2023 ᠣᠨ ᠤ 6 ᠰᠠᠷ᠎ᠠ ᠶᠢᠨ 28 ᠤ ᠡᠳᠦᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ︽ᠭᠤᠤᠯᠳᠠᠯᠭ᠎ᠠ ᠲᠠᠢ ᠣᠷᠣᠨ | ᠪᠦᠰᠡ ᠶᠢᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠲᠤᠰᠬᠠᠶ ᠵᠦᠢᠯ ᠤᠨ 2023 ᠣᠨ ᠤ ᠲᠥᠪ ᠤᠨ | ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢᠨ ᠲᠥᠯᠥᠪᠯᠡᠭᠡ ︵ᠣᠷᠣᠨ ᠨᠤᠲᠤᠭ ᠤᠨ ᠬᠤᠶᠠᠳᠤᠭᠠᠷ ᠪᠦᠯᠦᠭ︶ | ᠶᠢ ᠪᠠᠭᠤᠯᠭᠠᠬᠤ ᠲᠤᠬᠠᠶ ᠮᠡᠳᠡᠭᠳᠡᠯ︾ ᠢ ᠪᠠᠭᠤᠯᠭᠠᠵᠤ᠂ ᠮᠠᠨ ᠤ ᠣᠷᠣᠨ ᠤ ᠮᠤᠨᠢ ᠠᠭᠤᠯᠠ ᠶᠢᠨ ᠠᠷᠤ ᠬᠤᠷᠮᠣᠶ ᠶᠢᠨ | ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ᠂ ᠥᠪᠥᠷ ᠮᠣᠩᠭᠤᠯ ᠤᠨ ᠪᠠᠷᠠᠭᠤᠨ | ᠬᠡᠰᠡᠭ ᠤᠨᠴᠦ᠋ᠯᠯᠡᠷᠬᠡᠭ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ ᠪᠠ ᠬᠥᠪᠴᠢ - | ᠮᠤᠤᠠᠤᠰᠤ ᠡᠯᠡᠰᠦᠨ ᠴᠥᠯ ᠤᠨ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ | ᠭᠤᠷᠪᠠᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠲᠥᠪ ᠤᠨ ᠲᠥᠰᠦᠪ ᠤᠨ ᠳᠣᠲᠣᠷᠠᠬᠢ ᠪᠠᠯᠠ | ᠣᠷᠣᠭᠤᠯᠤᠯᠲᠠ ᠶᠢ 7 . 63 ᠳ᠋ᠦᠩᠰᠢᠭᠤᠷ ᠲᠥᠭᠦᠷᠢᠭ ᠪᠠᠭᠤᠯᠭᠠᠪᠠ᠃ ᠪᠥᠲᠥᠭᠡᠨ ᠪᠠᠶᠢᠭᠤᠯᠤᠯᠲᠠ ᠶᠢᠨ | ᠠᠭᠤᠯᠭ᠎ᠠ ᠳᠤ᠄ ᠪᠠᠶᠢᠭᠠᠯᠢ ᠶᠢᠨ ᠣᠶ ᠶᠢ 89 . 6 ᠲᠦᠮᠡᠨ ᠮᠥ ᠬᠠᠮᠠᠭᠠᠯᠠᠬᠤ ᠪᠠ ᠣᠶᠢᠵᠢᠭᠤᠯᠵᠤ᠂ ᠨᠤᠲᠤᠭ | ᠪᠡᠯᠴᠢᠭᠡᠷ ᠤᠨ 116 . 19 ᠲᠦᠮᠡᠨ ᠮᠥ᠂ 257 . 46 ᠲᠦᠮᠡᠨ ᠮᠧᠲᠷ ᠨᠤᠲᠤᠭ ᠪᠡᠯᠴᠢᠭᠡᠷ ᠢ ᠬᠦᠷᠢᠶᠡᠯᠡᠨ | ᠪᠢᠲᠡᠭᠦᠮᠵᠢᠯᠡᠵᠦ᠂ 21 . 7 ᠲᠦᠮᠡᠨ ᠮᠥ ᠡᠯᠡᠰᠦ ᠶᠢ ᠲᠣᠭᠲᠠᠪᠤᠷᠢᠵᠢᠭᠤᠯᠬᠤ ᠢᠨᠵᠧᠨᠧᠷᠢᠩ᠂ 187 ᠵᠢᠵᠢᠭ | ᠬᠡᠯᠪᠡᠷᠢ ᠶᠢᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠪᠠᠶᠢᠭᠤᠯᠪᠠ᠃ 7 ᠰᠠᠷ᠎ᠠ ᠶᠢᠨ 14 ᠤ ᠡᠳᠦᠷ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠪᠠᠯᠠ | ᠣᠷᠣᠭᠤᠯᠤᠯᠲᠠ ᠶᠢᠨ ᠲᠥᠯᠥᠪᠯᠡᠭᠡ ᠶᠢ ᠬᠠᠮᠢᠶ᠎ᠠ ᠪᠥᠬᠦᠶ ᠠᠶᠢᠮᠠᠭ ᠬᠤᠲᠠ ᠳᠤ ᠪᠠᠭᠤᠯᠭᠠᠪᠠ᠃ | ᠣᠳᠣᠬᠠᠨ ᠳᠤ᠂ 2023 ᠣᠨ ᠤ ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢ ᠬᠠᠮᠠᠭᠠᠯᠠᠬᠤ | ᠪᠠ ᠰᠡᠷᠭᠦᠭᠡᠬᠦ ᠲᠤᠰᠬᠠᠶ ᠵᠦᠢᠯ ᠤᠨ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢ ᠴᠥᠮ | ᠪᠠᠭᠤᠯᠭᠠᠪᠠ᠂ ᠨᠡᠶᠢᠲᠡ 20 . 9 ᠳ᠋ᠦᠩᠰᠢᠭᠤᠷ ᠲᠥᠭᠦᠷᠢᠭ ᠪᠣᠶ᠃ ᠲᠠᠷᠠᠭᠠᠴᠢ ᠶᠢᠨ ᠠᠯᠬᠤᠮ ᠳᠤ ᠥᠪᠡᠷᠲᠡᠭᠡᠨ | ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ︽ᠭᠤᠤᠯᠳᠠᠯᠭ᠎ᠠ ᠲᠠᠢ ᠣᠷᠣᠨ | ᠪᠦᠰᠡ ᠶᠢᠨ ᠠᠮᠢ ᠠᠬᠤᠶ ᠶᠢ ᠬᠠᠮᠠᠭᠠᠯᠠᠬᠤ ᠪᠠ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢ | ᠰᠡᠷᠭᠦᠭᠡᠬᠦ ᠲᠤᠰᠬᠠᠶ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ᠲᠥᠷᠥᠯ ᠵᠦᠢᠯ ᠢ ᠬᠡᠷᠡᠭᠵᠢᠭᠦᠯᠵᠦ ᠪᠠᠶᠢᠭ᠎ᠠ | ᠨᠢᠭᠡᠴᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠰᠠᠶᠢᠲᠤᠷ ᠬᠠᠮᠢᠶᠠᠷᠴᠤ | ᠬᠡᠷᠡᠭᠯᠡᠬᠦ ᠳᠤ ᠬᠢᠨᠠᠯᠲᠠ ᠲᠠᠯᠪᠢᠵᠤ᠂ ᠪᠥᠲᠥᠭᠡᠨ ᠪᠠᠶᠢᠭᠤᠯᠬᠤ ᠠᠵᠢᠯᠯᠠᠭ᠎ᠠ ᠶᠢ ᠵᠢᠷᠤᠮᠵᠢᠭᠤᠯᠤᠨ᠂ ᠪᠥᠲᠥᠭᠡᠨ | ᠪᠠᠶᠢᠭᠤᠯᠬᠤ ᠶᠠᠰᠤ ᠴᠢᠨᠠᠷ ᠢ ᠦᠨᠡᠨᠬᠦ ᠪᠠᠲᠤᠯᠠᠵᠤ᠂ ᠪᠠᠯᠠ ᠣᠷᠣᠭᠤᠯᠤᠯᠲᠠ ᠶᠢᠨ ᠦᠷ᠎ᠡ ᠠᠰᠢᠭ ᠢ ᠬᠦᠢᠴᠡᠳ | ᠪᠠᠳᠠᠷᠠᠭᠤᠯᠤᠨ᠎ᠠ᠃ | |