ᠬᠠᠭᠤᠴᠢᠨ ᠪᠠᠷᠭᠤ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ 2023 ᠣᠨ ᠤ 7 ᠰᠠᠷ᠎ᠠ ᠶᠢᠨ ᠤᠷᠭᠤᠴᠠ ᠶᠢᠨ ᠪᠠᠶᠢᠳᠠᠯ ᠢ ᠬᠢᠨᠠᠨ ᠬᠡᠮᠵᠢᠬᠦ ᠪᠠ ᠲᠣᠭᠲᠠᠮᠠᠯ ᠬᠢᠨᠠᠨ ᠬᠡᠮᠵᠢᠬᠦ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/7/19
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠠᠭᠤᠴᠢᠨ ᠪᠠᠷᠭᠤ ᠬᠤᠰᠢᠭᠤᠨ ᠤ ᠪᠠᠶᠢᠭᠠᠯᠢ ᠶᠢᠨ ᠨᠤᠲᠤᠭ ᠪᠡᠯᠴᠢᠭᠡᠷ ᠤᠨ ᠤᠷᠭᠤᠴᠠ ᠶᠢᠨ ᠪᠠᠶᠢᠳᠠᠯ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠬᠦ ᠶᠢᠨ ᠲᠥᠯᠥᠭᠡ᠂ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ 7 ᠰᠠᠷ᠎ᠠ ᠶᠢᠨ 12᠎ ᠎ ᠤ ᠡᠳᠦᠷ ᠠᠴᠠ 14᠎ ᠤ ᠡᠳᠦᠷ ᠪᠣᠯᠲᠠᠯ᠎ᠠ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠵᠢᠷᠭᠤᠭᠠᠨ ᠡᠩ ᠤᠨ ᠬᠢᠨᠠᠨ ᠬᠡᠮᠵᠢᠬᠦ ᠴᠡᠭ ᠵᠢᠴᠢ ᠭᠤᠷᠪᠠᠨ ᠲᠣᠭᠲᠠᠮᠠᠯ ᠬᠢᠨᠠᠨ ᠬᠡᠮᠵᠢᠬᠦ ᠴᠡᠭ ᠲᠤ ᠴᠢᠭᠯᠡᠭᠦᠯᠦᠨ 3 ᠡᠳᠦᠷ ᠤᠨ ᠬᠤᠭᠤᠴᠠᠭ᠎ᠠ ᠲᠠᠢ ᠦᠵᠡᠮᠵᠢ ᠵᠢᠨ‌ᠵᠢᠷᠤᠭ ᠰᠡᠬᠦᠳᠡᠷᠯᠡᠬᠦ᠂ ᠥᠯᠢᠭᠡᠷ ᠬᠡᠪ ᠠᠪᠬᠤ ᠶᠢᠨ ᠬᠠᠮᠲᠤ ᠲᠡᠵᠢᠭᠡᠯ ᠡᠪᠡᠰᠦᠨ ᠤ ᠲᠥᠷᠥᠯ ᠵᠦᠢᠯ᠂ ᠥᠨᠳᠥᠷ᠂ ᠪᠦᠷᠬᠦᠴᠡ᠂ ᠭᠠᠷᠤᠯᠲᠠ ᠵᠡᠷᠭᠡ ᠮᠡᠳᠡᠭᠡ ᠵᠠᠩᠭᠢ ᠶᠢᠨ ᠠᠵᠢᠯ ᠢ ᠲᠡᠮᠳᠡᠭᠯᠡᠪᠡ᠃ 
1.jpg      
          7 ᠰᠠᠷ᠎ᠠ ᠳᠤ ᠬᠠᠭᠤᠴᠢᠨ ᠪᠠᠷᠭᠤ ᠬᠤᠰᠢᠭᠤᠨ ᠤ ᠪᠠᠶᠢᠭᠠᠯᠢ ᠶᠢᠨ ᠲᠡᠵᠢᠭᠡᠯ ᠡᠪᠡᠰᠦᠨ ᠤ ᠤᠷᠭᠤᠴᠠ ᠶᠢ ᠬᠢᠨᠠᠨ ᠬᠡᠮᠵᠢᠬᠦ ᠪᠠ ᠲᠣᠭᠲᠠᠮᠠᠯ ᠬᠢᠨᠠᠨ ᠬᠡᠮᠵᠢᠬᠦ ᠴᠡᠭ ᠤᠨ ᠬᠡᠭᠡᠷ᠎ᠡ ᠭᠠᠳᠠᠨ᠎ᠠ ᠬᠢᠨᠠᠨ ᠬᠡᠮᠵᠢᠬᠦ ᠪᠠ ᠲᠤᠭ᠎ᠠ ᠪᠠᠷᠢᠮᠲᠠ ᠶᠢ ᠡᠮᠬᠢᠯᠡᠵᠦ ᠳᠡᠭᠡᠭᠰᠢ ᠮᠡᠳᠡᠭᠦᠯᠬᠦ ᠠᠵᠢᠯ ᠢ ᠨᠢᠭᠡᠨᠲᠡ ᠳᠠᠭᠤᠰᠬᠠᠪᠠ᠃ 
2.jpg       
          ᠲᠠᠷᠠᠭᠠᠴᠢ ᠶᠢᠨ ᠠᠯᠬᠤᠮ ᠳᠤ᠂ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ 2023 ᠣᠨ ᠤ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠶᠡᠷᠦᠩᠬᠡᠶᠢᠯᠡᠭᠰᠡᠨ ᠬᠢᠨᠠᠨ ᠬᠡᠮᠵᠢᠯᠲᠡ ᠶᠢ ᠬᠢᠨᠠᠨ ᠬᠡᠮᠵᠢᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃  
 
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号