ᠣᠶ ᠰᠢᠭᠤᠶ ᠨᠤᠲᠤᠭ ᠪᠡᠯᠴᠢᠭᠡᠷ ᠤᠨ ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠢ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ  ᠮᠡᠳᠡᠭᠳᠡᠯ
ᠨᠡᠶᠢᠲᠡᠯᠡᠭᠰᠡᠨ ᠴᠠᠭ᠄
2023/7/4
ᠳᠥᠷᠪᠡᠳ ᠬᠤᠰᠢᠭᠤᠨ ᠤ ᠣᠶ ᠰᠢᠭᠤᠶ ᠶᠢᠨ ᠲᠠᠯᠠᠪᠠᠶ ᠶᠢᠨ ᠬᠠᠮᠢᠶᠠᠷᠤᠨ ᠬᠠᠮᠠᠭᠠᠯᠠᠬᠤ ᠲᠥᠪ ᠲᠤ᠄     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠰᠤᠭᠤᠴᠢᠨ  ᠪᠠᠶᠢᠴᠠᠭᠠᠭᠰᠠᠨ ᠮᠡᠳᠡᠭᠳᠡᠯ ᠤᠨ ᠪᠢᠴᠢᠭ︾ ᠶᠣᠰᠣᠭᠠᠷ᠂ ᠮᠠᠨ ᠤ ᠲᠣᠪᠴᠢᠶ᠎ᠠ᠂ 2023 ᠣᠨ ᠤ 6 ᠰᠠᠷ᠎ᠠ ᠶᠢᠨ 16᠎ ᠤ ᠡᠳᠦᠷ ᠲᠠᠨ ᠤ ᠨᠢᠭᠡᠴᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠵᠡᠷᠭᠡ ᠳᠤ ᠲᠤᠬᠠᠶ ᠶᠢᠨ ᠭᠠᠵᠠᠷ ᠤᠨ ᠬᠢᠨᠠᠯᠲᠠ ᠪᠠᠶᠢᠴᠠᠭᠠᠯᠲᠠ ᠬᠢᠪᠠ᠃ ᠪᠠᠶᠢᠴᠠᠭᠠᠯᠲᠠ ᠪᠠᠷ ᠲᠠᠮᠵᠢᠨ ᠦᠷ᠎ᠡ ᠳ᠋ᠦᠩ ᠢ ᠳᠣᠣᠷᠠᠬᠢ ᠮᠡᠲᠦ ᠬᠠᠷᠢᠭᠤ ᠲᠤᠰᠬᠠᠶ᠎ᠠ᠄     ᠲᠠᠨ ᠤ ᠨᠢᠭᠡᠴᠡ ᠶᠢᠨ 2023 ᠣᠨ ᠤ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠶ ᠮᠤᠳᠤ ᠡᠪᠡᠰᠦᠨ ᠤ ᠦᠷ᠎ᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠪᠠᠶᠢᠴᠠᠭᠠᠭᠰᠠᠨ ᠦᠷ᠎ᠡ ᠳ᠋ᠦᠩ ᠨᠢ ᠬᠢᠷᠢ ᠲᠡᠩᠴᠡᠭᠰᠡᠨ ᠪᠠᠶᠢᠨ᠎ᠠ᠃     ᠡᠭᠦᠨ ᠤ ᠬᠠᠮᠲᠤ᠂ ᠲᠠᠨ ᠤ ᠨᠢᠭᠡᠴᠡ ᠳᠤ ᠰᠠᠨᠠᠭᠤᠯᠬᠤ ᠨᠢ᠂ ᠳᠥᠷᠪᠡᠳ ᠬᠤᠰᠢᠭᠤᠨ ᠤ ᠦᠷ᠎ᠡ ᠲᠡᠭᠦᠬᠦ ᠰᠠᠭᠤᠷᠢᠨ ᠭᠠᠵᠠᠷ ᠤᠨ ᠣᠶ ᠮᠣᠳᠣᠨ ᠤ ᠰᠢᠯᠢᠳᠡᠭ ᠡᠭᠦᠯᠳᠡᠷ ᠤᠨ ᠬᠦᠷᠢᠶᠡᠯᠡᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠶ᠃ ᠦᠷ᠎ᠡ ᠶᠢᠨ ᠬᠦᠷᠢᠶᠡᠯᠡᠩ ᠤᠨ ᠰᠢᠯᠢᠳᠡᠭ ᠦᠷ᠎ᠡ ᠶᠢᠨ ᠦᠷ᠎ᠡ ᠦᠢᠯᠡᠳᠪᠦᠷᠢᠯᠡᠬᠦ ᠴᠢᠳᠠᠮᠵᠢ ᠶᠢ ᠲᠦᠷᠭᠡᠬᠡᠨ ᠰᠡᠷᠭᠦᠭᠡᠵᠦ᠂ ᠤᠢ ᠮᠣᠳᠣᠨ  ᠤ ᠰᠢᠯᠢᠳᠡᠭ ᠦᠷ᠎ᠡ ᠪᠠ ᠴᠢᠬᠢ ᠮᠤᠳᠤᠨ ᠤ ᠦᠢᠯᠡᠳᠪᠦᠷᠢᠯᠡᠯ ᠬᠠᠩᠭᠠᠯᠭ᠎ᠠ ᠶᠢ ᠪᠠᠲᠤᠯᠠᠬᠤ ᠬᠡᠷᠡᠭᠲᠡᠶ᠃                       2023 ᠣᠨ ᠤ 6 ᠰᠠᠷ᠎ᠠ ᠶᠢᠨ 26᠎ ᠤ ᠡᠳᠦᠷ    
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号