ᠲᠤᠰᠤᠨ ᠲᠤᠤᠷᠮ᠎ᠠ
ᠨᠡᠶᠢᠲᠡᠯᠡᠭᠰᠡᠨ ᠴᠠᠭ᠄
2023/7/13
      ᠡᠯᠡᠰᠦᠷᠬᠡᠭ ᠲᠤ ᠳᠤᠷᠠᠲᠠᠢ ᠤᠯᠠᠨ ᠨᠠᠰᠤᠲᠤ ᠡᠪᠡᠰᠦᠯᠢᠭ ᠳᠤᠮᠳᠠᠰᠠᠭ ᠭᠠᠩᠰᠠᠭ ᠤᠷᠭᠤᠮᠠᠯ᠃ ᠲᠠᠯ᠎ᠠ ᠨᠤᠲᠤᠭ ᠤᠨ ᠪᠦᠰᠡ ᠵᠢᠴᠢ ᠤᠶᠢᠲᠤ ᠪᠡᠯᠴᠢᠭᠡᠷ ᠤᠨ ᠪᠦᠰᠡ ᠶᠢᠨ ᠡᠯᠡᠰᠦᠷᠬᠡᠭ ᠭᠠᠵᠠᠷ ᠪᠤᠯᠤᠨ ᠡᠯᠡᠰᠦᠷᠬᠡᠭ ᠪᠡᠯᠴᠢᠭᠡᠷ ᠲᠤ ᠴᠢᠬᠤᠯᠠ ᠳᠠᠭᠠᠯᠳᠤᠬᠤ ᠳᠦᠷᠰᠦ ᠨᠢ ᠪᠤᠯᠳᠠᠭ᠃ ᠮᠠᠨ ᠤ ᠤᠷᠤᠨ ᠤ ᠬᠢᠩᠭᠠᠨ ᠤ ᠬᠤᠶᠢᠲᠤ ᠬᠡᠰᠡᠭ᠂ ᠬᠢᠩᠭᠠᠨ ᠤ  ᠡᠮᠦᠨᠡᠲᠦ ᠬᠡᠰᠡᠭ᠂ ᠬᠤᠷᠴᠢᠨ ᠲᠤᠭᠤᠷᠢᠭ᠂ ᠤᠯᠠᠭᠠᠨᠬᠠᠳᠠ ᠶᠢᠨ ᠳᠤᠪᠤ ᠳᠤᠪᠤᠷᠴᠠᠭ᠂ ᠶᠠᠨᠱᠠᠨ ᠠᠭᠤᠯᠠᠨ ᠤ ᠬᠤᠶᠢᠲᠤ ᠬᠡᠰᠡᠭ᠂ ᠳᠠᠪᠠᠭᠠᠨ ᠤ ᠪᠠᠷᠠᠭᠤᠨ ᠲᠤᠭᠤᠷᠢᠭ᠂ ᠬᠦᠯᠦᠨ ᠪᠤᠶᠢᠷ— ᠰᠢᠯᠢ ᠶᠢᠨ ᠭᠤᠤᠯ ᠤᠨ ᠦᠨᠳᠦᠷᠯᠢᠭ᠂ ᠤᠯᠠᠭᠠᠨᠴᠠᠪ ᠲᠤᠭᠤᠷᠢᠭ᠂ ᠮᠤᠨᠢ ᠠᠭᠤᠯᠠ ᠶᠢᠨ ᠲᠤᠭᠤᠷᠢᠭ᠂ ᠮᠤᠨᠢ  ᠠᠭᠤᠯᠠ ᠶᠢᠨ ᠡᠮᠦᠨᠡᠲᠦ ᠲᠤᠭᠤᠷᠢᠭ ᠢᠶᠠᠷ ᠤᠷᠭᠤᠯᠲᠠ ᠲᠠᠢ᠃ ᠮᠠᠨ ᠤ ᠤᠯᠤᠰ ᠤᠨ ᠵᠡᠭᠦᠨ ᠬᠤᠶᠢᠲᠤ ᠤᠷᠤᠨ ᠵᠢᠴᠢ ᠤᠮᠠᠷᠠᠲᠤ ᠤᠷᠤᠨ ᠢᠶᠠᠷ ᠲᠠᠷᠬᠠᠨ᠂ ᠤᠷᠤᠰ ᠤᠨ ᠰᠢᠪᠧᠷᠢᠶ᠎ᠠ᠂ ᠮᠤᠩᠭᠤᠯ ᠤᠯᠤᠰ ᠢᠶᠠᠷ ᠪᠠᠰᠠ ᠲᠠᠷᠬᠠᠵᠤ ᠪᠠᠶᠢᠳᠠᠭ᠃ ᠨᠢᠯᠬ᠎ᠠ ᠦᠶ᠎ᠡ ᠳᠤᠨᠢ ᠦᠬᠡᠷ᠂ ᠬᠤᠨᠢ᠂ ᠢᠮᠠᠭ᠎ᠠ ᠢᠳᠡᠳᠡᠭ᠃ ᠴᠡᠴᠡᠭ ᠢ ᠨᠢ ᠮᠤᠩᠭᠤᠯ ᠡᠮ ᠳᠤ ᠬᠡᠷᠡᠭᠯᠡᠵᠦ᠂ ᠭᠤᠤᠯᠳᠠᠭᠤ ᠡᠯᠢᠭᠡᠨ ᠬᠠᠯᠠᠭᠤᠨ ᠢᠶᠠᠷ ᠲᠤᠯᠤᠭᠠᠢ ᠡᠪᠡᠳᠬᠦ᠂ ᠬᠠᠯᠠᠭᠤᠷᠠᠬᠤ᠂ ᠠᠭᠤᠰᠬᠢᠨ ᠬᠠᠯᠠᠭᠤᠨ᠂ ᠬᠠᠨᠢᠶᠠᠳᠤ᠂ ᠰᠢᠷᠠᠯᠠᠬᠤ ᠡᠪᠡᠳᠴᠢᠨ ᠵᠡᠷᠭᠡ ᠶᠢ ᠵᠠᠰᠠᠨ᠎ᠠ᠃
2.webp.jpg
1.webp.jpg
 
ᠢᠷᠡᠯᠲᠡ᠄ ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠠᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号