠂ ᠡᠭᠦᠷᠭᠡ ᠶᠢᠨ ᠬᠤᠪᠢᠶᠠᠷᠢᠯᠠᠯ᠂ ᠱᠠᠯᠠᠪᠳᠠᠭᠤᠯᠤᠨ | ᠨᠠᠶᠢᠳᠠᠪᠤᠷᠢᠵᠢᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ᠂ ᠪᠠᠶᠢᠴᠠᠭᠠᠵᠤ ᠵᠠᠷᠯᠠᠨ ᠮᠡᠳᠡᠭᠳᠡᠬᠦ᠂ ᠦᠷ᠎ᠡ | ᠪᠦᠲᠦᠮᠵᠢ ᠶᠢ ᠮᠥᠷᠳᠡᠨ ᠠᠰᠠᠭᠤᠬᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠪᠦᠭᠦ ᠬᠡᠯᠬᠢᠶᠡᠨ ᠤ | ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠪᠠᠶᠢᠩᠭᠤ ᠪᠠᠷᠢᠮᠵᠢᠶᠠᠯᠠᠨ ᠬᠠᠷᠭᠤᠭᠤᠯᠵᠤ᠂ ᠬᠡᠯᠪᠠᠶᠢᠭᠦᠦ ᠪᠠᠨ ᠴᠠᠭ | ᠲᠤᠬᠠᠢ ᠳᠤᠨᠢ ᠵᠠᠯᠠᠷᠠᠭᠤᠯᠵᠤ᠂ ᠣᠪᠯᠠᠨ ᠠᠭᠠᠰᠢᠯᠠᠬᠤ᠂ ᠨᠥᠬᠦᠴᠡᠯ ᠳᠤᠷᠠᠳᠬᠤ᠂ ᠳᠤᠲᠠᠭᠤ ᠳᠣᠷᠭᠤᠨ ᠬᠢᠬᠦ᠂ | ᠰᠣᠩᠭᠤᠯᠲᠠ ᠬᠢᠬᠦ᠂ ᠵᠣᠬᠢᠴᠠᠭᠤᠯᠤᠨ ᠲᠣᠬᠢᠷᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠨ ᠵᠠᠰᠠᠬᠤ ᠬᠡᠷᠡᠭᠲᠡᠢ᠃ | ︵ᠭᠤᠷᠪᠠ︶ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠠᠮ ᠤᠨ ᠠᠴᠢ ᠡᠨᠡᠷᠢᠯ ᠳᠤ ᠨᠡᠩ ᠦᠨᠡᠨ | ᠰᠡᠳᠬᠢᠯ ᠠᠴᠠ ᠪᠠᠨ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠥᠮᠥᠵᠢᠭᠦᠯᠦᠨ | ᠬᠥᠲᠥᠯᠥᠨ ᠵᠢᠯᠤᠭᠤᠳᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠲᠠᠢ ᠤᠶᠠᠯᠳᠤᠭᠤᠯᠤᠨ᠂ ︽ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ | ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠨᠢᠭᠡᠨ ᠬᠠᠪᠰᠤᠷᠤᠨ ᠵᠢᠯᠤᠭᠤᠳᠬᠤ ᠨᠣᠮ᠂ ᠨᠢᠭᠡᠨ ᠬᠥᠭᠵᠢᠯᠲᠡ ᠶᠢᠨ ᠳᠠᠩᠰᠠ᠂ ᠨᠢᠭᠡᠨ ᠠᠷᠠᠳ ᠲᠤ ᠠᠰᠢᠭ | ᠬᠦᠷᠲᠡᠭᠡᠬᠦ ᠺᠠᠷᠲ᠂ ᠨᠢᠭᠡ ᠢᠵᠢ ᠰᠤᠷᠤᠬᠴᠢᠳ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠭᠠᠬᠤ ᠮᠠᠲ᠋ᠧᠷᠢᠶᠠᠯ᠂ | ᠨᠢᠭᠡᠨ ᠣᠳᠣᠬᠢᠴᠢᠯᠠᠭᠰᠠᠨ ᠬᠥᠭᠵᠢᠯᠲᠡ ᠶᠢᠨ ᠵᠢᠷᠤᠭ ᠲᠥᠰᠥᠪ᠂ ᠨᠢᠭᠡ ᠪᠦᠯᠦᠭ ᠬᠤᠪᠢᠰᠬᠠᠯᠲᠤ ᠤᠳᠬ᠎ᠠ | ᠤᠷᠠᠯᠢᠭ ᠤᠨ ᠰᠣᠳᠣᠨ ᠪᠦᠲᠦᠭᠡᠯ ᠵᠡᠷᠭᠡ ᠠᠴᠢᠶᠠᠯᠠᠪᠤᠷᠢ ᠶᠢ ᠰᠠᠶᠢᠲᠤᠷ ᠠᠰᠢᠭᠯᠠᠵᠤ᠂ ᠥᠷᠭᠡᠨ ᠤᠯᠠᠨ ᠺᠠᠳ᠋ᠷ ᠤᠯᠠᠨ | ᠲᠦᠮᠡᠨ ᠤ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ | ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠣᠨ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠭᠤᠳ | ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶ᠎ᠠ ᠶᠢᠨ | ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ | ᠶᠡᠭᠡ ᠬᠡᠯᠪᠠᠶᠢᠭᠦᠦ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠪᠠ᠂ ᠥᠪᠥᠷ ᠮᠣᠩᠭᠤᠯ | ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ ᠵᠢᠱᠢᠶᠡᠴᠢ ᠨᠢ ᠨᠠᠮ ᠤᠨ ᠦᠭᠡ ᠶᠢ | ᠰᠣᠨᠣᠰᠤᠭᠰᠠᠨ ᠳᠤ ᠪᠠᠶᠢᠳᠠᠭ ᠵᠡᠷᠭᠡ ︽ᠲᠠᠪᠤᠨ ᠪᠠᠳᠠᠭ ᠦᠭᠡ︾ ᠶᠢᠨ ᠦᠨᠡᠨ ᠶᠠᠪᠤᠳᠠᠯ ᠪᠠ ᠶᠣᠰᠣ ᠤᠴᠢᠷ ᠢ ᠪᠠᠲᠤ | ᠴᠡᠭᠡᠵᠢᠯᠡᠬᠦ ᠶᠢ ᠬᠥᠮᠥᠵᠢᠭᠦᠯᠵᠦ ᠬᠥᠲᠥᠯᠥᠨ ᠵᠢᠯᠤᠭᠤᠳᠬᠤ ᠬᠡᠷᠡᠭᠲᠡᠢ᠃ ᠣᠯᠠᠨ ᠲᠦᠮᠡᠨ ᠤ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤ ᠪᠥᠭᠡᠳ ᠪᠦᠲᠦᠮᠵᠢᠲᠡᠶ ᠥᠷᠨᠢᠭᠦᠯᠬᠦ ᠶᠢ ᠠᠬᠢᠭᠤᠯᠵᠤ᠂ ᠥᠪᠥᠷ | ᠮᠣᠩᠭᠤᠯ ᠣᠷᠣᠨ ᠳᠠᠬᠢ ᠨᠠᠮ ᠤᠨ ᠲᠡᠦᠬᠡ ᠶᠢᠨ ᠲᠤᠬᠠᠢ ᠰᠤᠳᠤᠯᠤᠯᠲᠠ ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠦᠨ᠂ | ᠡᠯ᠎ᠡ ᠠᠵᠢᠯ ᠲᠥᠷᠥᠯ ᠤᠨ ᠲᠡᠷᠢᠭᠦᠨ ᠤ ᠵᠢᠱᠢᠶᠡᠴᠢ ᠬᠥᠮᠥᠰ ᠤᠨ ᠨᠠᠮ ᠤᠨ ᠠᠴᠢ ᠡᠨᠡᠷᠢᠯ ᠳᠤ ᠲᠠᠯᠠᠷᠬᠠᠭᠰᠠᠨ ᠦᠢᠯᠡ | ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠢ ᠡᠷᠭᠢᠯᠡᠵᠦ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ | ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠬᠠᠯᠠᠮᠵᠢᠯᠠᠯ ᠪᠠ ᠳᠡᠮᠵᠢᠯᠭᠡ ᠶᠢ ᠶᠡᠬᠡᠪᠡᠷ ᠤᠬᠠᠭᠤᠯᠤᠨ᠂ ᠦᠨᠡᠨᠴᠢ | ᠰᠢᠳᠤᠷᠭᠤ ᠪᠠᠷ ᠬᠠᠮᠠᠭᠠᠯᠠᠵᠤ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠬᠤ ᠬᠠᠶᠢᠷ᠎ᠠ ᠰᠡᠳᠬᠢᠯᠭᠡ ᠶᠢᠨ | ᠰᠠᠭᠤᠷᠢ ᠪᠠ ᠬᠦᠴᠦᠨ ᠴᠢᠳᠠᠯ ᠤᠨ ᠡᠬᠢ ᠰᠤᠷᠪᠤᠯᠵᠢ ᠶᠢ ᠭᠦᠨ ᠦᠨᠳᠦᠰᠦᠯᠡᠭᠦᠯᠦᠨ ᠪᠤᠶᠢᠵᠢᠭᠤᠯᠵᠤ᠂ ᠥᠪᠥᠷ | ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠦᠨᠡᠨ ᠰᠡᠳᠬᠢᠯ ᠠᠴᠠ ᠪᠠᠨ ᠨᠠᠮ ᠳᠤ ᠲᠠᠯᠠᠷᠬᠠᠬᠤ᠂ | ᠨᠠᠮ ᠤᠨ ᠲᠥᠪ ᠬᠤᠷᠢᠶ᠎ᠠ ᠳᠤ ᠲᠠᠯᠠᠷᠬᠠᠬᠤ᠂ ᠶᠡᠷᠦᠩᠬᠡᠢ ᠱᠦᠵᠢ ᠰᠢ ᠶᠢᠨ ᠫᠢᠩ ᠳᠤ ᠲᠠᠯᠠᠷᠬᠠᠬᠤ ᠪᠤᠯᠭᠠᠬᠤ ᠬᠡᠷᠡᠭᠲᠡᠢ᠃ | | ᠬᠤᠶᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠲᠠᠯ᠎ᠠ ᠪᠠᠷ ᠵᠢᠱᠢᠶᠡᠴᠢ ᠪᠤᠯᠬᠤ ᠬᠡᠷᠡᠭᠲᠡᠢ | ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠪᠠ ᠡᠯ᠎ᠡ ᠦᠨᠳᠦᠰᠦᠲᠡᠨ ᠤ ᠤᠬᠠᠮᠰᠠᠷ᠂ ᠳᠤᠮᠳᠠᠳᠤ ᠶᠢᠨ ᠰᠣᠶᠣᠯ ᠪᠠ ᠡᠯ᠎ᠡ | ᠦᠨᠳᠦᠰᠦᠲᠡᠨ ᠤ ᠰᠣᠶᠣᠯ᠂ ᠪᠣᠳᠠᠰ ᠪᠠ ᠤᠶᠤᠨ ᠰᠠᠨᠠᠭᠠᠨ ᠤ ᠬᠠᠷᠢᠴᠠᠭ᠎ᠠ ᠶᠢ ᠵᠥᠪ ᠡᠵᠡᠮᠳᠡᠵᠦ᠂ ᠡᠯ᠎ᠡ ᠵᠦᠢᠯ ᠤᠨ | ᠠᠵᠢᠯ ᠢ ᠦᠨᠡᠨ ᠪᠣᠳᠠᠲᠠᠢ ᠬᠠᠶᠢᠷ᠎ᠠ ᠰᠡᠳᠬᠢᠯᠭᠡ ᠲᠠᠢ ᠦᠷ᠎ᠡ ᠪᠦᠲᠦᠮᠵᠢᠲᠡᠢ ᠬᠢᠵᠦ᠂ ᠤᠳᠠᠭᠠᠨ ᠳᠠᠭᠠᠭᠠᠮᠠᠭᠠᠢ | ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠵᠢᠱᠢᠶ᠎ᠡ ᠦᠵᠡᠭᠦᠯᠭᠦ ᠣᠷᠣᠨ ᠢ ᠪᠦᠭᠦ ᠲᠠᠯ᠎ᠠ ᠪᠠᠷ ᠡᠭᠦᠳᠦᠨ ᠪᠠᠶᠢᠭᠤᠯᠬᠤ ᠬᠡᠷᠡᠭᠲᠡᠢ᠃ | ︵ᠳᠥᠷᠪᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ ᠪᠥᠭᠡᠳ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ | ᠠᠵᠢᠯ ᠤᠨ ᠭᠤᠣᠯ ᠰᠢᠵᠢᠮ ᠮᠥᠨ ᠭᠡᠳᠡᠭ ᠢ ᠢᠮᠠᠭᠲᠠ ᠪᠠᠲᠤ ᠴᠡᠭᠡᠵᠢᠯᠡᠵᠦ᠂ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ | ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠡᠷᠭᠡ ᠶᠢ | ᠠᠬᠢᠭᠤᠯᠬᠤ ᠳᠤ ᠴᠥᠮ ᠡᠨᠡ ᠬᠦ ᠭᠤᠣᠯ ᠰᠢᠵᠢᠮ ᠤᠨ ᠲᠣᠭᠤᠷᠢᠨ ᠳᠤ ᠥᠴᠥᠬᠡᠨ ᠴᠦ ᠰᠠᠯᠬᠤ ᠦᠭᠡᠢ ᠪᠠᠶᠢᠵᠤ᠂ | ᠶᠠᠮᠠᠷ ᠴᠤ ᠠᠵᠢᠯ ᠬᠢᠬᠦ᠂ ᠶᠠᠮᠠᠷᠪᠠ ᠤᠴᠢᠷ ᠶᠠᠪᠤᠳᠠᠯ ᠢ ᠬᠢᠬᠦ ᠳᠤ ᠴᠥᠮ ᠲᠡᠭᠦᠨ ᠳᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ ᠣᠯᠭᠤᠵᠤ᠂ ︽ | ᠭᠡᠳᠡᠰᠦᠨ ᠤ ᠶᠠᠪᠤᠳᠠᠯ︾ ᠢ ᠬᠠᠮᠢᠶᠠᠷᠬᠤ ᠮᠥᠷᠲᠡᠭᠡᠨ ︽ᠦᠵᠡᠯ ᠰᠠᠨᠠᠭᠠᠨ ᠤ ᠠᠰᠠᠭᠤᠳᠠᠯ ᠢ ᠴᠦ ᠬᠠᠮᠢᠶᠠᠷᠴᠤ︾᠂ | ᠨᠢᠳᠦᠨ ᠳᠤ ᠬᠠᠷᠠᠭᠳᠠᠵᠤ ᠭᠠᠷ ᠲᠤ ᠪᠠᠷᠢᠭᠳᠠᠬᠤ ᠠᠵᠢᠯ ᠢ ᠬᠢᠬᠦ ᠮᠥᠷᠲᠡᠭᠡᠨ ᠪᠠᠰᠠ ᠶᠡᠭᠡ ᠬᠡᠮᠵᠢᠶᠡᠨ ᠤ ︽ᠵᠥᠭᠡᠯᠡᠨ | ᠪᠣᠷᠣᠭᠠᠨ ᠲᠦᠮᠡᠨ ᠪᠣᠳᠠᠰ ᠢ ᠤᠮᠳᠠᠯᠠᠬᠤ︾ ᠶᠠᠪᠤᠳᠠᠯ ᠢ ᠬᠢᠵᠦ᠂ ᠣᠳᠣᠬᠠᠨ ᠢ ᠠᠳᠬᠤᠬᠤ ᠮᠥᠷᠲᠡᠭᠡᠨ ᠠᠯᠤᠰ | ᠢᠷᠡᠭᠡᠳᠦᠢ ᠶᠢ ᠴᠦ ᠠᠳᠬᠤᠬᠤ ᠬᠡᠷᠡᠭᠲᠡᠢ᠃ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢ ᠤᠷᠢᠳᠴᠢᠯᠠᠨ ᠬᠢᠨᠠᠨ | ᠬᠠᠷᠭᠤᠭᠤᠯᠬᠤ᠂ ᠲᠠᠩᠰᠠᠯᠠᠵᠤ ᠬᠢᠨᠠᠨ ᠪᠠᠶᠢᠴᠠᠭᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠬᠠᠤᠯᠢ | ᠲᠣᠭᠲᠠᠭᠠᠯ ᠳᠦᠷᠢᠮ ᠲᠣᠭᠲᠠᠭᠠᠯ ᠢ ᠲᠣᠭᠲᠠᠭᠠᠵᠤ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ | ᠲᠣᠭᠲᠠᠭᠠᠬᠤ ᠳᠠᠭᠠᠨ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠦᠨᠳᠦᠰᠦᠨ ᠤᠷᠢᠲᠠᠯ ᠪᠤᠯᠭᠠᠵᠤ᠂ ᠴᠥᠮ ᠳᠤᠮᠳᠠᠳᠤ ᠶᠢᠨ ᠦᠨᠳᠦᠰᠦᠲᠡᠨ ᠤ ᠨᠡᠶᠢᠲᠡᠯᠢᠭ ᠴᠢᠨᠠᠷ ᠢ | ᠴᠢᠩᠭᠠᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠬᠤ ᠶᠢ | ᠪᠣᠳᠣᠯᠬᠢᠯᠠᠬᠤ ᠬᠡᠷᠡᠭᠲᠡᠢ᠃ | ︵ᠲᠠᠪᠤ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠤᠨᠤᠯ ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠬᠦ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠤᠨ ᠰᠤᠳᠤᠯᠭᠠᠨ ᠤ | ᠰᠢᠨᠵᠢᠯᠡᠭᠡᠨ ᠤ ᠰᠠᠯᠠᠭ᠎ᠠ ᠶᠢᠨ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ᠂ ᠦᠭᠡ ᠬᠡᠯᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠰᠤᠳᠤᠯᠭᠠᠨ ᠤ ᠢᠨᠵᠧᠨᠧᠷᠢᠩ ︵2023 — 2027 ᠣᠨ︶ ᠢ ᠬᠡᠷᠡᠭᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ | ᠬᠦᠷᠢᠶᠡᠯᠡᠩ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠰᠤᠳᠤᠯᠭᠠᠨ ᠤ ᠰᠠᠭᠤᠷᠢᠨ ᠤ ᠪᠠᠭᠲᠠᠭᠠᠮᠵᠢ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠭᠦ᠂ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠺᠠᠳ᠋ᠷ ᠤᠨ ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ᠂ ᠤᠯᠤᠰ ᠠᠷᠠᠳ ᠤᠨ ᠬᠥᠮᠦᠵᠢᠯ᠂ | ᠨᠡᠶᠢᠭᠡᠮ ᠤᠨ ᠬᠥᠮᠦᠵᠢᠯ ᠳᠤ ᠣᠷᠣᠭᠤᠯᠬᠤ ᠬᠡᠷᠡᠭᠲᠡᠢ᠃ ᠵᠠᠯᠠᠭᠤᠴᠤᠳ ᠪᠠᠭᠠᠴᠤᠳ ᠤᠨ ᠰᠤᠷᠭᠠᠨ ᠬᠥᠮᠦᠵᠢᠯ ᠠᠴᠠ | ᠡᠬᠢᠯᠡᠨ ᠠᠳᠬᠤᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠬᠥᠮᠦᠵᠢᠯ ᠢ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠳᠤ ᠣᠷᠣᠭᠤᠯᠬᠤ᠂ ᠪᠤᠢ | ᠪᠦᠬᠦᠢ ᠬᠢᠴᠢᠶᠡᠯ ᠤᠨ ᠲᠠᠩᠬᠢᠮ ᠳᠤ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠢ᠃ | ︵ᠵᠢᠷᠭᠤᠭ᠎ᠠ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ | ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠬᠥᠭᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ ᠪᠠᠶᠢᠭᠤᠯᠤᠯᠲᠠ ᠶᠢ | ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ ᠭᠦᠨ ᠵᠤᠵᠠᠭᠠᠨ | ᠲᠡᠦᠬᠡ ᠰᠣᠶᠣᠯ ᠪᠠ ᠪᠠᠶᠠᠯᠢᠭ ᠰᠣᠶᠣᠯ ᠢᠷᠭᠡᠨᠰᠢᠯ ᠤᠨ ᠡᠬᠢ ᠪᠠᠶᠠᠯᠢᠭ ᠢ ᠭᠦᠢᠴᠡᠳ ᠠᠭᠤᠳᠠᠯᠤᠨ ᠠᠮᠢᠳᠤᠯᠢᠭ ᠢᠶᠠᠷ | ᠢᠯᠡᠷᠡᠭᠦᠯᠵᠦ᠂ ᠬᠤᠪᠢᠰᠬᠠᠯ ᠤᠨ ᠰᠣᠶᠣᠯ ᠪᠠ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠬᠠᠲᠤᠨ | ᠭᠤᠣᠯ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ ᠢ ᠨᠢᠭᠡ ᠴᠣᠭᠴᠠ ᠪᠣᠯᠭᠠᠨ ᠠᠭᠤᠰᠤᠯᠴᠠᠭᠤᠯᠵᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ | ᠰᠠᠨᠠᠭ᠎ᠠ︾ ᠶᠢ ᠬᠠᠮᠲᠤ ᠪᠠᠷ ᠪᠠᠳᠠᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠦᠨᠳᠦᠰᠦᠨ ᠠᠭᠤᠯᠭ᠎ᠠ ᠪᠤᠯᠭᠠᠬᠰᠠᠨ ︽ᠤᠮᠠᠷᠠᠲᠤ ᠬᠢᠯᠢ ᠶᠢᠨ ᠰᠣᠶᠣᠯ︾ ᠤᠨ | ᠲᠦᠷᠦᠯ ᠲᠡᠮᠳᠡᠭ ᠢ ᠪᠤᠢ ᠪᠤᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠮᠥᠵᠢᠭᠦᠯᠵᠦ ᠬᠥᠲᠥᠯᠥᠨ | ᠵᠢᠯᠤᠭᠤᠳᠴᠤ ᠪᠠᠶᠢᠭᠠᠳ ᠵᠥᠪ ᠤᠯᠤᠰ ᠣᠷᠣᠨ ᠤ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ | ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠠᠬᠢ ᠪᠤᠶ ᠪᠤᠯᠭᠠᠬᠤ ᠬᠡᠷᠡᠭᠲᠡᠢ᠃ | ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠰᠤᠳᠤᠯᠭᠠᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ︽ | ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠮᠠᠲ᠋ᠧᠷᠢᠶᠠᠯ ᠤᠨ | ᠡᠮᠬᠢᠳᠬᠡᠯ · ᠥᠪᠥᠷ ᠮᠣᠩᠭᠤᠯ ᠤᠨ ᠪᠣᠳᠢ︾ ᠶᠢ ᠨᠠᠶᠢᠷᠠᠭᠤᠯᠬᠤ ᠠᠵᠢᠯ ᠢ ᠪᠡᠶᠡᠯᠡᠭᠦᠯᠵᠦ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠶᠢᠨ ᠪᠣᠯᠪᠠᠰᠤᠨ ᠤ ᠲᠤᠬᠠᠢ ᠵᠥᠪ ᠲᠠᠨᠢᠯᠲᠠ ᠪᠠ | ᠲᠡᠦᠬᠡ ᠶᠢᠨ ᠢᠲᠡᠭᠡᠯ ᠢ ᠨᠡᠮᠡᠭᠳᠡᠭᠦᠯᠬᠦ ᠬᠡᠷᠡᠭᠲᠡᠢ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠶᠢ ᠡᠷᠡᠰ ᠭᠤᠶᠢᠪᠢᠰᠢ ᠦᠭᠡᠢ ᠪᠠᠷ ᠪᠦᠭᠦ ᠲᠠᠯ᠎ᠠ ᠪᠠᠷ ᠠᠬᠢᠭᠤᠯᠵᠤ᠂ ᠪᠠᠭᠰᠢ ᠶᠢᠨ ᠡᠩᠨᠡᠭᠡ ᠶᠢ | ᠤᠯᠠᠮ ᠴᠢᠨᠠᠭᠰᠢᠳᠠ ᠪᠠᠶᠢᠭᠤᠯᠤᠨ ᠬᠦᠴᠦᠷᠬᠡᠭᠵᠢᠭᠦᠯᠵᠦ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢ | ᠪᠠᠶᠠᠯᠢᠭᠵᠢᠭᠤᠯᠵᠤ᠂ ᠰᠤᠷᠭᠠᠭᠤᠯᠢ ᠡᠷᠭᠢᠯᠡᠭᠦ ᠵᠠᠭᠪᠤᠷ ᠤᠨ ᠰᠢᠨ᠎ᠡ ᠶᠢ ᠡᠭᠦᠳᠴᠦ᠂ ᠵᠢᠭᠠᠨ ᠰᠤᠷᠭᠠᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠡᠵᠡᠮᠰᠢᠨ ᠬᠡᠷᠡᠭᠯᠡᠬᠦ ᠶᠢ ᠦᠨᠡᠨ ᠬᠦ ᠪᠠᠲᠤᠯᠠᠬᠤ ᠭᠡᠷᠡᠭᠲᠡᠢ︔ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠦᠨ ᠳᠡᠭᠡᠭᠰᠢᠯᠡᠭᠦᠯᠭᠦ ᠢᠨᠵᠧᠨᠧᠷᠢᠩ | ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠳᠡᠯᠭᠡᠷᠡᠭᠦᠯᠦᠨ | ᠲᠦᠭᠡᠮᠡᠯᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠦᠨᠳᠦᠰᠦᠲᠡᠨ ᠤ ᠭᠠᠵᠠᠷ ᠣᠷᠣᠨ ᠳᠤ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠠᠯ᠎ᠠ ᠪᠠᠷ ᠦᠯᠢᠭᠡᠷ ᠳᠠᠭᠤᠷᠢᠶᠠᠯ | ᠪᠤᠯᠬᠤ ᠬᠡᠷᠡᠭᠲᠡᠢ᠃ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢ ᠰᠢᠨᠵᠢᠯᠡᠬᠦ ᠤᠬᠠᠭᠠᠨᠴᠢ ᠪᠠᠷ | ᠬᠠᠮᠠᠭᠠᠯᠠᠵᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠪᠠ | ᠬᠡᠷᠡᠭᠯᠡᠯᠲᠡ ᠶᠢ ᠬᠦᠨᠳᠦᠳᠬᠡᠨ ᠪᠠᠲᠤᠯᠠᠬᠤ ᠬᠡᠷᠡᠭᠲᠡᠢ᠃ ᠳᠤᠮᠳᠠᠳᠤ ᠶᠢᠨ ᠰᠣᠶᠣᠯ ᠪᠣᠯ ᠭᠤᠣᠯ ᠡᠰᠢ ᠮᠥᠨ᠂ | ᠦᠨᠳᠦᠰᠦᠲᠡᠨ ᠨᠦᠭᠦᠳ ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ ᠭᠡᠬᠦ ᠬᠠᠷᠢᠴᠠᠭ᠎ᠠ ᠶᠢ ᠵᠥᠪ ᠣᠨᠣᠪᠴᠢᠲᠠᠢ | ᠡᠵᠡᠮᠳᠡᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠪᠠᠶᠢᠭ᠎ᠠ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ | ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠤᠢ ᠪᠣᠯᠭᠠᠨ ᠲᠤᠪᠤᠶᠢᠯᠭᠠᠵᠤ᠂ | ᠦᠨᠳᠦᠰᠦᠲᠡᠨ ᠨᠦᠭᠦᠳ ᠤᠨ ᠰᠣᠶᠣᠯ ᠤᠨ ᠳᠤᠮᠳᠠᠳᠤ ᠶᠢᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ ᠪᠠᠨ | ᠴᠢᠩᠭᠠᠳᠬᠠᠭᠰᠠᠨ ᠰᠠᠭᠤᠷᠢᠨ ᠳᠡᠭᠡᠷ᠎ᠡ ᠪᠦᠲᠦᠭᠡᠯᠴᠢ ᠴᠢᠨᠠᠷᠲᠠᠢ ᠪᠠᠷ ᠣᠨᠳᠣᠣᠰᠢᠭᠤᠯᠬᠤ᠂ ᠰᠢᠨ᠎ᠡ ᠶᠢ ᠡᠭᠦᠳᠬᠦ | ᠴᠢᠨᠠᠷᠲᠠᠢ ᠪᠠᠷ ᠬᠥᠭᠵᠢᠭᠦᠯᠬᠦ ᠶᠢ ᠠᠬᠢᠭᠤᠯᠵᠤ᠂ ᠵᠥᠷᠢᠶᠡᠲᠦ ᠴᠢᠨᠠᠷ ᠢ ᠪᠠᠬᠢᠵᠢᠭᠦᠯᠬᠦ ᠪᠠ ᠴᠢᠩᠭᠠᠷᠠᠭᠤᠯᠬᠤ᠂ ᠨᠡᠶᠢᠲᠡᠯᠢᠭ | ᠴᠢᠨᠠᠷ ᠢ ᠰᠤᠯᠠᠷᠠᠭᠤᠯᠬᠤ ᠪᠠ ᠬᠤᠬᠢᠷᠠᠭᠤᠯᠬᠤ ᠠᠰᠠᠭᠤᠳᠠᠯ ᠢ ᠡᠷᠡᠰ ᠰᠡᠷᠭᠡᠶᠢᠯᠡᠨ ᠬᠤᠷᠢᠭᠯᠠᠵᠤ᠂ | ᠦᠨᠳᠦᠰᠦᠲᠡᠨ ᠨᠦᠭᠦᠳ ᠤᠨ ᠬᠥᠮᠥᠰ ᠤᠨ ᠰᠡᠳᠬᠢᠯ ᠤᠨ ᠨᠢᠭᠲᠠᠷᠠᠯ᠂ ᠤᠶᠤᠨ ᠰᠠᠨᠠᠭ᠎ᠠ ᠶᠢᠨ ᠲᠦᠰᠢᠭᠯᠡᠯᠴᠡᠯ ᠢ ᠨᠡᠩ | ᠰᠠᠶᠢᠲᠤᠷ ᠠᠬᠢᠭᠤᠯᠬᠤ ᠬᠡᠷᠡᠭᠲᠡᠢ᠃ ᠰᠣᠶᠣᠯ ᠤᠨ ᠠᠵᠢᠯ ᠦᠢᠯᠡᠰ᠂ ᠰᠣᠶᠣᠯ ᠤᠨ ᠠᠵᠤ ᠦᠢᠯᠡᠰ ᠤᠨ ᠴᠡᠴᠡᠭᠯᠡᠨ | ᠬᠥᠭᠵᠢᠬᠦ ᠶᠢ ᠠᠬᠢᠭᠤᠯᠵᠤ᠂ ᠤᠯᠠᠭᠠᠨᠮᠥ᠋ᠴᠢᠷ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠶᠤᠨ ᠤ ᠰᠣᠶᠣᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ | ᠬᠡᠷᠡᠭᠲᠡᠢ᠃ | ︵ᠳᠣᠯᠤᠭ᠎ᠠ︶ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠬᠤ ᠬᠡᠷᠡᠭᠲᠡᠢ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠰᠤᠯᠴᠠᠯ ᠤᠨ ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ᠂ | ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ | ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠥᠷᠭᠡᠴᠡ ᠪᠠ | ᠭᠦᠨᠴᠡ ᠶᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠶᠢ ᠭᠦᠨᠵᠡᠭᠡᠶᠢᠷᠡᠭᠦᠯᠵᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠶᠢᠨ ᠲᠥᠯᠥᠪᠵᠢᠭᠦᠯᠪᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠨ᠂ ᠠᠭᠤᠰᠤᠯᠴᠠᠯ ᠤᠨ ᠭᠡᠯᠪᠡᠷᠢ ᠶᠢᠨ ᠨᠡᠶᠢᠭᠡᠮ ᠤᠨ ᠪᠦᠲᠦᠴᠡ ᠪᠠ | ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ | ᠣᠯᠠᠨ ᠲᠦᠮᠡᠨ ᠤ ᠬᠠᠮᠲᠤ ᠪᠠᠷ ᠣᠷᠣᠰᠢᠨ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠠᠩ ᠪᠦᠷᠢᠨ ᠲᠡᠭᠦᠯᠳᠡᠷ ᠨᠡᠶᠢᠭᠡᠮ ᠤᠨ | ᠨᠥᠬᠦᠴᠡᠯ ᠢ ᠡᠭᠦᠳᠴᠦ᠂ ᠦᠨᠳᠦᠰᠦᠲᠡᠨ ᠨᠦᠭᠦᠳ ᠤᠨ ᠬᠦᠰᠡᠯᠡᠩ᠂ ᠢᠲᠡᠭᠡᠯ ᠪᠢᠰᠢᠷᠡᠯ᠂ ᠬᠠᠶᠢᠷ᠎ᠠ ᠰᠡᠳᠬᠢᠯᠭᠡ᠂ | ᠰᠣᠶᠣᠯ ᠤᠨ ᠲᠠᠯ᠎ᠠ ᠪᠠᠷ ᠬᠢ ᠪᠦᠯᠬᠦᠮᠳᠡᠯ ᠨᠢᠭᠡᠳᠦᠯ ᠢ ᠠᠬᠢᠭᠤᠯᠬᠤ ᠬᠡᠷᠡᠭᠲᠡᠢ᠃ ᠬᠠᠤᠯᠢᠵᠢᠯ ᠤᠨ ᠵᠠᠮ ᠢᠶᠠᠷ | ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ᠃ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠥᠪᠥᠷ ᠮᠣᠩᠭᠤᠯ ᠳᠠᠬᠢ ᠠᠮᠵᠢᠯᠲᠠ ᠲᠠᠢ ᠦᠢᠯᠡᠳᠦᠯᠭᠡ ᠶᠢᠨ ᠲᠤᠷᠰᠢᠯᠭ᠎ᠠ ᠶᠢ ᠭᠦᠨᠵᠡᠭᠡᠢ | ᠰᠤᠳᠤᠯᠤᠨ ᠳ᠋ᠦᠩᠨᠡᠵᠦ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠳᠦᠷᠢᠮ ᠤᠨ ᠰᠢᠰᠲ᠋ᠧᠮ ᠤᠨ ᠬᠤᠷᠠᠮᠳᠤᠯ ᠢ | ᠴᠢᠩᠭᠠᠳᠬᠠᠵᠤ᠂ ᠦᠨᠳᠦᠰᠦᠲᠡᠨ ᠤ ᠠᠵᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠯᠠᠪᠳᠠᠭᠤᠨ ᠡᠮᠬᠢ | ᠵᠢᠷᠤᠮ ᠲᠠᠢ ᠲᠣᠬᠢᠷᠠᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠪᠠᠶᠢᠭᠤᠯᠤᠯ ᠤᠨ ᠣᠨᠣᠯ ᠤᠨ ᠦᠨᠳᠦᠰᠦ ᠰᠤᠷᠪᠤᠯᠵᠢ ᠶᠢ ᠶᠠᠪᠤᠬᠤ ᠲᠤᠲᠤᠮ ᠭᠦᠨᠵᠡᠭᠡᠶᠢᠷᠡᠭᠦᠯᠵᠦ᠂ ᠦᠢᠯᠡᠳᠦᠯᠭᠡ ᠶᠢᠨ | ᠦᠨᠳᠦᠰᠦ ᠰᠠᠭᠤᠷᠢ ᠶᠢ ᠶᠠᠪᠤᠬᠤ ᠲᠤᠲᠤᠮ ᠪᠠᠲᠤ ᠪᠠᠬᠢ ᠪᠤᠯᠭᠠᠬᠤ ᠬᠡᠷᠡᠭᠲᠡᠢ᠃ | ᠭᠤᠷᠪᠠ᠂ ᠦᠨᠳᠦᠰᠦᠲᠡᠨ ᠤ ᠣᠷᠣᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠵᠢᠱᠢᠶᠡᠴᠢ ᠪᠤᠯᠬᠤ ᠬᠡᠷᠡᠭᠲᠡᠢ | ᠶᠡᠷᠦᠩᠬᠡᠢ ᠱᠦᠵᠢ ᠰᠢ ᠶᠢᠨ ᠫᠢᠩ ᠠᠴᠠ ᠥᠪᠥᠷ ᠮᠣᠩᠭᠤᠯ ᠢ ︽ᠰᠢᠨ᠎ᠡ ᠵᠠᠮ ᠨᠡᠭᠡᠭᠡᠬᠦ︾ ᠶᠢ ᠱᠠᠭᠠᠷᠳᠠᠭᠰᠠᠨ | ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠠᠲᠤ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠵᠤ᠂ ᠤᠯᠤᠰ ᠤᠨ ᠠᠮᠢ ᠠᠬᠤᠢ ᠶᠢᠨ | ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ | ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ ᠳᠤ ᠢᠯᠡᠭᠦᠬᠡᠨ ᠬᠤᠪᠢ ᠨᠡᠮᠡᠷᠢ | ᠦᠵᠡᠭᠦᠯᠭᠦ ᠬᠡᠷᠡᠭᠲᠡᠢ᠃ | ︵ᠨᠠᠢᠮᠠ︶ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠴᠣᠭᠴᠠᠯᠠᠬᠤ ᠬᠡᠷᠡᠭᠲᠡᠢ᠃ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ | ᠬᠦᠴᠦᠨ ᠢᠶᠠᠷ ᠢᠶᠠᠨ ᠰᠠᠶᠢᠲᠤᠷ ᠬᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠬᠤᠣᠷ ᠬᠥᠨᠥᠭᠡᠯ ᠢ | ᠦᠨᠳᠦᠰᠦᠯᠡᠨ ᠰᠡᠷᠭᠡᠶᠢᠯᠡᠯᠲᠡ ᠪᠠᠶᠢᠷᠢᠯᠠᠭᠤᠯᠵᠤ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠳᠤᠨ | ᠭᠤᠣᠯ ᠤᠨ ︽ᠶᠡᠭᠡ ᠲᠣᠬᠤᠢ︾ ᠣᠷᠣᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠤᠷᠴᠢᠨ ᠪᠣᠯᠣᠨ ᠬᠤᠯᠠᠨ | ᠰᠢᠷᠭ᠎ᠠ ᠲᠠᠭ᠎ᠠ ᠶᠢᠨ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ᠂ ᠾᠧ ᠰᠢ ᠶᠢᠨ | ᠬᠤᠩᠭᠢᠯ — ᠲᠠᠺᠯᠢᠮᠠᠺᠠᠨ ᠡᠯᠡᠰᠦᠨ ᠴᠦᠯ ᠤᠨ ᠭᠦᠪᠡᠭᠡ ᠳᠠᠭᠠᠤ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ | ᠡᠷᠡᠰ ᠰᠠᠶᠢᠲᠤᠷ ᠬᠢᠵᠦ᠂ ᠮᠠᠨ ᠤ ᠤᠯᠤᠰ ᠤᠨ ᠴᠦᠯᠯᠡᠷᠭᠡᠭᠵᠢᠯ ᠢ ᠵᠠᠰᠠᠬᠤ ᠭᠤᠣᠯ ᠳᠠᠶᠢᠯᠠᠯᠳᠤᠭᠠᠨ ᠤ ᠲᠠᠯᠠᠪᠤᠷ᠂ | ᠡᠯᠡᠰᠦᠨ ᠰᠢᠭᠤᠷᠭ᠎ᠠ ᠶᠢᠨ ᠭᠤᠣᠯ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠠᠷᠢᠭᠤᠴᠠᠯᠭ᠎ᠠ ᠶᠢ ᠡᠭᠦᠷᠭᠡᠯᠡᠬᠦ | ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ ᠶᠢ ᠪᠠᠷᠢᠮᠲᠠᠯᠠᠵᠤ᠂ ᠬᠥᠪᠴᠢ ᠶᠢᠨ ᠡᠯᠡᠰᠦ ᠶᠢ | ᠵᠠᠰᠠᠭᠰᠠᠨ ᠲᠤᠷᠰᠢᠯᠭ᠎ᠠ ᠶᠢ ᠳᠡᠯᠭᠡᠷᠡᠭᠦᠯᠵᠦ᠂ ᠳ᠋ᠧᠩᠺᠸᠦ ᠶᠢᠨ ᠵᠠᠭᠪᠤᠷ ᠵᠢᠴᠢ ᠭᠡᠷᠡᠯᠴᠢ ᠴᠡᠨᠡᠭ ᠢᠶᠠᠷ ᠡᠯᠡᠰᠦ ᠶᠢ | ᠵᠠᠰᠠᠭᠰᠠᠨ ᠵᠠᠭᠪᠤᠷ ᠵᠡᠷᠭᠡ ᠵᠠᠰᠠᠯᠲᠠ ᠶᠢᠨ ᠵᠠᠭᠪᠤᠷ ᠢ ᠳᠡᠯᠭᠡᠷᠡᠭᠦᠯᠵᠦ᠂ ᠲᠣᠭᠲᠠᠴᠠ ᠶᠢᠨ ᠰᠢᠨ᠎ᠡ ᠶᠢ ᠡᠭᠦᠳᠴᠦ | ᠮᠠᠯᠴᠢᠨ ᠲᠠᠷᠢᠶᠠᠴᠢᠨ᠂ ᠠᠵᠤ ᠠᠬᠤᠶᠢᠯᠠᠯ ᠵᠡᠷᠭᠡ ᠡᠯ᠎ᠡ ᠲᠠᠯ᠎ᠠ ᠶᠢᠨ ᠬᠢᠨ ᠤ ᠡᠯᠡᠰᠦ ᠶᠢ ᠵᠠᠰᠠᠬᠤ ᠳᠤ ᠣᠷᠤᠯᠴᠠᠬᠤ | ᠢᠳᠡᠪᠬᠢᠵᠢᠯ ᠢ ᠳᠠᠶᠢᠴᠢᠯᠠᠬᠤ ᠬᠡᠷᠡᠭᠲᠡᠢ᠃ ᠬᠥᠪᠴᠢ ᠶᠢᠨ ᠤᠯᠠᠨ ᠤᠯᠤᠰ ᠤᠨ ᠡᠯᠡᠰᠦᠨ ᠤ ᠶᠠᠷᠢᠶᠠᠨ ᠤ ᠲᠠᠪᠴᠠᠩ ᠢ | ᠰᠠᠶᠢᠲᠤᠷ ᠡᠷᠭᠢᠯᠡᠵᠦ᠂ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠦᠯᠢᠭᠡᠷ ᠢ | ᠰᠠᠶᠢᠲᠤᠷ ᠶᠠᠷᠢᠬᠤ ᠬᠡᠷᠡᠭᠲᠡᠢ᠃ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ᠂ ᠤᠰᠤ ᠪᠠᠷ ᠭᠠᠵᠠᠷ ᠰᠢᠷᠣᠢ ᠶᠢ | ᠲᠣᠭᠲᠠᠭᠠᠬᠤ᠂ ᠤᠰᠤ ᠪᠠᠷ ᠬᠥᠮᠥᠨ ᠠᠮᠠ ᠶᠢ ᠲᠣᠭᠲᠠᠭᠠᠬᠤ᠂ ᠤᠰᠤ ᠪᠠᠷ ᠠᠵᠤ ᠦᠢᠯᠡᠰ ᠢ ᠲᠣᠭᠲᠠᠭᠠᠬᠤ ᠶᠢ | ᠪᠠᠷᠢᠮᠲᠠᠯᠠᠵᠤ᠂ ︽ᠬᠤᠷ᠎ᠠ ᠲᠤᠨᠳᠠᠰᠤᠨ ᠤ ᠬᠤᠷᠣᠭᠳᠠᠯ ᠢ ᠪᠠᠭᠠᠰᠬᠠᠬᠤ︾ ᠪᠠᠷ ᠤᠳᠤᠷᠢᠳᠤᠮᠵᠢ ᠪᠤᠯᠭᠠᠬᠤ ᠶᠢ | ᠲᠣᠪᠤᠶᠢᠯᠭᠠᠨ᠂ ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠪᠬᠤ | ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ | ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠨᠠᠷᠢᠨ | ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ | ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠪᠡᠯᠴᠢᠭᠡᠷ ᠢ ᠰᠡᠷᠭᠦᠭᠡᠬᠦ᠂ | ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ | ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠶᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠤᠢ | ᠰᠢᠭᠤᠢ ᠶᠢ ᠬᠠᠮᠠᠭᠠᠯᠠᠬᠤ ᠪᠠ ᠬᠥᠷᠥᠰᠥ ᠰᠢᠷᠣᠢ ᠶᠢ ᠲᠣᠭᠲᠠᠪᠤᠷᠢᠵᠢᠭᠤᠯᠬᠤ ᠶᠢ ᠴᠢᠩᠭᠠᠳᠬᠠᠵᠤ᠂ ᠨᠤᠲᠤᠭ ᠪᠡᠯᠴᠢᠭᠡᠷ | ᠤᠢ ᠰᠢᠭᠤᠢ ᠭᠤᠣᠯ ᠮᠥᠷᠡᠨ ᠨᠠᠭᠤᠷ ᠴᠥᠭᠦᠷᠥᠮ ᠨᠤᠭᠤ ᠭᠠᠵᠠᠷ ᠢ ᠰᠡᠷᠭᠦᠭᠡᠨ ᠰᠠᠶᠢᠵᠢᠷᠠᠭᠤᠯᠬᠤ ᠶᠢ ᠬᠡᠷᠡᠭᠵᠢᠭᠦᠯᠵᠦ᠂ | ᠪᠠᠶᠢᠭᠠᠯᠢ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽ᠬᠥᠯᠥᠨ | ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ︾ ᠵᠡᠷᠭᠡ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠶᠢ | ᠴᠢᠩᠭᠠᠳᠬᠠᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ | ᠴᠢᠩᠭᠠᠳᠬᠠᠵᠤ᠂ ᠡᠬᠡ ᠤᠯᠤᠰ ᠤᠨ ᠤᠮᠠᠷᠠᠲᠤ ᠬᠢᠯᠢ ᠳᠤ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ | ᠬᠡᠷᠡᠮ ᠢ ᠴᠣᠭᠴᠠᠯᠠᠬᠤ ᠬᠡᠷᠡᠭᠲᠡᠢ᠃ | ︵ᠶᠢᠰᠦ︶ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠴᠣᠭᠴᠠᠯᠠᠬᠤ ᠬᠡᠷᠡᠭᠲᠡᠢ᠃ | ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ | ᠬᠢᠯᠢ ᠶᠢᠨ ᠳᠣᠲᠣᠨ᠎ᠠ ᠭᠠᠳᠠᠨᠠᠬᠢ ᠳᠠᠶᠢᠰᠤᠩᠨᠠᠭᠴᠢ ᠬᠦᠴᠦᠨ ᠤ ᠨᠡᠪᠴᠢᠯᠲᠡ ᠡᠪᠳᠡᠯᠡᠭᠡ ᠬᠢᠬᠦ ᠠᠵᠢᠯᠯᠠᠭ᠎ᠠ ᠶᠢ ᠴᠢᠩᠭ᠎ᠠ | ᠰᠡᠷᠭᠡᠶᠢᠯᠡᠨ ᠡᠷᠡᠰ ᠴᠣᠬᠢᠯᠲᠠ ᠥᠭᠬᠦ ᠬᠡᠷᠡᠭᠲᠡᠢ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶᠡᠨ ᠤ ᠨᠡᠶᠢᠭᠡᠮ ᠤᠨ ᠶᠡᠷᠦᠩᠬᠡᠶᠢᠯᠡᠭᠰᠡᠨ | ᠵᠠᠰᠠᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠬᠦᠨᠳᠦ ᠶᠡᠭᠡ ᠠᠮᠤᠷ ᠲᠦᠪᠰᠢᠨ ᠤ ᠠᠳᠡᠯ ᠠᠴᠠ ᠭᠦᠨᠵᠡᠭᠡᠢ ᠰᠤᠷᠭᠠᠮᠵᠢ | ᠠᠪᠴᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠨᠡᠶᠢᠭᠡᠮ ᠤᠨ ᠠᠮᠤᠷ | ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠠᠵᠤ ᠠᠬᠤᠢ᠂ | ᠰᠣᠶᠣᠯ᠂ ᠨᠡᠶᠢᠭᠡᠮ᠂ ᠠᠮᠢ ᠠᠬᠤᠢ ᠵᠡᠷᠭᠡ ᠡᠯ᠎ᠡ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ | ᠥᠷᠢ ᠥᠭᠴᠡᠭᠡ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠭᠡᠷ ᠭᠠᠵᠠᠷ ᠤᠨ | ᠬᠥᠷᠥᠩᠭᠡ ᠶᠢᠨ ᠠᠶᠤᠯ ᠲᠦᠭᠰᠢᠭᠦᠷᠢ ᠶᠢᠨ ᠭᠡᠮ ᠰᠣᠭᠤᠭ ᠢ ᠢᠳᠡᠪᠬᠢᠲᠡᠢ ᠯᠠᠪᠳᠠᠭᠤᠨ ᠢᠶᠠᠷ ᠠᠷᠢᠯᠭᠠᠵᠤ᠂ ᠣᠷᠣᠨ | ᠪᠦᠰᠡ ᠶᠢᠨ ᠴᠢᠨᠠᠷᠲᠠᠢ᠂ ᠰᠢᠰᠲ᠋ᠧᠮᠳᠤ ᠴᠢᠨᠠᠷᠲᠠᠢ ᠠᠶᠤᠯ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤ | ᠰᠠᠬᠢᠬᠤ ᠬᠡᠷᠡᠭᠲᠡᠢ᠃ ᠬᠠᠤᠯᠢᠵᠢᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠢᠨ᠎ᠡ ᠨᠢᠭᠡᠨ | ᠡᠭᠡᠯᠵᠢ ᠶᠢᠨ ᠠᠵᠢᠯ ᠢ ᠠᠬᠢᠭᠤᠯᠤᠨ᠎ᠠ᠃ | ︵ᠠᠷᠪᠠ︶ ᠰᠢᠯᠢᠳᠡᠭ ᠢ ᠪᠤᠶᠢᠵᠢᠭᠤᠯᠵᠤ ᠦᠷ᠎ᠡ ᠠᠰᠢᠭ ᠢ ᠨᠡᠮᠡᠭᠳᠡᠭᠦᠯᠬᠦ ᠠᠴᠠ ᠭᠠᠷᠳᠠᠵᠤ᠂ ᠤᠯᠤᠰ ᠤᠨ | ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠬᠦᠴᠦ ᠳᠣᠷᠪᠢᠲᠠᠢ ᠪᠦᠲᠦᠭᠡᠨ | ᠪᠠᠶᠢᠭᠤᠯᠬᠤ ᠬᠡᠷᠡᠭᠲᠡᠢ᠃ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠬᠥᠭᠵᠢᠭᠦᠯᠬᠦ ᠶᠢ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ᠤᠯᠤᠰ ᠤᠨ ︽ᠠᠭᠤᠷᠬᠠᠢ ᠶᠢᠨ ᠪᠤᠯᠠᠭᠳᠠᠴᠠ ᠠᠮᠤ ᠶᠢᠨ | ᠰᠠᠩ︾ ᠤᠨ ᠳᠠᠯᠳᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ | ᠨᠡᠭᠡᠭᠡᠨ ᠠᠰᠢᠭᠯᠠᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠶᠢ ᠳᠠᠭᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ | ᠲᠦᠷᠭᠡᠳᠬᠡᠨ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠲᠣᠮᠣ ᠰᠠᠭᠤᠷᠢᠨ᠂ ᠲᠣᠨᠣᠭᠯᠠᠯ ᠦᠢᠯᠡᠳᠬᠦ ᠰᠠᠭᠤᠷᠢᠨ ᠪᠠ | ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠡᠨᠧᠷᠭᠢ ᠲᠣᠣᠷ ᠳᠠᠭᠠᠭᠠᠴᠠ ᠨᠥᠭᠡᠴᠡ ᠶᠢ ᠨᠢᠭᠡᠳᠦᠯᠲᠡᠢ ᠲᠥᠯᠥᠪᠵᠢᠭᠦᠯᠦᠨ ᠪᠠᠶᠢᠷᠢᠰᠢᠭᠤᠯᠵᠤ᠂ ᠨᠡᠭᠡᠭᠡᠨ ᠠᠰᠢᠭᠯᠠᠬᠤ | ᠠᠷᠭ᠎ᠠ ᠮᠠᠶ᠋ᠢᠭ ᠢᠶᠠᠨ ᠬᠤᠪᠢᠷᠠᠭᠤᠯᠤᠨ᠂ ᠬᠡᠷᠡᠭᠯᠡᠭᠡᠨ ᠤ ᠪᠠᠶᠢᠳᠠᠯ ᠢ ᠥᠷᠭᠡᠳᠬᠡᠵᠦ᠂ ᠬᠡᠷᠡᠭᠯᠡᠨ ᠠᠰᠢᠭᠯᠠᠬᠤ | ᠴᠢᠳᠠᠪᠤᠷᠢ ᠪᠠᠨ ᠳᠡᠭᠡᠭᠰᠢᠯᠡᠭᠦᠯᠦᠨ᠂ ᠰᠢᠨ᠎ᠡ ᠡᠨᠧᠷᠭᠢ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ | ᠠᠬᠢᠭᠤᠯᠬᠤ ᠬᠡᠷᠡᠭᠲᠡᠢ᠃ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠳᠠᠢ ᠠᠰᠢᠭᠯᠠᠬᠤ ᠶᠢ ᠴᠢᠩᠭᠠᠳᠬᠠᠨ᠂ | ᠨᠡᠭᠦᠷᠡᠰᠦᠨ ᠤ ᠠᠶᠤᠯᠭᠦᠢ ᠬᠠᠩᠭᠠᠯᠭ᠎ᠠ ᠶᠢ ᠪᠠᠲᠤᠯᠠᠵᠤ᠂ ᠨᠡᠭᠦᠷᠡᠰᠦ ᠪᠠᠷ ᠰᠠᠭᠤᠷᠢ ᠪᠤᠯᠭᠠᠬᠰᠠᠨ ᠰᠢᠨ᠎ᠡ ᠮᠠᠲ᠋ᠧᠷᠢᠶᠠᠯ | ᠵᠢᠴᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ᠃ ︽ | ᠬᠤᠪᠣᠷ ᠰᠢᠷᠣᠢ +︾ ᠬᠠᠮᠵᠢᠯᠴᠠᠨ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠵᠤ᠂ ᠬᠤᠪᠣᠷ ᠰᠢᠷᠣᠢ ᠶᠢᠨ | ᠡᠬᠢ ᠪᠠᠶᠠᠯᠢᠭ ᠢ ᠬᠠᠮᠠᠭᠠᠯᠠᠬᠤ ᠴᠢᠨᠠᠷᠲᠠᠢ ᠪᠠᠷ ᠨᠡᠭᠡᠭᠡᠨ ᠠᠰᠢᠭᠯᠠᠬᠤ᠂ ᠴᠢᠨᠠᠷᠯᠢᠭ ᠠᠰᠢᠭᠯᠠᠬᠤ᠂ ᠵᠢᠷᠤᠮᠵᠢᠭᠤᠯᠤᠨ | ᠬᠠᠮᠢᠶᠠᠷᠬᠤ ᠶᠢ ᠴᠢᠩᠭᠠᠳᠬᠠᠵᠤ᠂ ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠤᠨ ᠬᠡᠯᠬᠢᠶ᠎ᠡ ᠶᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠦᠭᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ | ᠮᠠᠲ᠋ᠧᠷᠢᠶᠠᠯ ᠤᠨ ᠰᠠᠭᠤᠷᠢᠨ ᠪᠠ ᠪᠦᠭᠦ ᠳᠡᠯᠡᠬᠡᠢ ᠳᠤ ᠲᠡᠷᠢᠭᠦᠯᠡᠭᠰᠡᠨ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠢ | ᠴᠣᠭᠴᠠᠯᠠᠬᠤ ᠬᠡᠷᠡᠭᠲᠡᠢ᠃ ᠤᠯᠤᠰ ᠤᠨ ᠰᠢᠨ᠎ᠡ ᠨᠢᠭᠡ ᠡᠭᠡᠯᠵᠢ ᠶᠢᠨ ᠠᠭᠤᠷᠬᠠᠢ ᠡᠷᠢᠬᠦ ᠰᠢᠪᠲᠤᠯᠤᠯᠲᠠ ᠶᠢᠨ | ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠨᠥᠭᠡᠴᠡ ᠶᠢ ᠨᠡᠮᠡᠭᠳᠡᠭᠦᠯᠦᠨ ᠭᠠᠷᠤᠯᠲᠠ ᠶᠢ ᠨᠡᠮᠡᠭᠳᠡᠭᠦᠯᠬᠦ ᠡᠷᠴᠢᠮ ᠢ | ᠴᠢᠩᠭᠠᠷᠠᠭᠤᠯᠬᠤ ᠬᠡᠷᠡᠭᠲᠡᠢ᠃ | ︵ᠠᠷᠪᠠᠨ ᠨᠢᠭᠡ︶ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠂ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠢ ᠲᠤᠭ᠎ᠠ ᠬᠡᠮᠵᠢᠶ᠎ᠡ ᠪᠠᠷ ᠶᠡᠭᠡ ᠪᠥᠭᠡᠳ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠡᠷᠡᠭᠲᠡᠢ᠃ ︽ᠭᠠᠵᠠᠷ | ᠰᠢᠷᠣᠢ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ︾ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠲᠤᠭ᠎ᠠ ᠬᠡᠮᠵᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠶᠠᠰᠤ ᠴᠢᠨᠠᠷ ᠢ ᠳᠡᠭᠡᠭᠰᠢᠯᠡᠭᠦᠯᠵᠦ᠂ ᠤᠨᠠᠯᠲᠠ ᠶᠢ | ᠨᠡᠮᠡᠭᠳᠡᠭᠦᠯᠦᠨ᠂ ᠤᠯᠤᠰ ᠤᠨ ᠴᠢᠬᠤᠯᠠ ︽ᠠᠮᠤ ᠶᠢᠨ ᠰᠠᠩ︾ ᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ᠃ | ᠮᠠᠯ ᠠᠵᠤ ᠠᠬᠤᠢ ᠲᠠᠷᠢᠶᠠᠯᠠᠩ ᠤᠨ ᠣᠷᠣᠨ ᠪᠦᠰᠡ ᠶᠢᠨ ᠪᠠᠶᠢᠷᠢᠰᠢᠭᠤᠯᠤᠯᠲᠠ ᠪᠠ ᠦᠢᠯᠡᠳᠪᠦᠷᠢᠯᠡᠯ ᠤᠨ | ᠪᠦᠲᠦᠴᠡ ᠶᠢ ᠯᠠᠪᠳᠠᠭᠤᠨ ᠢᠶᠠᠷ ᠰᠢᠯᠢᠳᠡᠭᠵᠢᠭᠦᠯᠵᠦ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ | ᠬᠦᠴᠦᠲᠡᠢ ᠠᠳᠬᠤᠨ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠢ | ᠶᠡᠭᠡ ᠪᠠᠷ ᠬᠥᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠭᠦ | ᠲᠠᠯ᠎ᠠ ᠪᠠᠷ ᠴᠢᠩᠭᠠᠳᠬᠠᠨ᠂ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ | ᠦᠢᠯᠡᠰ ᠤᠨ ᠪᠦᠰᠡ ᠶᠢ ᠤᠯᠠᠨ ᠪᠠᠶᠢᠭᠤᠯᠵᠤ᠂ ᠨᠠᠩ ᠣᠯᠠᠨ ᠲᠤᠰᠬᠠᠶᠢᠵᠢᠭᠰᠠᠨ᠂ ᠬᠡᠪᠴᠢᠶᠡᠵᠢᠭᠰᠡᠨ ᠠᠵᠤ | ᠦᠢᠯᠡᠰ ᠤᠨ ᠪᠦᠯᠦᠭᠵᠢᠯ ᠢ ᠪᠤᠢ ᠪᠤᠯᠭᠠᠬᠤ ᠬᠡᠷᠡᠭᠲᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠨᠠᠷᠢᠯᠢᠭ ᠡᠳ᠋ᠰᠢᠭᠦᠯᠬᠦ ᠪᠠ ᠪᠣᠬᠢᠷᠳᠤᠯ ᠦᠭᠡᠢ ᠣᠷᠭᠠᠨᠢᠭ ᠲᠥᠷᠥᠯ ᠲᠡᠮᠳᠡᠭ ᠢ ᠴᠣᠭᠴᠠᠯᠠᠬᠤ ᠶᠢ ᠰᠠᠶᠢᠲᠤᠷ ᠠᠳᠬᠤᠵᠤ᠂ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠠᠩ | ᠣᠯᠠᠨ ︽ᠥᠪᠥᠷ ᠮᠣᠩᠭᠤᠯ ᠨᠡᠷᠡᠮᠵᠢᠳᠤ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠣᠮᠣ | ᠵᠠᠬ᠎ᠠ ᠳᠡᠯᠭᠡᠭᠦᠷ ᠲᠤ ᠣᠷᠣᠭᠤᠯᠵᠤ᠂ ᠰᠠᠶᠢᠨ ᠦᠨ᠎ᠡ ᠳᠤ ᠬᠦᠷᠭᠡᠬᠦ ᠬᠡᠷᠡᠭᠲᠡᠢ᠃ ᠮᠠᠯᠴᠢᠨ ᠲᠠᠷᠢᠶᠠᠴᠢᠨ ᠬᠢᠭᠡᠳ ᠠᠵᠤ | ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ | ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠬᠤ ᠬᠡᠷᠡᠭᠲᠡᠢ᠃ | ︵ᠠᠷᠪᠠᠨ ᠬᠤᠶᠠᠷ︶ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠶᠢ ᠥᠨᠳᠥᠷ ᠰᠦᠷᠯᠢᠭ ᠥᠷᠨᠢᠭᠦᠨ ᠪᠠᠳᠠᠷᠠᠩᠭᠤᠢ ᠪᠦᠲᠦᠭᠡᠨ ᠪᠠᠶᠢᠭᠤᠯᠬᠤ ᠬᠡᠷᠡᠭᠲᠡᠢ᠃ | ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ | ᠣᠷᠣᠯᠴᠠᠵᠤ᠂ ᠨᠡᠪᠲᠡᠷᠡᠬᠦ ᠵᠠᠮ᠂ ᠪᠣᠭᠤᠮᠲᠠ ᠪᠠ ᠲᠠᠪᠴᠠᠩ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ | ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠥᠷᠥᠯ ᠤᠨ ᠨᠡᠭᠡᠭᠡᠯᠲᠡᠲᠤ ᠲᠠᠪᠴᠠᠩ ᠤᠨ | ᠦᠢᠯᠡᠳᠦᠯ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ᠃ ᠭᠤᠣᠯᠳᠠᠯᠭ᠎ᠠ ᠲᠠᠢ ᠪᠣᠭᠤᠮᠲᠠ ᠶᠢᠨ | ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ | ᠴᠢᠳᠠᠮᠵᠢ ᠶᠢ ᠲᠡᠭᠦᠯᠳᠡᠷᠵᠢᠭᠦᠯᠦᠨ᠂ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠵᠦ᠂ ᠪᠣᠭᠤᠮᠲᠠ ᠶᠢᠨ ᠳᠠᠭᠠᠭᠠᠬᠤ | ᠴᠢᠳᠠᠪᠤᠷᠢ ᠪᠠ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠨᠠᠷᠮᠠᠢ | ᠪᠣᠭᠤᠮᠲᠠ ᠲᠠᠢ ᠬᠤᠯᠪᠣᠭᠳᠠᠬᠤ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠳᠤᠮᠳᠠᠳᠤ ᠡᠸᠦ᠋ᠷᠦᠫᠡ ᠶᠢᠨ | ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ᠂ | ᠭᠠᠳᠠᠭᠠᠳᠤ ᠳᠤ ᠬᠠᠨᠳᠤᠭᠤᠯᠤᠭᠰᠠᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠤᠨ᠂ ︽ᠠᠵᠤ ᠠᠬᠤᠢ ᠶᠢᠨ | ᠨᠡᠪᠲᠡᠷᠡᠬᠦ ᠵᠠᠮ︾ ᠠᠴᠠ ︽ᠨᠡᠪᠲᠡᠷᠡᠬᠦ ᠵᠠᠮ ᠤᠨ ᠠᠵᠤ ᠠᠬᠤᠢ︾ ᠲᠡᠶᠢᠰᠢ ᠬᠤᠪᠢᠷᠠᠭᠤᠯᠬᠤ ᠶᠢ ᠠᠬᠢᠭᠤᠯᠵᠤ᠂ ︽ | ᠳᠠᠮᠵᠢᠯᠭ᠎ᠠ ᠶᠢᠨ ᠠᠵᠤ ᠠᠬᠤᠢ︾ ᠠᠴᠠ ︽ᠰᠠᠭᠤᠷᠢᠰᠢᠯ ᠤᠨ ᠠᠵᠤ ᠠᠬᠤᠢ︾ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠠᠬᠢᠭᠤᠯᠤᠨ᠂ ᠪᠣᠭᠤᠮᠲᠠ ᠪᠠ ᠳᠣᠲᠣᠷ᠎ᠠ ᠭᠠᠵᠠᠷ ᠤᠨ ᠬᠤᠯᠪᠤᠭᠠᠯᠠᠨ ᠬᠥᠭᠵᠢᠬᠦ ᠶᠢ ᠠᠬᠢᠭᠤᠯᠬᠤ | ᠬᠡᠷᠡᠭᠲᠡᠢ᠃ ᠣᠷᠣᠰ᠂ ᠮᠣᠩᠭᠤᠯ ᠤᠯᠤᠰ ᠯᠤᠭ᠎ᠠ ᠶᠢᠨ ᠬᠤᠯᠪᠣᠭᠳᠠᠯ ᠪᠦᠬᠦᠢ ᠲᠠᠯ᠎ᠠ ᠲᠠᠢ ᠰᠤᠷᠭᠠᠨ ᠬᠥᠮᠦᠵᠢᠯ᠂ ᠡᠮ | ᠡᠮᠨᠡᠯᠭᠡ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠠᠮᠢ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠠᠷᠠᠳ ᠤᠨ ᠬᠤᠭᠤᠷᠣᠨᠳᠣᠭᠢ ᠶᠠᠪᠤᠯᠴᠠᠭ᠎ᠠ ᠰᠣᠯᠢᠯᠴᠠᠭ᠎ᠠ ᠶᠢ ᠴᠢᠩᠭᠠᠳᠬᠠᠬᠤ ᠬᠡᠷᠡᠭᠲᠡᠢ᠃ | ︵ᠠᠷᠪᠠᠨ ᠭᠤᠷᠪᠠ︶ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ | ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠨ | ᠠᠭᠤᠰᠤᠯᠴᠠᠵᠤ᠂ ᠪᠦᠭᠦ ᠬᠦᠴᠦᠨ ᠢᠶᠠᠷ ᠢᠶᠠᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ᠂ | ᠬᠥᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠬᠡᠷᠡᠭᠲᠡᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ | ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠲᠥᠷᠥ ᠶᠢᠨ ᠪᠣᠳᠣᠯᠭ᠎ᠠ ᠪᠠ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠮᠢ | ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠷᠣᠨ | ᠪᠦᠰᠡ ᠶᠢᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠵᠤ᠂ ᠠᠮᠢ ᠠᠬᠤᠢ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ ᠠᠮᠢ ᠠᠬᠤᠶᠢᠵᠢᠯᠳᠠ ᠶᠢᠨ | ᠠᠯᠬᠤᠴᠠ ᠶᠢ ᠲᠦᠷᠭᠡᠳᠬᠡᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ | ᠭᠡᠬᠦ ᠣᠶᠢᠯᠠᠭᠠᠭᠳᠠᠬᠤᠨ ᠢ ᠬᠥᠮᠥᠨ ᠤ ᠰᠡᠳᠬᠢᠯ ᠳᠤ ᠰᠠᠭᠤᠭᠳᠠᠭᠤᠯᠬᠤ ᠵᠠᠮ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠪᠦᠭᠦ ᠬᠦᠴᠦᠨ ᠢᠶᠠᠷ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠪᠠᠶᠢᠷᠢᠰᠢᠭᠤᠯᠤᠯᠲᠠ ᠶᠢ | ᠬᠦᠴᠦᠯᠡᠨ ᠰᠢᠯᠢᠳᠡᠭᠵᠢᠭᠦᠯᠵᠦ᠂ ᠬᠥᠮᠥᠨ ᠠᠮᠠ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠣᠷᠣᠨ ᠪᠦᠰᠡ ᠶᠢᠨ | ᠪᠠᠶᠢᠷᠢᠰᠢᠭᠤᠯᠤᠯᠲᠠ᠂ ᠬᠤᠲᠠ ᠪᠠᠯᠭᠠᠰᠤ ᠶᠢᠨ ᠪᠠᠶᠢᠷᠢᠰᠢᠭᠤᠯᠤᠯᠲᠠ᠂ ᠠᠵᠤ ᠦᠢᠯᠡᠰ ᠤᠨ ᠪᠠᠶᠢᠷᠢᠰᠢᠭᠤᠯᠤᠯᠲᠠ᠂ | ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠵᠢᠴᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠵᠢᠷᠤᠮᠵᠢᠯ ᠲᠠᠢ ᠡᠮᠬᠢ ᠵᠢᠷᠤᠮ ᠲᠠᠢ᠂ ᠲᠡᠯᠡᠵᠦ | ᠲᠠᠯᠪᠢᠬᠤ ᠨᠢ ᠬᠢᠵᠠᠭᠠᠷᠯᠠᠯ ᠲᠠᠢ᠂ ᠡᠷᠭᠢᠯᠲᠡ ᠰᠠᠭᠠᠳ ᠦᠭᠡᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠠᠵᠤ ᠦᠢᠯᠡᠰ ᠤᠨ ᠪᠦᠲᠦᠴᠡ ᠶᠢ ᠲᠦᠷᠭᠡᠳᠬᠡᠨ | ᠰᠢᠯᠢᠳᠡᠭᠵᠢᠭᠦᠯᠵᠦ᠂ ᠡᠨᠧᠷᠭᠢ ᠶᠢᠨ ᠠᠵᠤ ᠦᠢᠯᠡᠰ ᠤᠨ ᠳᠠᠪᠠᠭᠤᠯᠢᠭ᠂ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠳᠠᠪᠠᠭᠤᠯᠢᠭ᠂ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠲᠤ ᠰᠠᠭᠤᠷᠢᠯᠠᠨ᠂ ᠳᠠᠪᠠᠭᠤᠯᠢᠭ | ᠣᠨᠴᠠᠯᠢᠭᠲᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠲᠡᠷᠢᠭᠦᠨ ᠤ ᠦᠢᠯᠡᠳᠬᠦ | ᠦᠢᠯᠡᠰ ᠢ ᠬᠥᠭᠵᠢᠭᠦᠯᠵᠦ᠂ ᠥᠩᠭᠡᠲᠦ ᠲᠡᠮᠦᠷᠯᠢᠭ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠂ ᠲᠣᠭᠠᠴᠢᠯᠠᠭᠰᠠᠨ ᠠᠵᠤ ᠠᠬᠤᠢ ᠪᠠ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠢᠳᠡᠪᠬᠢᠲᠡᠢ | ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠠᠵᠤ | ᠦᠢᠯᠡᠰ ᠤᠨ ᠰᠢᠰᠲ᠋ᠧᠮ ᠢ ᠳᠡᠭᠡᠳᠦ ᠳᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠢ ᠪᠤᠯᠭᠠᠬᠤ ᠲᠦᠪᠰᠢᠨ ᠢ | ᠳᠡᠭᠡᠭᠰᠢᠯᠡᠭᠦᠯᠦᠨ᠂ ᠡᠬᠢ ᠪᠠᠶᠠᠯᠢᠭ ᠤᠨ ᠭᠡᠯᠪᠡᠷᠢ ᠪᠦᠬᠦᠢ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ | ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠥᠪᠥᠷ ᠮᠣᠩᠭᠤᠯ ᠤᠨ ᠣᠨᠴᠠᠯᠢᠭ ᠳᠠᠪᠠᠭᠤᠯᠢᠭ ᠢ ᠢᠯᠡᠷᠡᠭᠦᠯᠦᠭᠰᠡᠨ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠪᠣᠯᠣᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ᠂ ︽ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠰᠢᠨ᠎ᠡ ᠶᠢ | ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠩ ᠢᠳᠡᠪᠬᠢᠲᠡᠢ᠂ ᠨᠠᠩ ᠨᠡᠭᠡᠭᠡᠯᠲᠡᠲᠡᠢ᠂ ᠨᠠᠩ | ᠪᠦᠲᠦᠮᠵᠢᠲᠡᠶ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠬᠡᠯᠬᠢᠶ᠎ᠡ ᠠᠵᠤ | ᠦᠢᠯᠡᠰ ᠤᠨ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ | ᠠᠬᠢᠭᠤᠯᠬᠤ ᠬᠡᠷᠡᠭᠲᠡᠢ᠃ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ | ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ | ᠮᠥᠩᠭᠦᠨ ᠭᠦᠢᠯᠭᠡᠭᠡ ᠪᠠᠷ ᠪᠣᠳᠠᠲᠤ ᠴᠣᠭᠴᠠ ᠶᠢᠨ ᠠᠵᠤ ᠠᠬᠤᠢ ᠳᠤ ᠨᠠᠩ ᠰᠠᠶᠢᠲᠤᠷ ᠦᠢᠯᠡᠴᠢᠯᠡᠬᠦ ᠶᠢ ᠠᠬᠢᠭᠤᠯᠬᠤ | ᠬᠡᠷᠡᠭᠲᠡᠢ᠃ ᠬᠥᠭᠵᠢᠯᠲᠡ ᠶᠢᠨ ᠳᠤᠲᠠᠭᠤᠳᠠᠯ ᠪᠠ ᠪᠠᠭᠤᠷᠠᠢ ᠲᠠᠯ᠎ᠠ ᠶᠢ ᠲᠦᠷᠭᠡᠪᠴᠢᠯᠡᠨ ᠨᠥᠬᠦᠪᠦᠷᠢᠯᠡᠵᠦ᠂ | ᠬᠡᠷᠡᠭᠯᠡᠭᠡ ᠶᠢ ᠰᠡᠷᠭᠦᠭᠡᠨ ᠥᠷᠭᠡᠳᠬᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠷ᠎ᠡ ᠠᠰᠢᠭ ᠪᠠ | ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠠ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃ | ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ | ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ | ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠵᠢᠱᠢᠶ᠎ᠡ ᠦᠵᠡᠭᠦᠯᠭᠦ ᠣᠷᠣᠨ ᠤ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠬᠡᠷᠡᠭᠲᠡᠢ᠃ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠣᠨ | ᠠᠵᠢᠯᠯᠠᠭᠠᠨ ᠤ ᠲᠣᠭᠲᠠᠴᠠ ᠶᠢ ᠲᠦᠷᠭᠡᠳᠬᠡᠨ ᠰᠢᠯᠤᠭᠤᠳᠬᠠᠵᠤ᠂ ᠠᠵᠤ ᠦᠢᠯᠡᠰ ᠤᠨ ᠡᠷᠴᠢᠮᠯᠢᠭ ᠲᠥᠪᠯᠡᠷᠡᠩᠭᠦᠢ | ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ | ᠳᠥᠷᠪᠡ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠪᠠᠶᠠᠵᠢᠬᠤ ᠵᠠᠮ ᠢᠶᠠᠷ | ᠵᠠᠮᠨᠠᠬᠤ ᠲᠠᠯ᠎ᠠ ᠪᠠᠷ ᠵᠢᠱᠢᠶᠡᠴᠢ ᠪᠤᠯᠬᠤ ᠬᠡᠷᠡᠭᠲᠡᠢ | ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ | ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠵᠦ᠂ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠢ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠠᠮᠲᠤ ᠪᠠᠷ ᠪᠠᠶᠠᠵᠢᠬᠤ ᠶᠢ | ᠠᠬᠢᠭᠤᠯᠬᠤ ᠠᠵᠢᠯᠯᠠᠭ᠎ᠠ ᠶᠠᠪᠤᠭᠳᠠᠵᠤ ᠪᠠᠶᠢᠬᠤ ᠪᠠ ᠳᠡᠷᠭᠡᠳᠡ ᠨᠢ ᠪᠠᠶᠢᠬᠤ ᠶᠢ ᠦᠨᠡᠨ ᠬᠦ ᠮᠡᠳᠡᠷᠡᠭᠦᠯᠬᠦ ᠬᠡᠷᠡᠭᠲᠡᠢ᠃ | ︵ᠠᠷᠪᠠᠨ ᠳᠥᠷᠪᠡ︶ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ | ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ | ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠳᠠᠷᠤᠭᠠᠰᠤ ᠶᠢ ᠬᠥᠩᠭᠡᠷᠡᠭᠦᠯᠵᠦ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠣᠨᠣᠪᠴᠢᠲᠠᠶ ᠪᠥᠭᠡᠳ ᠪᠦᠲᠦᠮᠵᠢᠲᠡᠶ ᠬᠡᠷᠡᠭᠵᠢᠭᠦᠯᠵᠦ᠂ ᠠᠵᠢᠯ ᠣᠯᠭᠤᠯᠲᠠ ᠶᠢᠨ | ᠦᠨᠳᠦᠰᠦᠨ ᠵᠦᠢᠯ ᠢ ᠪᠠᠲᠤᠯᠠᠨ ᠬᠠᠪᠰᠤᠷᠤᠨ ᠲᠡᠳᠬᠦᠬᠦ ᠶᠢ ᠴᠢᠩᠭᠠᠳᠬᠠᠬᠤ ᠬᠡᠷᠡᠭᠲᠡᠢ᠃ ᠦᠢᠯᠡᠰ ᠪᠣᠰᠬᠠᠬᠤ | ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠦᠢᠯᠡᠰ ᠪᠣᠰᠬᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠂ | ᠨᠡᠩ ᠤᠯᠠᠨ ᠬᠥᠳᠡᠯᠮᠦᠷᠢᠴᠢᠳ ᠦᠢᠯᠡᠰ ᠪᠣᠰᠬᠠᠭᠴᠢ ᠪᠤᠯᠬᠤ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠴᠠᠯᠢᠩ ᠢ | ᠵᠦᠢ ᠵᠣᠬᠢᠰᠲᠠᠢ ᠨᠡᠮᠡᠭᠳᠡᠭᠦᠯᠬᠦ ᠲᠣᠭᠲᠠᠴᠠ᠂ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ | ᠬᠢᠬᠦ ᠲᠣᠭᠲᠠᠴᠠ ᠪᠣᠯᠣᠨ ᠴᠠᠯᠢᠩ ᠥᠭᠬᠦ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ︽ᠥᠷᠢ ᠥᠭᠴᠡᠭᠡ ᠶᠢ | ᠠᠷᠢᠯᠭᠠᠬᠤ︾ ᠠᠵᠢᠯ ᠢ ᠬᠥᠳᠡᠯᠦᠩᠭᠦᠢ ᠪᠠᠷ ᠰᠠᠶᠢᠲᠤᠷ ᠬᠢᠬᠦ ᠬᠡᠷᠡᠭᠲᠡᠢ᠃ ︽ᠮᠢᠩᠭ᠎ᠠ ᠲᠦᠮᠡᠨ ᠢᠨᠵᠧᠨᠧᠷᠢᠩ︾ ᠤᠨ | ᠲᠤᠷᠰᠢᠯᠭ᠎ᠠ ᠶᠢ ᠰᠤᠷᠤᠯᠴᠠᠨ ᠳᠡᠯᠭᠡᠷᠡᠭᠦᠯᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠨ᠂ ᠲᠥᠬᠦᠭᠡᠷᠦᠮᠵᠢᠲᠦ ᠲᠠᠷᠢᠶᠠᠯᠠᠩ ᠪᠠ ᠬᠠᠰᠢᠶᠠᠯᠠᠨ ᠲᠡᠵᠢᠭᠡᠬᠦ ᠶᠢ ᠶᠡᠭᠡ ᠪᠠᠷ | ᠬᠥᠭᠵᠢᠭᠦᠯᠵᠦ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠂ ᠮᠠᠯᠴᠢᠨ | ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠠᠵᠢᠯ | ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ᠂ ᠪᠡᠯᠡ ᠮᠥᠩᠭᠦ ᠴᠤᠭᠯᠠᠭᠤᠯᠬᠤ ᠪᠠᠷ ᠭᠦᠳᠡᠯᠮᠦᠷᠢ ᠬᠦᠴᠦ ᠶᠢ | ᠣᠷᠣᠯᠠᠭᠤᠯᠬᠤ᠂ ᠦᠢᠯᠡᠳᠪᠦᠷᠢᠯᠡᠯ ᠤᠨ ᠱᠠᠩᠨᠠᠯ ᠨᠥᠬᠦᠪᠦᠷᠢ ᠥᠭᠬᠦ᠂ ᠭᠦᠳᠡᠯᠮᠦᠷᠢ ᠬᠦᠴᠦᠨ ᠳᠤ ᠨᠥᠬᠦᠪᠦᠷᠢ ᠥᠭᠬᠦ | ᠵᠡᠷᠭᠡ ᠲᠣᠭᠲᠠᠴᠠ ᠶᠢ ᠰᠠᠶᠢᠵᠢᠷᠠᠭᠤᠯᠤᠨ ᠲᠡᠭᠦᠯᠳᠡᠷᠵᠢᠭᠦᠯᠵᠦ᠂ ᠤᠯᠠᠨ ᠲᠦᠮᠡᠨ ᠢ ᠨᠡᠩ ᠴᠢᠩᠭ᠎ᠠ ᠡᠵᠡᠨ ᠬᠥᠮᠥᠨ ᠤ | ᠤᠬᠠᠮᠰᠠᠷ ᠢᠶᠠᠷ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠬᠤᠳᠠ | ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠡᠯ᠎ᠡ | ᠵᠦᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃ | ︵ᠠᠷᠪᠠᠨ ᠲᠠᠪᠤ︶ ᠰᠤᠷᠭᠠᠨ ᠬᠥᠮᠦᠵᠢᠯ ᠡᠮ ᠡᠮᠨᠡᠯᠭᠡ ᠨᠠᠰᠤᠵᠢᠯ ᠤᠨ ᠠᠰᠠᠷᠠᠮᠵᠢ ᠶᠢᠨ ᠦᠢᠯᠡᠰ ᠢ ᠰᠠᠶᠢᠲᠤᠷ | ᠡᠷᠭᠢᠯᠡᠭᠦ ᠬᠡᠷᠡᠭᠲᠡᠢ᠃ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠵᠣᠬᠢᠶᠠᠨ ᠪᠠᠶᠢᠭᠤᠯᠵᠤ | ᠤᠳᠤᠷᠢᠳᠬᠤ᠂ ᠬᠥᠭᠵᠢᠭᠦᠯᠬᠦ ᠲᠥᠯᠦᠪᠵᠢᠭᠦᠯᠭᠡ᠂ ᠡᠬᠢ ᠪᠠᠶᠠᠯᠢᠭ ᠤᠨ ᠪᠠᠲᠤᠯᠠᠭ᠎ᠠ᠂ ᠵᠠᠷᠤᠳᠠᠯ ᠤᠨ | ᠣᠷᠣᠭᠤᠯᠤᠯᠲᠠ ᠶᠢᠨ ᠲᠠᠯ᠎ᠠ ᠪᠠᠷ ᠡᠷᠴᠢᠮ ᠢᠶᠠᠨ ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠬᠤᠳᠠ ᠬᠥᠳᠡᠭᠡ᠂ | ᠣᠷᠣᠨ ᠪᠦᠰᠡ᠂ ᠰᠤᠷᠭᠠᠭᠤᠯᠢ ᠶᠢᠨ ᠬᠤᠭᠤᠷᠤᠨᠳᠤᠭᠢ ᠵᠥᠷᠢᠶ᠎ᠡ ᠶᠢ ᠬᠦᠴᠦᠯᠡᠨ ᠪᠠᠭᠠᠰᠬᠠᠵᠤ᠂ ᠡᠯ᠎ᠡ ᠱᠠᠲᠤᠨ ᠤ ᠡᠯ᠎ᠡ | ᠲᠦᠷᠦᠯ ᠤᠨ ᠰᠤᠷᠭᠠᠨ ᠬᠥᠮᠦᠵᠢᠯ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠲᠣᠭᠠᠴᠢᠯᠠᠭᠰᠠᠨ ᠰᠤᠷᠭᠠᠨ | ᠬᠥᠮᠦᠵᠢᠯ ᠢ ᠢᠳᠡᠪᠬᠢᠲᠡᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢᠨ | ᠲᠣᠭᠤᠷᠢᠨ ᠳᠤ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ᠃ ᠴᠢᠨᠠᠷ | ᠰᠠᠶᠢᠲᠠᠢ ᠡᠮ ᠡᠮᠨᠡᠯᠭᠡ ᠶᠢᠨ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢ | ᠲᠡᠩᠴᠡᠭᠦᠷᠢᠲᠡᠢ ᠪᠠᠶᠢᠷᠢᠯᠠᠭᠤᠯᠬᠤ ᠶᠢ ᠠᠬᠢᠭᠤᠯᠵᠤ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ | ᠶᠡᠷᠦᠩᠬᠡᠶᠢᠯᠡᠭᠰᠡᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ︽ᠢᠨᠲ᠋ᠧᠷ ᠰᠦᠯᠵᠢᠶ᠎ᠡ + ᠡᠮ ᠡᠮᠨᠡᠯᠭᠡ | ᠡᠷᠡᠭᠦᠯ ᠮᠡᠨᠳᠦ︾ ᠶᠢ ᠳᠡᠯᠭᠡᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠲᠡᠭᠦᠯᠳᠡᠷᠵᠢᠭᠦᠯᠦᠨ᠂ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ | ᠣᠯᠠᠨ ᠲᠦᠮᠡᠨ ᠤ ᠡᠪᠡᠳᠴᠢᠨ ᠦᠵᠡᠭᠦᠯᠭᠦ ᠳᠤ ᠳᠦᠭᠦᠮ᠂ ᠡᠪᠡᠳᠴᠢᠨ ᠦᠵᠡᠭᠦᠯᠵᠦ ᠳᠡᠶᠢᠯᠭᠦ ᠶᠢ ᠪᠠᠲᠤᠯᠠᠬᠤ | ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠶᠡᠭᠡ ᠪᠠᠷ | ᠬᠥᠭᠵᠢᠭᠦᠯᠵᠦ᠂ ᠨᠡᠶᠢᠭᠡᠮ ᠲᠣᠭᠤᠷᠢᠭ ᠤᠨ ᠨᠠᠰᠤᠵᠢᠯ ᠳᠤ ᠲᠣᠬᠢᠷᠠᠬᠤ ᠥᠭᠡᠷᠡᠴᠢᠯᠡᠯᠲᠡ ᠶᠢ ᠲᠡᠭᠦᠯᠳᠡᠷᠵᠢᠭᠦᠯᠦᠨ᠂ | ᠮᠠᠯᠵᠢᠬᠤ ᠲᠠᠷᠢᠶᠠᠯᠠᠬᠤ ᠣᠷᠣᠨ ᠤ ᠪᠣᠳᠠᠲᠠᠢ ᠳᠤ ᠨᠡᠶᠢᠴᠡᠭᠰᠡᠨ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠢ ᠬᠥᠭᠵᠢᠭᠦᠯᠵᠦ᠂ ᠨᠠᠰᠤᠵᠢᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ | ᠠᠳᠠᠯᠢ ᠪᠤᠰᠤ ᠨᠠᠰᠤᠲᠠᠶᠢᠴᠤᠳ ᠲᠤ ᠴᠢᠭᠯᠡᠭᠦᠯᠦᠨ ᠲᠥᠷᠥᠯ ᠬᠤᠪᠢᠶᠠᠨ ᠨᠠᠰᠤᠵᠢᠯ ᠤᠨ ᠪᠠᠲᠤᠯᠠᠭ᠎ᠠ᠂ ᠠᠮᠢᠳᠤᠷᠠᠯ ᠤᠨ | ᠬᠠᠷᠠᠭᠠᠯᠵᠠᠯ᠂ ᠡᠷᠡᠭᠦᠯᠵᠢᠯ ᠤᠨ ᠰᠤᠪᠢᠯᠠᠯᠲᠠ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠲᠣᠬᠢᠷᠠᠮᠵᠢᠲᠠᠢ | ᠦᠢᠯᠡᠴᠢᠯᠡᠭᠡᠨ ᠢ ᠬᠠᠩᠭᠠᠵᠤ᠂ ᠪᠦᠭᠦ ᠨᠠᠰᠤᠲᠠᠶᠢᠴᠤᠳ ᠲᠤ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠬᠦᠷᠲᠡᠭᠡᠬᠦ ᠶᠢ ᠪᠡᠶᠡᠯᠡᠭᠦᠯᠬᠦ ᠬᠡᠷᠡᠭᠲᠡᠢ᠃ | ︵ᠠᠷᠪᠠᠨ ᠵᠢᠷᠭᠤᠭ᠎ᠠ︶ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠬᠦ | ᠬᠡᠷᠡᠭᠲᠡᠢ᠃ ᠳᠠᠭᠠᠳᠬᠠᠯ ᠳᠤ ᠣᠷᠤᠯᠴᠠᠬᠤ ᠬᠡᠪᠴᠢᠶ᠎ᠡ ᠶᠢ ᠥᠷᠭᠡᠳᠬᠡᠬᠦ ᠶᠢ ᠠᠬᠢᠭᠤᠯᠵᠤ᠂ ᠨᠡᠶᠢᠭᠡᠮ ᠤᠨ | ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠡᠯ᠎ᠡ | ᠵᠦᠢᠯ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠦᠢᠯ ᠤᠨ ᠣᠨᠣᠪᠴᠢᠲᠠᠶ ᠪᠠᠷ ᠨᠠᠶᠢᠳᠠᠪᠤᠷᠢᠵᠢᠭᠤᠯᠵᠤ᠂ | ᠣᠯᠠᠨ ᠲᠦᠮᠡᠨ ᠤ ᠭᠡᠨᠡᠳᠲᠡ ᠶᠢᠨ ᠴᠢᠨᠠᠷᠲᠠᠢ᠂ ᠲᠤᠯᠭᠠᠮ ᠴᠢᠨᠠᠷᠲᠠᠢ᠂ ᠲᠦᠷ ᠴᠠᠭ ᠤᠨ ᠴᠢᠨᠠᠷᠲᠠᠢ ᠦᠨᠳᠦᠰᠦᠨ | ᠠᠮᠢᠳᠤᠷᠠᠯ ᠤᠨ ᠬᠦᠴᠢᠷᠳᠡᠯ ᠢ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ | ᠣᠷᠣᠨ ᠤ ᠭᠡᠷ ᠲᠡᠭᠡᠨ ᠬᠤᠴᠣᠷᠤᠭᠰᠠᠨ ᠬᠡᠦᠬᠡᠳ᠂ ᠡᠮᠡᠭᠲᠡᠶᠢᠴᠦᠳ᠂ ᠨᠠᠰᠤᠲᠠᠶᠢᠴᠤᠳ ᠵᠢᠴᠢ ᠬᠤᠲᠠ ᠶᠢᠨ | ᠬᠦᠴᠢᠷᠳᠡᠯᠲᠡᠢ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠴᠢᠩᠭᠠᠳᠬᠠᠵᠤ᠂ ᠬᠦᠴᠢᠷᠳᠡᠯᠲᠡᠢ | ᠬᠥᠮᠥᠰ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠶᠢ ᠪᠦᠭᠦᠨ ᠢ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠢ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠲᠣᠭᠲᠠᠴᠠ ᠶᠢ ᠪᠦᠷᠢᠨᠰᠢᠭᠦᠯᠦᠨ᠂ ᠬᠡᠪᠴᠢᠶᠡᠵᠢᠯ ᠤᠨ ᠴᠢᠨᠠᠷᠲᠠᠢ | ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠦᠷᠡᠵᠢᠯ ᠤᠨ | ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠭᠡᠷ ᠪᠦᠯᠢ ᠶᠢᠨ ᠦᠷᠡᠵᠢᠯ ᠤᠨ | ᠰᠤᠷᠭᠠᠨ ᠬᠥᠮᠦᠵᠢᠯ ᠤᠨ ᠳᠠᠷᠤᠭᠠᠰᠤ ᠶᠢ ᠬᠥᠩᠭᠡᠷᠡᠭᠦᠯᠵᠦ᠂ ᠨᠥᠭᠦᠷᠰᠡᠭ ᠭᠡᠯᠪᠡᠷᠢ ᠶᠢᠨ ᠦᠷᠡᠵᠢᠯ ᠤᠨ ᠨᠡᠶᠢᠭᠡᠮ ᠢ | ᠪᠠᠶᠢᠭᠤᠯᠬᠤ ᠶᠢ ᠠᠬᠢᠭᠤᠯᠬᠤ ᠬᠡᠷᠡᠭᠲᠡᠢ᠃ | ᠲᠠᠪᠤ᠂ ᠬᠢᠯᠢ ᠬᠢᠵᠠᠭᠠᠷ ᠢ ᠮᠠᠨᠳᠤᠭᠤᠯᠬᠤ ᠬᠢᠯᠢ ᠬᠢᠵᠠᠭᠠᠷ ᠢ ᠲᠣᠭᠲᠠᠪᠤᠷᠢᠵᠢᠭᠤᠯᠬᠤ ᠬᠢᠯᠢ ᠬᠢᠵᠠᠭᠠᠷ ᠢ | ᠪᠠᠬᠢᠵᠢᠭᠦᠯᠬᠦ ᠲᠠᠯ᠎ᠠ ᠪᠠᠷ ᠵᠢᠱᠢᠶᠡᠴᠢ ᠪᠤᠯᠬᠤ ᠬᠡᠷᠡᠭᠲᠡᠢ | ᠬᠢᠯᠢ ᠬᠢᠵᠠᠭᠠᠷ ᠢ ᠬᠦᠴᠦᠷᠬᠡᠭᠵᠢᠭᠦᠯᠬᠦ᠂ ᠬᠢᠯᠢ ᠬᠢᠵᠠᠭᠠᠷ ᠢ ᠲᠣᠭᠲᠠᠪᠤᠷᠢᠵᠢᠭᠤᠯᠬᠤ᠂ ᠬᠢᠯᠢ ᠬᠢᠵᠠᠭᠠᠷ ᠢ | ᠪᠠᠬᠢᠵᠢᠭᠦᠯᠬᠦ᠂ ᠬᠢᠯᠢ ᠬᠢᠵᠠᠭᠠᠷ ᠢ ᠪᠠᠶᠠᠵᠢᠭᠤᠯᠬᠤ᠂ ᠬᠢᠯᠢ ᠬᠢᠵᠠᠭᠠᠷ ᠢ ᠡᠶ᠎ᠡ ᠵᠣᠬᠢᠴᠠᠩᠭᠤᠢ ᠪᠠᠶᠢᠯᠭᠠᠬᠤ ᠶᠢ ᠨᠢᠭᠡ | ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠬᠢᠯᠢ ᠶᠢᠨ ᠴᠡᠴᠡᠭᠯᠡᠯ ᠬᠥᠭᠵᠢᠯ᠂ ᠬᠢᠯᠢ ᠶᠢᠨ ᠠᠷᠠᠳ ᠤᠨ | ᠪᠦᠯᠬᠦᠮᠳᠡᠯ ᠵᠣᠯ ᠵᠢᠷᠭᠠᠯ᠂ ᠬᠢᠯᠢ ᠶᠢᠨ ᠬᠠᠮᠠᠭᠠᠯᠠᠯᠲᠠ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠠᠬᠢᠭᠤᠯᠵᠤ᠂ | ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾᠂ ᠨᠡᠶᠢᠰᠯᠡᠯ ᠤᠨ ︽ᠬᠠᠮᠠᠭᠠᠯᠠᠯᠲᠠ ᠶᠢᠨ ᠭᠤᠣᠯ︾ ᠢ ᠡᠷᠡᠰ | ᠰᠠᠶᠢᠲᠤᠷ ᠰᠠᠬᠢᠬᠤ ᠬᠡᠷᠡᠭᠲᠡᠢ᠃ | ︵ᠠᠷᠪᠠᠨ ᠳᠣᠯᠤᠭ᠎ᠠ︶ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ | ᠬᠡᠷᠡᠭᠲᠡᠢ᠃ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ | ᠬᠢᠯᠢ ᠶᠢ ᠪᠠᠬᠢᠵᠢᠭᠦᠯᠬᠦ ᠪᠠᠶᠢᠳᠠᠯ ᠢ ᠪᠠᠲᠤᠳᠬᠠᠵᠤ᠂ ᠬᠢᠯᠢ ᠶᠢᠨ ᠬᠠᠮᠠᠭᠠᠯᠠᠯᠲᠠ ᠶᠢᠨ ᠬᠠᠮᠢᠶᠠᠷᠤᠨ ᠡᠵᠡᠮᠳᠡᠬᠦ | ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ | ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠦᠨ᠂ ᠴᠡᠷᠢᠭ ᠵᠠᠰᠠᠭ ᠴᠡᠷᠢᠭ ᠠᠷᠠᠳ ᠤᠨ | ᠪᠦᠯᠬᠦᠮᠳᠡᠯ ᠢ ᠠᠬᠢᠭᠤᠯᠬᠤ ᠬᠡᠷᠡᠭᠲᠡᠢ᠃ ᠬᠢᠯᠢ ᠬᠢᠵᠠᠭᠠᠷ ᠣᠷᠣᠨ ᠤ ᠬᠥᠮᠥᠨ ᠠᠮᠠ ᠶᠢᠨ ︽ᠬᠥᠨᠳᠡᠶᠢᠷᠡᠯ︾ ᠤᠨ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠦᠷᠢᠶᠡᠴᠢᠯᠡᠭᠰᠡᠨ ᠪᠠ ᠣᠨᠣᠪᠴᠢᠯᠠᠭᠰᠠᠨ ᠨᠥᠬᠦᠪᠦᠷᠢ ᠶᠢᠨ ᠲᠥᠷᠥ ᠶᠢᠨ | ᠪᠣᠳᠣᠯᠭ᠎ᠠ ᠶᠢ ᠰᠤᠳᠤᠯᠤᠨ ᠨᠡᠶᠢᠲᠡᠯᠡᠬᠦ ᠬᠡᠷᠡᠭᠲᠡᠢ᠃ ︽ᠲᠣᠭᠠᠴᠢᠯᠠᠭᠰᠠᠨ ᠬᠢᠯᠢ ᠶᠢᠨ ᠬᠠᠮᠠᠭᠠᠯᠠᠯᠲᠠ︾᠂ ︽ᠣᠶᠤᠨᠴᠢ | ᠬᠢᠯᠢ ᠶᠢᠨ ᠬᠠᠮᠠᠭᠠᠯᠠᠯᠲᠠ︾ ᠶᠢᠨ ᠪᠠᠶᠢᠭᠤᠯᠤᠯᠲᠠ ᠶᠢ ᠠᠬᠢᠭᠤᠯᠵᠤ᠂ ᠠᠷᠠᠳ ᠤᠨ ᠰᠡᠷᠭᠡᠶᠢᠯᠡᠯᠲᠡ᠂ ᠪᠣᠳᠠᠰ ᠤᠨ | ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠬᠦ ᠬᠡᠷᠡᠭᠲᠡᠢ᠃ ︽ | ᠤᠰᠤ ᠴᠠᠭᠢᠯᠭᠠᠨ ᠵᠠᠮ ᠴᠢᠮᠡᠭᠡ ᠬᠤᠯᠪᠤᠭ᠎ᠠ︾ ᠵᠡᠷᠭᠡ ᠰᠠᠭᠤᠷᠢ ᠲᠥᠬᠦᠭᠡᠷᠦᠮᠵᠢ ᠶᠢ ᠴᠡᠷᠢᠭ ᠠᠩᠭᠢ ᠪᠠ ᠣᠷᠣᠨ | ᠨᠤᠲᠤᠭ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠵᠦ᠂ ᠬᠢᠯᠢ ᠳᠠᠭᠠᠤ ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠪᠠ ᠴᠢᠬᠤᠯᠠ ᠶᠡᠭᠡ | ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠬᠢᠯᠢ ᠬᠢᠵᠠᠭᠠᠷ ᠣᠷᠣᠨ ᠤ | ᠬᠤᠰᠢᠭᠤ ᠬᠤᠲᠠ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠲᠡᠳᠬᠦᠵᠦ᠂ ᠬᠢᠯᠢ | ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭᠠᠨ ᠤ ᠲᠥᠪ ᠬᠤᠲᠠ ᠪᠠᠯᠭᠠᠰᠤ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | ︵ᠠᠷᠪᠠᠨ ᠨᠠᠢᠮᠠ︶ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ ᠠᠵᠢᠯ ᠤᠨ | ᠰᠢᠰᠲ᠋ᠧᠮ ᠢ ᠪᠦᠷᠢᠨᠰᠢᠭᠦᠯᠵᠦ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠬᠤᠶᠠᠷ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠠᠵᠢᠯᠯᠠᠭᠠᠨ ᠢ ᠵᠢᠷᠤᠮᠵᠢᠭᠤᠯᠵᠤ᠂ ᠲᠣᠣᠷᠵᠢᠭᠤᠯᠤᠬᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ | ᠦᠢᠯᠡᠴᠢᠯᠡᠭᠡ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ | ᠲᠡᠭᠦᠯᠳᠡᠷᠵᠢᠭᠦᠯᠬᠦ ᠬᠡᠷᠡᠭᠲᠡᠢ᠃ ᠨᠡᠶᠢᠭᠡᠮ ᠲᠣᠭᠤᠷᠢᠭ ᠤᠨ ᠵᠠᠰᠠᠯᠲᠠ ᠶᠢ ᠪᠤᠶᠢᠵᠢᠭᠤᠯᠤᠨ ᠬᠥᠭᠵᠢᠭᠦᠯᠬᠦ ᠤᠯᠠᠨ ᠡᠰᠢᠲᠦ | ᠭᠤᠣᠯ ᠴᠣᠭᠴᠠ ᠶᠢᠨ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ᠨᠡᠶᠢᠭᠡᠮ ᠲᠣᠭᠤᠷᠢᠭ ᠤᠨ ᠨᠡᠶᠢᠭᠡᠮ ᠤᠨ | ᠠᠵᠢᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠣᠯᠣᠨ ᠰᠠᠶᠢᠨ ᠳᠤᠷᠠᠴᠤᠳ ᠤᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯᠲᠠᠳ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠪᠣᠯᠣᠨ | ᠴᠠᠯᠢᠩ ᠬᠥᠯᠥᠰᠦ ᠶᠢᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠬᠤᠲᠠ ᠶᠢᠨ ᠬᠡᠪᠴᠢᠶᠡᠨ ᠤ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ︽ᠣᠯᠠᠨ ᠲᠠᠯ᠎ᠠ ᠶᠢᠨ ᠦᠨᠡᠯᠡᠯᠲᠡ︾ ᠵᠡᠷᠭᠡ | ᠣᠶᠤᠨᠴᠢ ᠵᠠᠰᠠᠯᠲᠠ ᠶᠢᠨ ᠲᠠᠪᠴᠠᠩ ᠤᠨ ᠵᠠᠭᠪᠤᠷ ᠢ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ | ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠫᠦᠵᠢᠶᠠᠩ ᠤᠨ ᠲᠤᠷᠰᠢᠯᠭ᠎ᠠ︾ ᠶᠢ | ᠭᠦᠨᠵᠡᠭᠡᠶᠢᠷᠡᠭᠦᠯᠦᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠶᠡᠭᠡ ᠪᠠᠷ | ᠬᠡᠷᠡᠭᠵᠢᠭᠦᠯᠦᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ | ᠡᠷᠬᠡ ᠠᠰᠢᠭ ᠢ ᠪᠠᠲᠤᠯᠠᠬᠤ ᠵᠠᠮ ᠢ ᠰᠢᠯᠤᠭᠤᠳᠬᠠᠵᠤ ᠵᠢᠷᠤᠮᠵᠢᠭᠤᠯᠬᠤ ᠬᠡᠷᠡᠭᠲᠡᠢ᠃ | ᠵ᠊ᠵᠷᠭᠤᠭᠠ᠂ ᠬᠢᠯᠢ ᠬᠢᠵᠠᠭᠠᠷ ᠣᠷᠣᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ | ᠬᠤᠯᠪᠣᠯᠳᠤᠨ ᠨᠡᠪᠲᠡᠷᠡᠭᠦᠯᠬᠦ ᠲᠠᠯ᠎ᠠ ᠪᠠᠷ ᠵᠢᠱᠢᠶᠡᠴᠢ ᠪᠤᠯᠬᠤ ᠬᠡᠷᠡᠭᠲᠡᠢ | ᠤᠯᠤᠰ ᠤᠨ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ | ᠦᠢᠯᠡᠴᠢᠯᠡᠵᠦ᠂ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠪᠠ ᠤᠯᠤᠰ ᠤᠨ ᠳᠣᠲᠣᠭᠠᠳᠤ ᠶᠢᠨ ᠣᠷᠣᠨ | ᠪᠦᠰᠡ ᠶᠢᠨ ᠬᠠᠮᠲᠤᠷᠠᠯᠴᠠᠭᠠᠨ ᠤ ᠬᠦᠷᠢᠶ᠎ᠡ ᠶᠢ ᠢᠳᠡᠪᠬᠢᠲᠡᠢ ᠥᠷᠭᠡᠳᠬᠡᠵᠦ᠂ ᠨᠡᠭᠡᠭᠡᠯᠲᠡ ᠶᠢᠨ ᠲᠠᠰ ᠳᠠᠪᠬᠤᠷᠭ᠎ᠠ ᠪᠠ | ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠥᠪᠥᠷ ᠮᠣᠩᠭᠤᠯ ᠢ ᠳᠣᠲᠣᠭᠠᠳᠤ ᠭᠠᠳᠠᠭᠠᠳᠤ ᠶᠢ ᠬᠤᠯᠪᠣᠨ | ᠡᠷᠭᠢᠨ ᠲᠣᠭᠤᠷᠢᠨ ᠢ ᠨᠥᠯᠥᠭᠡᠯᠡᠬᠦ᠂ ᠡᠬᠢ ᠪᠠᠶᠠᠯᠢᠭ ᠢ ᠲᠥᠪᠯᠡᠷᠡᠭᠦᠯᠦᠨ ᠲᠠᠷᠬᠠᠭᠠᠬᠤ᠂ ᠴᠢᠬᠤᠯᠠ ᠡᠯᠧᠮᠧᠨ᠋ᠲ ᠢ | ᠠᠭᠤᠰᠤᠯᠴᠠᠭᠤᠯᠤᠨ ᠨᠡᠪᠲᠡᠷᠡᠯᠴᠡᠭᠦᠯᠬᠦ ᠪᠦᠭᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠪᠣᠯᠭᠠᠨ ᠪᠠᠶᠢᠭᠤᠯᠵᠤ᠂ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠯᠳᠤᠨ ᠨᠡᠪᠲᠡᠷᠡᠭᠦᠯᠬᠦ ᠳᠤᠮᠳᠠ ᠨᠠᠩ ᠶᠡᠭᠡ | ᠦᠢᠯᠡᠳᠦᠯ ᠦᠵᠡᠭᠦᠯᠭᠦ ᠪᠤᠯᠭᠠᠬᠤ ᠬᠡᠷᠡᠭᠲᠡᠢ᠃ | ︵ᠠᠷᠪᠠ ᠶᠢᠰᠦ︶ ᠦᠵᠡᠯ ᠰᠠᠨᠠᠭᠠᠨ ᠤ ᠶᠡᠭᠡ ᠴᠢᠯᠦᠭᠡᠯᠡᠯᠲᠡ ᠪᠠ ᠦᠵᠡᠯᠲᠡ ᠶᠢᠨ ᠶᠡᠭᠡ ᠰᠢᠨᠡᠴᠢᠯᠡᠯᠲᠡ ᠶᠢ | ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠳᠡᠯᠡᠬᠡᠢ ᠶᠢᠨ ᠬᠠᠷᠠᠴᠠ ᠪᠠ | ᠳᠡᠯᠡᠬᠡᠢ ᠶᠢᠨ ᠬᠠᠷᠠᠭᠠᠰᠤ ᠶᠢ ᠪᠤᠢ ᠪᠤᠯᠭᠠᠵᠤ᠂ ᠨᠡᠭᠡᠭᠡᠯᠲᠡᠲᠤ ᠬᠥᠭᠵᠢᠯᠲᠡ ᠶᠢᠨ ᠤᠬᠠᠮᠰᠠᠷ ᠢ ᠨᠢ ᠴᠢᠩᠭᠠᠳᠬᠠᠵᠤ᠂ | ᠲᠤᠬᠠᠢ ᠶᠢᠨ ᠭᠠᠵᠠᠷ ᠣᠷᠣᠨ ᠪᠠ ᠪᠠᠶᠢᠭᠠᠯᠢ ᠶᠢᠨ ᠨᠥᠬᠦᠴᠡᠯ ᠤᠨ ᠬᠢᠵᠠᠭᠠᠷᠯᠠᠯ ᠠᠴᠠ ᠳᠠᠪᠠᠵᠤ ᠬᠥᠭᠵᠢᠯᠲᠡ ᠶᠢ | ᠡᠷᠢᠯᠬᠢᠯᠡᠨ᠂ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠠᠴᠠ ᠪᠦᠭᠦ ᠲᠠᠯ᠎ᠠ ᠶᠢᠨ | ᠨᠡᠭᠡᠭᠡᠯᠲᠡ ᠶᠢ ᠠᠬᠢᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠢ ᠦᠨᠡᠨ ᠬᠦ ᠨᠡᠭᠡᠭᠡᠯᠲᠡᠲᠤ ᠳᠠᠪᠠᠭᠤᠯᠢᠭ᠂ | ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠲᠡᠷᠢᠭᠦᠨ ᠢ ᠡᠭᠦᠳᠬᠦ ᠪᠠᠷ ᠴᠢᠷᠮᠠᠶᠢᠬᠤ᠂ | ᠲᠡᠷᠢᠭᠦᠨ ᠤ ᠬᠢ ᠶᠢ ᠭᠦᠢᠴᠡᠬᠦ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ᠂ ︽ᠪᠢ ᠬᠥᠮᠥᠨ ᠢ ᠬᠦᠷᠬᠦ | ᠦᠭᠡᠢ︾ ᠭᠡᠬᠦ ᠪᠤᠳᠣᠯ᠂ ︽ᠬᠥᠭᠵᠢᠯᠲᠡ ᠶᠢᠨ ᠲᠠᠯ᠎ᠠ ᠪᠠᠷ ᠳᠡᠩᠳᠡᠭᠦᠦ ᠶᠠᠭᠠᠷᠠᠵᠤ ᠪᠤᠯᠬᠤ ᠦᠭᠡᠢ︾ ᠭᠡᠬᠦ ᠪᠤᠳᠤᠯ᠂ | ︽ᠶᠠᠪᠤᠴᠠ ᠶᠢ ᠴᠢᠬᠤᠯᠠᠴᠢᠯᠠᠭᠠᠳ ᠦᠷ᠎ᠡ ᠳ᠋ᠦᠩ ᠢ ᠴᠢᠬᠤᠯᠠᠴᠢᠯᠠᠬᠤ ᠦᠭᠡᠢ︾ ᠤᠬᠠᠮᠰᠠᠷ᠂ ︽ᠡᠮ ᠤᠨ ᠵᠣᠷ | ᠦᠭᠡᠢ ᠪᠣᠯ ᠡᠮ ᠥᠭᠬᠦ ᠵᠣᠷᠢᠭ ᠦᠭᠡᠢ︾ ᠬᠢᠳᠡᠯ᠂ ︽ᠨᠢᠳᠦᠨ ᠡᠮᠦᠨᠡᠬᠢ ᠪᠠᠨ ᠬᠠᠷᠠᠭᠠᠳ ᠬᠤᠯᠠ ᠶᠢ ᠬᠠᠷᠠᠬᠤ | ᠦᠭᠡᠢ︾ ᠰᠡᠳᠬᠢᠬᠦᠢ᠂ ︽ᠨᠠᠷᠢᠨ ᠵᠦᠢᠯ ᠢ ᠶᠠᠷᠢᠬᠤ ᠦᠭᠡᠢ᠂ ᠪᠠᠷᠤᠭ ᠲᠥᠯᠥᠪ ᠲᠠᠢ ᠪᠣᠯ ᠪᠣᠯᠴᠢᠬᠠᠨ᠎ᠠ︾ ᠭᠡᠬᠦ | ᠰᠡᠳᠬᠢᠯᠭᠡ᠂ ︽ᠦᠢᠯᠡᠳᠪᠦᠷᠢᠯᠡᠯ ᠢ ᠴᠢᠬᠤᠯᠠᠴᠢᠯᠠᠵᠤ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠪᠠᠨ | ᠲᠠᠶᠠᠭᠳᠠᠵᠤ᠂ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ︾᠂ ︽ | ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠨ ᠲᠡᠭᠦᠯᠳᠡᠷᠵᠢᠭᠦᠯᠬᠦ ᠪᠣᠯ ᠳᠠᠷᠤᠢ ᠦᠢᠯᠡᠳᠪᠦᠷᠢᠯᠡᠯ ᠤᠨ ᠬᠦᠴᠦᠨ ᠢ | ᠴᠢᠯᠦᠭᠡᠯᠡᠨ ᠬᠥᠭᠵᠢᠭᠦᠯᠬᠦ ᠶᠠᠪᠤᠳᠠᠯ ᠪᠣᠯᠣᠨ᠎ᠠ︾᠂ ︽ᠠᠷᠪᠢᠯᠠᠨ ᠭᠠᠮᠨᠠᠬᠤ ᠪᠣᠯ ᠳᠠᠷᠤᠢ ᠨᠡᠮᠡᠭᠳᠡᠯ ᠮᠥᠨ᠂ ᠳᠠᠷᠤᠢ | ᠬᠥᠭᠵᠢᠯᠲᠡ ᠮᠥᠨ︾᠂ ︽ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠨᠢ ᠴᠦ ᠨᠡᠭᠡᠭᠡᠯᠲᠡ ᠬᠢᠬᠦ | ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠴᠢᠩᠭᠠᠳᠬᠠᠵᠤ᠂ ᠠᠵᠢᠯ ᠦᠢᠯᠡᠰ ᠤᠨ ᠬᠥᠭᠵᠢᠯᠲᠡ ᠶᠢ ᠵᠣᠷᠢᠭᠲᠠᠢ | ᠪᠦᠲᠦᠭᠡᠯᠴᠢ ᠴᠢᠨᠠᠷᠲᠠᠢ ᠪᠠᠷ ᠠᠬᠢᠭᠤᠯᠬᠤ ᠬᠡᠷᠡᠭᠲᠡᠢ᠃ | ︵ᠬᠤᠷᠢ︶ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠨᠡᠩ ᠰᠠᠶᠢᠲᠤᠷ | ᠠᠭᠤᠰᠤᠯᠴᠠᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ | ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠪᠠ ᠵᠡᠭᠦᠨ ᠬᠤᠶᠢᠲᠤ ᠶᠢᠨ ᠭᠤᠷᠪᠠᠨ ᠮᠤᠵᠢ ᠯᠤᠭ᠎ᠠ ᠶᠢᠨ | ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠲᠡᠷᠢᠭᠦᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ | ᠭᠥᠯᠢᠶᠡᠨ ᠠᠪᠴᠤ᠂ ᠰᠢᠨ᠎ᠡ ᠶᠢ ᠡᠭᠦᠳᠦᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ | ᠥᠷᠨᠢᠭᠦᠯᠵᠦ᠂ ᠣᠷᠣᠨ ᠤ ᠳᠣᠲᠣᠷᠠᠬᠢ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ | ᠬᠠᠩᠭᠠᠯᠭ᠎ᠠ ᠶᠢᠨ ᠬᠡᠯᠬᠢᠶ᠎ᠡ᠂ ᠦᠷᠲᠡᠭ ᠤᠨ ᠬᠡᠯᠬᠢᠶ᠎ᠡ ᠶᠢ ᠪᠦᠭᠦ ᠤᠯᠤᠰ ᠤᠨ ᠲᠣᠮᠣ ᠵᠠᠬ᠎ᠠ ᠳᠡᠯᠭᠡᠭᠦᠷ ᠯᠦᠭᠡ ᠪᠦᠭᠦ | ᠲᠠᠯ᠎ᠠ ᠪᠠᠷ ᠵᠣᠯᠭᠠᠯᠳᠤᠭᠤᠯᠤᠨ᠂ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠢ᠃ ᠪᠡᠭᠡᠵᠢᠩ ᠥᠪᠥᠷ | ᠮᠣᠩᠭᠤᠯ ᠤᠨ ᠪᠦᠭᠦ ᠲᠠᠯ᠎ᠠ ᠶᠢᠨ ᠬᠠᠮᠵᠢᠯᠴᠠᠭ᠎ᠠ ᠶᠢ ᠴᠢᠩᠭᠠᠳᠬᠠᠨ᠂ ᠨᠡᠶᠢᠰᠯᠡᠯ ᠳᠤ ᠨᠡᠩ ᠣᠯᠠᠨ ᠪᠣᠬᠢᠷᠳᠤᠯ ᠦᠭᠡᠢ | ᠡᠨᠧᠷᠭᠢ ᠪᠣᠯᠣᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠬᠠᠩᠭᠠᠬᠤ ᠪᠠᠷ | ᠴᠢᠷᠮᠠᠶᠢᠵᠤ᠂ ᠨᠡᠶᠢᠰᠯᠡᠯ ᠤᠨ ᠨᠡᠩ ᠣᠯᠠᠨ ᠡᠬᠢ ᠪᠠᠶᠠᠯᠢᠭ ᠪᠣᠯᠣᠨ ᠴᠢᠬᠤᠯᠠ ᠬᠦᠴᠦᠨ ᠵᠦᠢᠯ ᠢ ᠢᠳᠡᠪᠬᠢᠲᠡᠢ ᠪᠠᠷ | ᠲᠠᠲᠠᠵᠤ ᠥᠪᠥᠷ ᠮᠣᠩᠭᠤᠯ ᠤᠨ ᠨᠡᠭᠡᠭᠡᠯᠲᠡ ᠬᠢᠵᠦ ᠪᠦᠲᠦᠭᠡᠨ ᠪᠠᠶᠢᠭᠤᠯᠬᠤ ᠳᠤ ᠣᠷᠣᠯᠴᠠᠭᠤᠯᠬᠤ ᠬᠡᠷᠡᠭᠲᠡᠢ᠃ ︽ | ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠭᠠᠳᠠᠭᠠᠳᠤ | ᠨᠡᠭᠡᠭᠡᠯᠲᠡ ᠶᠢᠨ ᠳᠤᠮᠳᠠ ᠠᠽᠢᠶ᠎ᠠ᠂ ᠵᠡᠭᠦᠨ ᠬᠤᠶᠢᠲᠤ ᠠᠽᠢᠶ᠎ᠠ ᠴᠢᠨᠠᠭᠰᠢᠯᠠᠪᠠᠯ ᠡᠸᠦ᠋ᠷᠦᠫᠡ ᠲᠢᠪ ᠪᠣᠯᠣᠨ ᠪᠦᠭᠦ | ᠳᠡᠯᠡᠬᠡᠢ ᠳᠤ ᠥᠷᠭᠡᠵᠢᠬᠦ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠳᠤᠮᠳᠠ ᠴᠢᠨᠠᠷ | ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ | ︵ᠬᠤᠷᠢᠨ ᠨᠢᠭᠡ︶ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠦᠭᠦ ᠲᠠᠯ᠎ᠠ ᠪᠠᠷ ᠰᠢᠯᠢᠳᠡᠭᠵᠢᠭᠦᠯᠬᠦ | ᠬᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠡᠷᠡᠭ ᠲᠤ | ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠥᠭᠡᠷᠡᠴᠢᠯᠡᠯᠲᠡ ᠶᠢ ᠠᠬᠢᠭᠤᠯᠵᠤ᠂ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠬᠥᠭᠵᠢᠭᠡᠨ ᠪᠠᠳᠠᠷᠠᠭᠤᠯᠵᠤ᠂ ᠬᠤᠳᠠᠯᠳᠤᠭᠠᠴᠢᠨ ᠢ ᠬᠦᠨᠳᠦᠳᠬᠡᠨ | ᠬᠤᠳᠠᠯᠳᠤᠭᠠᠴᠢᠨ ᠢ ᠳᠣᠲᠣᠨᠣᠴᠢᠯᠠᠬᠤ᠂ ᠬᠤᠳᠠᠯᠳᠤᠭᠠᠴᠢᠨ ᠢ ᠠᠮᠤᠷᠵᠢᠭᠤᠯᠤᠨ ᠬᠤᠳᠠᠯᠳᠤᠭᠠᠴᠢᠨ ᠳᠤ ᠲᠥᠭᠦᠮ | ᠦᠵᠡᠭᠦᠯᠭᠦ ᠠᠵᠢᠯ ᠢ ᠰᠠᠶᠢᠲᠤᠷ ᠬᠢᠵᠦ᠂ ᠳᠣᠲᠣᠨᠣ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ | ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠪᠤᠶ ᠪᠤᠯᠭᠠᠬᠤ ᠬᠡᠷᠡᠭᠲᠡᠢ᠃ ︽ᠪᠣᠭᠤᠮᠢ ᠪᠣᠯᠵᠤ ᠪᠠᠶᠢᠭ᠎ᠠ︾ ᠰᠠᠭᠤᠷᠢ ᠲᠥᠬᠦᠭᠡᠷᠦᠮᠵᠢ ᠶᠢᠨ | ᠳᠤᠲᠠᠭᠤᠳᠠᠯ ᠢ ᠴᠢᠩᠭ᠎ᠠ ᠠᠩᠬᠠᠷᠴᠤ᠂ ᠵᠠᠮ ᠬᠠᠷᠢᠯᠴᠠᠭ᠎ᠠ᠂ ᠪᠠᠷᠠᠭᠠᠨ ᠤ ᠭᠦᠢᠯᠭᠡᠭᠡ ᠵᠡᠷᠭᠡ ᠲᠥᠬᠦᠭᠡᠷᠦᠮᠵᠢ ᠶᠢᠨ | ᠰᠦᠯᠵᠢᠶ᠎ᠡ ᠬᠤᠯᠪᠣᠬᠤ᠂ ᠰᠦᠯᠵᠢᠶ᠎ᠡ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠵᠤ᠂ ᠮᠤᠵᠢ | ᠠᠯᠤᠰᠯᠠᠭᠰᠠᠨ ᠬᠢᠯᠢ ᠠᠯᠤᠰᠯᠠᠭᠰᠠᠨ᠂ ᠬᠤᠯᠪᠣᠯᠳᠤᠨ ᠨᠡᠪᠲᠡᠷᠡᠯᠴᠡᠬᠦ ᠰᠠᠭᠤᠷᠢ ᠲᠥᠬᠦᠭᠡᠷᠦᠮᠵᠢ ᠶᠢᠨ ᠲᠣᠣᠷ | ᠰᠦᠯᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ | ᠲᠤᠯᠤᠭ᠎ᠠ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠤᠯᠬᠤ ᠬᠡᠷᠡᠭᠲᠡᠢ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠨᠠᠮ ᠤᠨ ᠰᠢᠯᠢᠳᠡᠭ ᠤᠯᠠᠮᠵᠢᠯᠠᠯ ᠪᠣᠯᠣᠨ ᠰᠤᠷᠲᠠᠯ ᠢ ᠤᠯᠠᠮᠵᠢᠯᠠᠨ ᠪᠠᠳᠠᠷᠠᠭᠤᠯᠵᠤ᠂ ᠡᠪᠳᠡᠬᠦ | ᠪᠠᠶᠢᠭᠤᠯᠬᠤ ᠶᠢ ᠵᠡᠷᠭᠡ ᠪᠠᠷ ᠠᠳᠬᠤᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠥᠷᠭᠡᠨ ᠤᠯᠠᠨ | ᠺᠠᠳ᠋ᠷ ᠤᠯᠠᠨ ᠲᠦᠮᠡᠨ ᠤ ᠡᠭᠦᠷᠢᠳᠡ ᠦᠯᠦ ᠴᠠᠯᠠᠭᠠᠶᠢᠷᠠᠬᠤ ᠤᠶᠤᠨ ᠰᠠᠨᠠᠭᠠᠨ ᠤ ᠳᠦᠷᠰᠦ ᠪᠠᠶᠢᠳᠠᠯ᠂ ᠴᠤᠴᠠᠯᠲᠠ | ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠦᠢᠯᠡᠳᠦᠯᠭᠡ ᠳᠤ ᠣᠷᠣᠯᠴᠠᠵᠤ᠂ ᠰᠠᠶᠢᠨ ᠰᠤᠷᠲᠠᠯ ᠰᠠᠶᠢᠨ ᠳᠦᠷᠢ | ᠲᠥᠷᠬᠦ ᠪᠠᠷ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠶᠢ | ᠠᠬᠢᠭᠤᠯᠬᠤ ᠬᠡᠷᠡᠭᠲᠡᠢ᠃ | ︵ᠬᠤᠷᠢᠨ ᠬᠤᠶᠠᠷ︶ ᠪᠣᠳᠠᠲᠠᠢ ᠶᠢ ᠡᠷᠭᠢᠮᠯᠡᠭᠦ ᠰᠤᠷᠲᠠᠯ ᠢ ᠶᠡᠭᠡ ᠪᠠᠷ ᠪᠠᠳᠠᠷᠠᠭᠤᠯᠬᠤ ᠬᠡᠷᠡᠭᠲᠡᠢ᠃ ᠺᠠᠳ᠋ᠷ ᠢ | ᠵᠣᠷᠢᠭᠵᠢᠭᠤᠯᠤᠨ ᠤᠷᠮᠠᠰᠢᠭᠤᠯᠬᠤ᠂ ᠠᠯᠳᠠᠭ᠎ᠠ ᠪᠤᠷᠤᠭᠤ ᠶᠢ ᠠᠭᠤᠴᠢᠯᠠᠨ ᠵᠠᠯᠠᠷᠠᠭᠤᠯᠬᠤ᠂ ᠳᠠᠪᠰᠢᠵᠤ ᠪᠠᠭᠤᠵᠤ ᠪᠦᠷ | ᠪᠤᠯᠬᠤ ᠵᠡᠷᠭᠡ ᠲᠣᠭᠲᠠᠴᠠ ᠶᠢ ᠲᠡᠭᠦᠯᠳᠡᠷᠵᠢᠭᠦᠯᠵᠦ᠂ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ | ᠳᠡᠭᠡᠭᠰᠢᠯᠡᠭᠦᠯᠭᠦ︾ ᠶᠢ ᠶᠡᠭᠡ ᠪᠠᠷ ᠠᠬᠢᠭᠤᠯᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ | ᠪᠠᠶᠢᠬᠤ ᠠᠰᠠᠭᠤᠳᠠᠯ ᠢ ᠲᠦᠷᠭᠡᠳᠬᠡᠨ ᠴᠡᠭᠴᠡᠯᠡᠨ ᠵᠠᠰᠠᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ | ᠢᠯᠠᠩᠭᠤᠶ᠎ᠠ ᠤᠳᠤᠷᠢᠳᠬᠤ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠠᠰᠠᠭᠤᠳᠠᠯ ᠢ ᠰᠢᠢᠳᠪᠦᠷᠢᠯᠡᠬᠦ | ᠰᠡᠳᠬᠢᠬᠦᠢ ᠶᠢ ᠨᠢ ᠴᠢᠩᠭᠠᠷᠠᠭᠤᠯᠵᠤ᠂ ᠳᠠᠩᠰᠠ ᠮᠡᠳᠡᠭᠦᠯᠬᠦ ᠤᠬᠠᠮᠰᠠᠷ᠂ ᠬᠠᠷᠢᠭᠤᠯᠲᠠ ᠶᠢᠨ ᠬᠠᠭᠤᠳᠠᠰᠤ ᠲᠤᠰᠢᠶᠠᠬᠤ | ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢ ᠨᠢ ᠴᠢᠩᠭᠠᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠪᠢᠴᠢᠭ | ᠮᠠᠲ᠋ᠧᠷᠢᠶᠠᠯ ᠬᠤᠷᠠᠯ ᠴᠤᠭᠯᠠᠭ᠎ᠠ ᠣᠯᠠᠳᠠᠬᠤ᠂ ᠡᠬᠡ ᠲᠠᠩᠰᠠ ᠭᠡᠳᠦ ᠣᠯᠠᠳᠠᠬᠤ᠂ ᠬᠡᠪ ᠣᠷᠣᠮ ᠢ ᠭᠡᠳᠦ ᠦᠯᠡᠳᠡᠭᠡᠬᠦ | ᠵᠡᠷᠭᠡ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠲᠣᠪᠤᠶᠢᠮ᠎ᠠ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠬᠦ | ᠬᠡᠷᠡᠭᠲᠡᠢ᠃ | ︵ᠬᠤᠷᠢᠨ ᠭᠤᠷᠪᠠ︶ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠬᠤ ᠬᠡᠷᠡᠭᠲᠡᠢ᠃ ᠠᠷᠢᠭᠤᠨ ᠴᠢᠬᠡᠴᠢ | ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠢᠯᠠᠩᠭᠤᠶ᠎ᠠ | ᠤᠳᠤᠷᠢᠳᠬᠤ ᠺᠠᠳ᠋ᠷᠴᠤᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠵᠥᠪ ᠡᠷᠬᠡ ᠶᠢᠨ ᠦᠵᠡᠯᠲᠡ᠂ ᠠᠵᠢᠯ ᠤᠨ | ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠠᠲᠤ ᠪᠠᠬᠢ ᠪᠤᠢ ᠪᠤᠯᠭᠠᠵᠤ᠂ ᠣᠨᠴᠠ ᠡᠷᠬᠡ ᠶᠢᠨ | ᠦᠵᠡᠯ ᠰᠠᠨᠠᠭ᠎ᠠ ᠪᠠ ᠣᠨᠴᠠ ᠡᠷᠬᠡ ᠶᠢᠨ ᠦᠢᠯᠡ ᠠᠵᠢᠯᠯᠠᠭ᠎ᠠ ᠶᠢ ᠬᠦᠴᠦᠯᠡᠨ ᠠᠷᠢᠯᠭᠠᠵᠤ᠂ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ | ᠪᠠᠲᠤ ᠰᠠᠬᠢᠵᠤ᠂ ᠡᠪ ᠬᠠᠮᠲᠤᠴᠤᠳ ᠤᠨ ᠢᠯᠵᠠᠷᠠᠯ ᠢ ᠡᠰᠡᠷᠭᠦᠴᠡᠬᠦ᠂ ᠡᠭᠦᠷᠢᠳᠡ ᠦᠯᠦ ᠢᠯᠵᠠᠷᠠᠬᠤ ᠤᠯᠤᠰ | ᠲᠦᠷᠦ ᠶᠢᠨ ᠣᠣᠷ ᠴᠢᠨᠠᠷ ᠢᠶᠠᠨ ᠡᠭᠦᠷᠢᠳᠡ ᠪᠠᠲᠤᠯᠠᠬᠤ ᠬᠡᠷᠡᠭᠲᠡᠢ᠃ ︽ᠢᠯᠵᠠᠷᠠᠬᠤ ᠠᠴᠠ ᠵᠢᠷᠦᠬᠡᠰᠢᠶᠡᠬᠦ᠂ | ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ︾ ᠪᠠᠶᠢᠬᠤ ᠶᠢ ᠨᠢᠭᠡ ᠴᠣᠭᠴᠠᠵᠢᠭᠤᠯᠤᠨ | ᠠᠬᠢᠭᠤᠯᠬᠤ ᠶᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠪᠠᠷ ᠭᠤᠣᠯ ᠤᠳᠤᠷᠢᠳᠤᠮᠵᠢ | ᠪᠣᠯᠭᠠᠨ ᠡᠯ᠎ᠡ ᠲᠥᠷᠥᠯ ᠤᠨ ᠬᠢᠨᠠᠯᠲᠠ ᠲᠠᠯᠪᠢᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ | ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ | ᠳᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ ᠶᠢ | ᠦᠷᠭᠦᠯᠵᠢᠯᠡᠨ ᠰᠠᠶᠢᠲᠤᠷ ᠠᠳᠬᠤᠵᠤ᠂ ᠢᠯᠵᠠᠷᠠᠯ ᠤᠨ ᠠᠰᠠᠭᠤᠳᠠᠯ ᠤᠨ ᠨᠡᠮᠡᠭᠳᠡᠯ ᠢ ᠨᠠᠩ ᠬᠦᠴᠦᠲᠡᠢ ᠬᠤᠷᠢᠭᠯᠠᠵᠤ᠂ | ᠢᠯᠵᠠᠷᠠᠯ ᠤᠨ ᠦᠯᠡᠳᠡᠭᠳᠡᠯ ᠠᠰᠠᠭᠤᠳᠠᠯ ᠢ ᠠᠷᠢᠯᠭᠠᠬᠤ ᠬᠡᠷᠡᠭᠲᠡᠢ᠃ ᠬᠠᠤᠯᠢ ᠶᠣᠰᠣᠭᠠᠷ ᠬᠥᠷᠥᠩᠭᠡ ᠶᠢᠨ ᠲᠤᠬᠠᠢ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠥᠷᠥᠩᠭᠡ ᠶᠢᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ | ︵ᠬᠤᠷᠢᠨ ᠳᠥᠷᠪᠡ︶ ᠪᠣᠷᠣᠭᠵᠢᠭᠤᠨ ᠰᠤᠷᠲᠠᠯ ᠢ ᠪᠤᠢ ᠪᠤᠯᠭᠠᠬᠤ ᠬᠡᠷᠡᠭᠲᠡᠢ᠃ ᠲᠠᠯᠪᠢᠯ ᠦᠭᠡᠢ ᠠᠩᠬᠠᠷᠴᠤ᠂ | ᠴᠤᠬᠤᠶᠢᠮᠠᠬᠴᠠ ᠴᠣᠬᠢᠵᠤ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠲᠠᠭᠢᠨ ᠢᠯᠡᠷᠡᠬᠦ ᠶᠢ ᠴᠢᠩᠭ᠎ᠠ | ᠰᠡᠷᠭᠡᠶᠢᠯᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ | ᠠᠷᠪᠢᠯᠠᠵᠤ ᠠᠮᠢᠳᠤᠷᠠᠬᠤ ᠶᠢ ᠪᠠᠷᠢᠮᠲᠠᠯᠠᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ | ᠥᠪᠡᠷᠲᠡᠭᠡᠨ ᠵᠠᠰᠠᠬᠤ ᠣᠷᠣᠨ ᠤ ︽ᠭᠤᠷᠪᠠ ᠶᠢ ᠠᠯᠪᠠᠳᠠᠯᠭ᠎ᠠ ᠪᠠᠷ ᠲᠣᠭᠲᠠᠭᠠᠬᠤ︾ ᠪᠠ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠬᠢ | ᠪᠠᠶᠠᠯᠢᠭ ᠡᠯᠪᠡᠭ ᠳᠡᠯᠪᠡᠭ ᠪᠤᠯᠪᠠᠴᠤ ᠥᠴᠥᠬᠡᠨ ᠴᠦ ᠪᠦᠷᠢᠯᠭᠡᠨ ᠰᠦᠢᠳᠬᠡᠵᠦ ᠪᠤᠯᠬᠤ ᠦᠭᠡᠢ ᠭᠡᠬᠦ | ᠣᠶᠢᠯᠠᠭᠠᠭᠳᠠᠬᠤᠨ ᠢ ᠪᠠᠲᠤ ᠪᠠᠬᠢ ᠪᠤᠶ ᠪᠤᠯᠭᠠᠵᠤ᠂ ᠪᠦᠭᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠦᠨ᠂ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ | ᠡᠨᠧᠷᠭᠢ᠂ ᠠᠭᠤᠷᠬᠠᠢ ᠶᠢᠨ ᠭᠠᠷᠤᠯᠲᠠ᠂ ᠭᠠᠵᠠᠷ ᠰᠢᠷᠣᠢ᠂ ᠤᠰᠤ᠂ ᠠᠮᠤ ᠪᠤᠳᠠᠭ᠎ᠠ ᠵᠢᠴᠢ ᠵᠠᠰᠠᠭ ᠵᠠᠬᠢᠷᠭᠠᠨ᠂ | ᠬᠥᠮᠥᠨ ᠤ ᠬᠦᠴᠦᠨ ᠵᠡᠷᠭᠡ ᠨᠡᠶᠢᠭᠡᠮ ᠤᠨ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠭᠠᠮᠨᠠᠬᠤ ᠶᠢ ᠲᠦᠷᠭᠡᠳᠬᠡᠨ | ᠠᠬᠢᠭᠤᠯᠵᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠭᠦᠨ | ᠵᠤᠵᠠᠭᠠᠨ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ᠃ | ︵ᠬᠤᠷᠢᠨ ᠲᠠᠪᠤ︶ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ | ᠰᠠᠨᠠᠭ᠎ᠠ︾ ᠶᠢ ᠶᠡᠭᠡ ᠪᠠᠷ ᠪᠠᠳᠠᠷᠠᠭᠤᠯᠬᠤ ᠬᠡᠷᠡᠭᠲᠡᠢ᠃ ︽ᠬᠦᠴᠢᠷ ᠠᠴᠠ ᠠᠶᠤᠬᠤ ᠦᠭᠡᠢ᠂ ᠴᠤᠴᠠᠯᠲᠠ ᠦᠭᠡᠢ | ᠤᠷᠤᠭᠰᠢᠯᠠᠵᠤ᠂ ᠵᠣᠷᠢᠭᠰᠠᠨ ᠳᠠᠭᠠᠨ ᠵᠠᠪᠠᠯ ᠬᠦᠷᠬᠦ︾ ᠪᠠ ︽ᠰᠢᠷᠭᠠᠭᠤ ᠬᠠᠲᠠᠭᠤᠵᠢᠯᠲᠠᠢ ᠲᠡᠮᠡᠴᠡᠬᠦ᠂ ᠬᠠᠷᠠᠮ ᠦᠭᠡᠢ | ᠵᠣᠷᠢᠭᠤᠯᠬᠤ᠂ ᠰᠢᠨᠲᠠᠷᠠᠰᠢ ᠦᠭᠡᠢ ᠴᠢᠷᠮᠠᠶᠢᠬᠤ᠂ ᠴᠥᠬᠦᠷᠡᠰᠢ ᠦᠭᠡᠢ ᠵᠢᠳᠬᠦᠬᠦ︾ ᠠᠭᠤᠯᠤᠭᠳᠠᠬᠤᠨ ᠪᠠ ᠴᠠᠭ | ᠦᠶ᠎ᠡ ᠶᠢᠨ ᠦᠨ᠎ᠡ ᠦᠷᠲᠡᠭ ᠢ ᠭᠦᠨᠵᠡᠭᠡᠢ ᠠᠭᠤᠳᠠᠯᠵᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠡᠭᠦᠨ ᠢ ᠥᠪᠥᠷ ᠮᠣᠩᠭᠤᠯ ᠤᠨ ᠠᠷᠠᠳ | ᠲᠦᠮᠡᠨ ᠤ ᠬᠠᠮᠤᠭ ᠤᠨ ᠢᠯᠡ ᠲᠣᠳᠣ ᠤᠶᠤᠨ ᠰᠠᠨᠠᠭᠠᠨ ᠤ ᠪᠡᠯᠭᠡ ᠲᠡᠮᠳᠡᠭ ᠪᠤᠯᠭᠠᠬᠤ ᠬᠡᠷᠡᠭᠲᠡᠢ᠃ ᠬᠤᠶᠠᠷ | ᠵᠦᠢᠯ ᠤᠨ ᠵᠣᠷᠢᠭ ᠰᠠᠨᠠᠭ᠎ᠠ ᠶᠢ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠬᠥᠮᠦᠵᠢᠯ ᠳᠤ | ᠠᠭᠤᠰᠤᠯᠴᠠᠭᠤᠯᠬᠤ᠂ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠵᠡᠷᠭᠡ | ᠠᠵᠢᠯᠯᠠᠭ᠎ᠠ ᠳᠤ ᠠᠭᠤᠰᠤᠯᠴᠠᠭᠤᠯᠬᠤ ᠶᠢ ᠠᠬᠢᠭᠤᠯᠵᠤ᠂ ᠺᠠᠳ᠋ᠷ ᠤᠯᠠᠨ ᠲᠦᠮᠡᠨ ᠤ ᠠᠵᠢᠯ ᠬᠢᠵᠦ ᠦᠢᠯᠡᠰ ᠪᠣᠰᠬᠠᠬᠤ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠨᠡᠩ ᠰᠠᠶᠢᠲᠤᠷ ᠬᠤᠪᠢᠷᠠᠭᠤᠯᠬᠤ ᠬᠡᠷᠡᠭᠲᠡᠢ᠃ | ︵ᠬᠤᠷᠢᠨ ᠵᠢᠷᠭᠤᠭ᠎ᠠ︶ ᠥᠪᠥᠷ ᠮᠣᠩᠭᠤᠯ ᠤᠨ ᠰᠠᠶᠢᠨ ᠰᠠᠶᠢᠬᠠᠨ ᠳᠦᠷᠢ ᠲᠥᠷᠬᠦ ᠶᠢ ᠪᠦᠭᠦ ᠲᠠᠯ᠎ᠠ ᠪᠠᠷ ᠪᠤᠶ | ᠪᠤᠯᠭᠠᠬᠤ ᠪᠠ ᠳᠡᠯᠭᠡᠨ ᠦᠵᠡᠭᠦᠯᠭᠦ ᠬᠡᠷᠡᠭᠲᠡᠢ᠃ ᠭᠤᠣᠯ ᠵᠠᠭᠤᠴᠢᠯᠠᠭᠤᠷ ᠤᠨ ᠭᠤᠣᠯ ᠵᠢᠭᠰᠠᠭᠠᠯ ᠤᠨ ᠭᠠᠵᠠᠷ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠬᠠᠷᠢᠴᠠᠩᠭᠤᠢ ᠳᠠᠪᠠᠭᠤᠯᠢᠭ᠂ ᠣᠨᠴᠠᠯᠢᠭᠲᠤ | ᠲᠥᠷᠥᠯ ᠲᠡᠮᠳᠡᠭ᠂ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠦᠭᠦ ᠲᠠᠯ᠎ᠠ ᠪᠠᠷ ᠤᠬᠠᠭᠤᠯᠤᠨ ᠳᠡᠯᠭᠡᠨ | ᠦᠵᠡᠭᠦᠯᠵᠦ᠂ ᠥᠪᠥᠷ ᠮᠣᠩᠭᠤᠯ ᠤᠨ ᠠᠷᠠᠳ ᠲᠦᠮᠡᠨ ᠤ ᠬᠠᠯᠠᠭᠤᠨ ᠰᠡᠳᠬᠢᠯᠭᠡ᠂ ᠡᠶ᠎ᠡ ᠨᠠᠶᠢᠷᠠᠮᠳᠠᠭᠤ᠂ ᠦᠨᠡᠨᠴᠢ | ᠢᠲᠡᠭᠡᠮᠵᠢᠲᠡᠢ᠂ ᠵᠣᠷᠢᠭᠲᠠᠢ ᠠᠵᠢᠯᠯᠠᠬᠤ ᠢᠯᠡ ᠲᠣᠳᠣ ᠣᠨᠴᠠᠯᠢᠭ ᠢ ᠤᠬᠠᠭᠤᠯᠤᠨ ᠢᠯᠡᠷᠡᠭᠦᠯᠵᠦ᠂ ︽ᠤᠮᠠᠷᠠᠲᠤ | ᠬᠢᠯᠢ ᠶᠢᠨ ᠵᠢᠱᠢᠶᠡᠴᠢ︾᠂ ᠶᠣᠰᠣ ᠰᠤᠷᠲᠠᠬᠤᠨ ᠤ ᠵᠢᠱᠢᠶᠡᠴᠢ᠂ ᠬᠠᠮᠤᠭ ᠤᠨ ᠭᠤᠶᠣ ᠬᠥᠮᠥᠨ᠂ ︽ᠥᠪᠥᠷ | ᠮᠣᠩᠭᠤᠯ ᠤᠨ ᠰᠠᠶᠢᠨ ᠬᠥᠮᠥᠨ︾ ᠢ ᠰᠣᠩᠭᠤᠨ ᠪᠤᠶ ᠪᠤᠯᠭᠠᠬᠤ ᠪᠠ ᠤᠬᠠᠭᠤᠯᠬᠤ ᠶᠢ ᠴᠢᠩᠭᠠᠳᠬᠠᠵᠤ᠂ ᠥᠪᠥᠷ | ᠮᠣᠩᠭᠤᠯ ᠤᠨ ᠰᠦᠷᠯᠢᠭ ᠰᠠᠶᠢᠬᠠᠨ ᠢᠷᠠᠭᠤ ᠰᠠᠶᠢᠬᠠᠨ ᠰᠠᠶᠢᠨ ᠰᠠᠶᠢᠬᠠᠨ᠂ ᠢᠲᠡᠭᠡᠮᠵᠢᠲᠡᠢ ᠳᠣᠲᠣᠨᠣ ᠬᠠᠶᠢᠷᠠᠯᠠᠯᠲᠠᠢ | ᠳᠦᠷᠢ ᠲᠥᠷᠬᠦ ᠶᠢ ᠱᠤᠭᠤᠵᠤ᠂ ᠥᠪᠥᠷ ᠮᠣᠩᠭᠤᠯ ᠤᠨ ᠢᠷᠠᠭᠤ ᠠᠯᠳᠠᠷ ᠤᠨ ᠬᠡᠮᠵᠢᠶ᠎ᠡ ᠪᠠ ᠨᠥᠯᠥᠭᠡᠯᠡᠬᠦ ᠬᠦᠴᠦᠨ ᠢ | ᠤᠯᠠᠮ ᠴᠢᠨᠠᠭᠰᠢᠳᠠ ᠳᠡᠭᠡᠭᠰᠢᠯᠡᠭᠦᠯᠭᠦ ᠬᠡᠷᠡᠭᠲᠡᠢ᠃ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠥᠪᠥᠷ | ᠮᠣᠩᠭᠤᠯ ᠤᠨ ᠡᠷᠬᠡᠪᠰᠢ ᠰᠠᠶᠢᠲᠤᠷ ᠬᠢᠬᠦ ᠬᠡᠷᠡᠭᠲᠡᠢ ᠶᠡᠭᠡ ᠶᠠᠪᠤᠳᠠᠯ ᠮᠥᠨ᠂ ᠵᠢᠱᠢᠶᠡᠴᠢ ᠥᠪᠡᠷᠲᠡᠭᠡᠨ ᠵᠠᠰᠠᠬᠤ | ᠣᠷᠣᠨ ᠤ ᠡᠷᠬᠢᠮ ᠳᠡᠭᠡᠳᠦ ᠢᠷᠠᠭᠤ ᠠᠯᠳᠠᠷ ᠢᠶᠠᠨ ᠨᠠᠩ ᠤᠬᠠᠮᠰᠠᠷ ᠠᠴᠠ ᠪᠠᠨ᠂ ᠨᠠᠩ ᠬᠦᠴᠦᠲᠡᠢ᠂ ᠨᠠᠩ ᠤᠳᠠᠭᠠᠨ | ᠳᠠᠭᠠᠭᠠᠮᠠᠭᠠᠢ ᠪᠠᠷ ᠬᠠᠶᠢᠷᠠᠯᠠᠨ ᠬᠠᠮᠠᠭᠠᠯᠠᠬᠤ ᠶᠠᠪᠤᠳᠠᠯ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠠᠵᠢᠯ ᠤᠨ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠡᠶ᠎ᠡ ᠪᠠᠷ ᠢᠶᠠᠨ ᠬᠡᠪ | ᠳᠠᠭᠤᠷᠢᠶᠠᠯ ᠦᠵᠡᠭᠦᠯᠦᠨ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ᠂ ᠥᠷᠭᠡᠨ ᠤᠯᠠᠨ ᠨᠠᠮ ᠤᠨ ᠭᠡᠰᠢᠭᠦᠨ᠂ | ᠺᠠᠳ᠋ᠷᠴᠤᠳ ᠤᠨ ᠠᠭᠤᠯᠠ ᠲᠠᠭᠠᠷᠠᠪᠠᠯ ᠵᠠᠮ ᠨᠡᠭᠡᠭᠡᠵᠦ ᠤᠰᠤ ᠲᠠᠭᠠᠷᠠᠪᠠᠯ ᠬᠥᠭᠦᠷᠭᠡ ᠲᠠᠯᠪᠢᠬᠤ ᠡᠷᠴᠢ ᠵᠣᠷᠢᠭ ᠢᠶᠠᠷ | ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠬᠦ ᠶᠢ ᠬᠥᠲᠥᠯᠥᠨ ᠳᠠᠭᠠᠭᠤᠯᠬᠤ ᠬᠡᠷᠡᠭᠲᠡᠢ᠃ ᠥᠷᠯᠥᠭᠡ ᠦᠳᠡᠰᠢ ᠶᠢ | ᠲᠡᠮᠡᠴᠡᠬᠦ ᠡᠷᠡᠮᠡᠬᠡᠶᠢᠯᠡᠨ ᠤᠷᠤᠭᠰᠢᠯᠠᠬᠤ ᠳᠦᠷᠢ ᠪᠠᠶᠢᠳᠠᠯ ᠢ ᠪᠠᠲᠤᠯᠠᠵᠤ᠂ ᠬᠡᠯᠡᠪᠡᠯ ᠬᠥᠳᠡᠯᠵᠦ᠂ ᠳᠠᠷᠦ᠋ᠢᠬᠠᠨ ᠬᠢᠵᠦ᠂ | ᠬᠢᠪᠡᠯ ᠰᠠᠶᠢᠲᠤᠷ ᠬᠢᠵᠦ᠂ ᠪᠤᠰᠢᠭᠤ ᠱᠠᠯᠠᠮᠠᠭᠠᠢ᠂ ᠬᠤᠷᠳᠤᠨ ᠮᠣᠷᠢᠨ ᠳᠤ ᠲᠠᠰᠢᠭᠤᠷ ᠨᠡᠮᠡᠵᠦ ᠪᠠᠶᠢᠭᠠᠳ ᠠᠵᠢᠯ ᠬᠢᠵᠦ | ᠦᠢᠯᠡᠰ ᠪᠣᠰᠬᠠᠬᠤ ᠬᠤᠷᠳᠤᠴᠠ ᠶᠢ ᠲᠦᠷᠭᠡᠳᠬᠡᠬᠦ ᠬᠡᠷᠡᠭᠲᠡᠢ᠃ ᠪᠣᠳᠠᠲᠠᠢ ᠠᠵᠢᠯᠯᠠᠭ᠎ᠠ ᠪᠠᠷ ᠤᠳᠤᠷᠢᠳᠤᠮᠵᠢ ᠪᠤᠯᠭᠠᠬᠤ᠂ | ᠦᠢᠯᠡᠳᠦᠯᠭᠡ ᠶᠢᠨ ᠪᠠᠷᠢᠮᠵᠢᠶ᠎ᠠ᠂ ᠠᠮᠵᠢᠯᠲᠠ ᠶᠢᠨ ᠦᠨᠳᠦᠰᠦᠯᠡᠯ ᠢ ᠪᠠᠷᠢᠮᠲᠠᠯᠠᠵᠤ᠂ ᠦᠨᠡᠨ ᠪᠣᠳᠠᠲᠤ ᠪᠠᠶᠢᠳᠠᠯ ᠢ | ᠪᠠᠶᠢᠴᠠᠭᠠᠨ᠂ ᠪᠣᠳᠠᠲᠠᠢ ᠠᠷᠭ᠎ᠠ ᠭᠠᠷᠭᠠᠵᠤ᠂ ᠪᠣᠳᠠᠲᠤ ᠶᠠᠪᠤᠳᠠᠯ ᠬᠢᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ | ᠡᠯ᠎ᠡ ᠵᠦᠢᠯ ᠤᠨ ᠬᠠᠷᠠᠯᠲᠠᠲᠤ ᠡᠭᠦᠷᠭᠡ ᠶᠢ ᠨᠠᠶᠢᠳᠠᠪᠤᠷᠢᠵᠢᠭᠤᠯᠵᠤ ᠨᠠᠷᠢᠯᠢᠭᠵᠢᠭᠤᠯᠤᠨ ᠪᠣᠳᠠᠲᠠᠶᠢᠵᠢᠭᠤᠯᠬᠤ ᠶᠢ ᠦᠨᠡᠨ | ᠬᠦ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠢᠯ ᠪᠦᠷᠢ ᠠᠵᠢᠯ ᠤᠨ ᠲᠥᠯᠥᠪᠯᠡᠭᠡ | ᠬᠢᠵᠦ᠂ ᠡᠭᠦᠷᠭᠡ ᠶᠢᠨ ᠨᠠᠷᠢᠨ ᠲᠠᠩᠰᠠ ᠭᠠᠷᠭᠠᠨ᠂ ᠨᠠᠶᠢᠳᠠᠪᠤᠷᠢᠵᠢᠭᠤᠯᠤᠯᠲᠠ ᠶᠢ ᠪᠦᠭᠦ ᠬᠦᠴᠦᠨ ᠢᠶᠠᠷ ᠢᠶᠠᠨ | ᠠᠬᠢᠭᠤᠯᠵᠤ᠂ ᠵᠢᠯ ᠤᠨ ᠡᠴᠦᠰ ᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠪᠡᠶᠡᠯᠡᠭᠦᠯᠦᠭᠰᠡᠨ | ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ | ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ | ᠭᠡᠰᠢᠭᠦᠨ᠂ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤᠨᠢ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠬᠡᠷᠡᠭᠲᠡᠢ︕ | |