ᠮᠤᠷᠢᠨ ᠬᠤᠨᠴᠢᠷ ︵ᠰᠢᠯᠤᠭᠤᠨ ᠬᠤᠨᠴᠢᠷ᠂ ᠲᠡᠵᠢᠭᠡᠯ ᠤᠨ ᠬᠤᠨᠴᠢᠷ︶
ᠨᠡᠶᠢᠲᠡᠯᠡᠭᠰᠡᠨ ᠴᠠᠭ᠄
2023/8/1
      ᠤᠯᠠᠨ ᠨᠠᠰᠤᠲᠤ ᠡᠪᠡᠰᠦᠯᠢᠭ ᠲᠤᠮᠳᠠᠰᠠᠭ ᠭᠠᠩᠰᠠᠭ ᠤᠷᠭᠤᠮᠠᠯ᠃ ᠨᠤᠭᠤ ᠪᠡᠯᠴᠢᠭᠡᠷ ᠤᠨ ᠲᠠᠭᠠᠯᠳᠤᠬᠤ ᠳᠦᠷᠰᠦ ᠪᠤᠶᠤ ᠵᠤᠩᠬᠢᠯᠠᠬᠤ ᠪᠦᠷᠢᠯᠳᠦᠭᠦᠨ ᠨᠢ ᠪᠤᠯᠳᠠᠭ᠃ ᠪᠠᠰᠠ ᠭᠤᠤᠯ ᠤᠨ ᠲᠠᠩ ᠤᠨ ᠨᠤᠭᠤ᠂ ᠲᠠᠯ᠎ᠠ ᠨᠤᠲᠤᠭ ᠤᠨ ᠨᠤᠭᠤ ᠪᠡᠯᠴᠢᠭᠡᠷ᠂ ᠤᠢ ᠶᠢᠨ ᠭᠦᠪᠡᠭᠡ᠂ ᠪᠤᠲᠠ ᠰᠦᠭᠡᠭ ᠵᠢᠴᠢ ᠲᠠᠷᠢᠶᠠᠨ ᠳᠤᠮᠳᠠᠭᠤᠷ ᠬᠠᠷᠠᠭᠳᠠᠳᠠᠭ᠃ ᠪᠦᠭᠦ ᠤᠷᠤᠨ ᠢᠶᠠᠷ ᠤᠷᠭᠤᠯᠲᠠ ᠲᠠᠢ᠃ ᠮᠠᠨ ᠤ ᠤᠯᠤᠰ ᠤᠨ ᠵᠡᠭᠦᠨ ᠬᠤᠶᠢᠲᠤ ᠤᠷᠤᠨ᠂ ᠤᠮᠠᠷᠠᠲᠤ ᠤᠷᠤᠨ᠂ ᠪᠠᠷᠠᠭᠤᠨ ᠬᠤᠶᠢᠲᠤ ᠤᠷᠤᠨ ᠢᠶᠠᠷ ᠲᠠᠷᠬᠠᠨ᠂ ᠰᠤᠯᠥᠩᠭᠤᠰ᠂ ᠶᠠᠫᠤᠨ᠂ ᠤᠷᠤᠰ ᠤᠨ ᠰᠢᠪᠧᠷᠢᠶ᠎ᠠ᠂ ᠮᠤᠩᠭᠤᠯ ᠤᠯᠤᠰ ᠤᠨ ᠡᠮᠦᠨᠡᠲᠦ ᠬᠡᠰᠡᠭ ᠢᠶᠠᠷ ᠪᠠᠰᠠ ᠲᠠᠷᠬᠠᠵᠤ ᠪᠠᠶᠢᠲᠠᠭ᠃ ᠰᠢᠯᠢᠳᠡᠭ ᠲᠡᠵᠢᠬᠡᠯᠲᠦ ᠤᠷᠭᠤᠮᠠᠯ᠃ ᠴᠡᠴᠡᠭᠯᠡᠭᠦ ᠠᠴᠠ ᠨᠢ ᠡᠮᠦᠨ᠎ᠡ ᠦᠬᠡᠷ᠂ ᠠᠳᠤᠭᠤ᠂ ᠬᠤᠨᠢ ᠪᠦᠷ ᠳᠤᠷᠠᠲᠠᠢ ᠢᠳᠡᠵᠦ᠂ ᠴᠡᠴᠡᠭᠯᠡᠭᠰᠡᠨ ᠤ ᠰᠡᠭᠦᠯᠡᠷ ᠳᠤᠷᠠᠰᠢᠯᠲᠦ ᠴᠢᠨᠠᠷ ᠨᠢ ᠪᠠᠭᠤᠷᠠᠳᠠᠭ᠂ ᠲᠡᠮᠡᠭᠡ ᠡᠪᠦᠯ ᠤᠨ ᠤᠯᠠᠷᠢᠯ ᠳᠤ ᠢᠳᠡᠳᠡᠭ᠃ ᠪᠠᠶᠢᠭᠠᠯᠢ ᠶᠢᠨ ᠪᠡᠯᠴᠢᠭᠡᠷ ᠢ ᠰᠠᠶᠢᠵᠢᠷᠠᠭᠤᠯᠬᠤ ᠪᠠ ᠲᠠᠷᠢᠮᠠᠯ ᠪᠡᠯᠴᠢᠭᠡᠷ ᠲᠤ ᠬᠡᠷᠡᠭᠯᠡᠵᠦ  ᠪᠤᠯᠳᠠᠭ᠃ ᠤᠷᠤᠭᠤᠯᠤᠨ ᠠᠪᠴᠢᠷᠠᠵᠤ ᠠᠷᠠᠴᠢᠯᠠᠨ ᠲᠠᠷᠢᠪᠡᠯ ᠲᠤᠩ ᠶᠡᠭᠡ ᠠᠴᠢ ᠬᠤᠯᠪᠤᠭᠳᠠᠯ ᠲᠠᠢ ᠶᠤᠮ᠃ ᠪᠠᠰᠠ ᠨᠤᠭᠤᠭᠠᠨ ᠪᠤᠷᠳᠤᠭᠤᠷ ᠪᠤᠯᠭᠠᠵᠤ᠂ ᠭᠦᠷᠦᠰᠦ ᠰᠢᠷᠤᠢ ᠶᠢ ᠰᠠᠶᠢᠵᠢᠷᠠᠭᠤᠯᠵᠤ ᠪᠤᠯᠳᠠᠭ᠃ ᠦᠷ᠎ᠡ ᠨᠢ ᠡᠮ ᠳᠤ ᠤᠷᠤᠵᠤ᠂ ᠭᠤᠤᠯᠳᠠᠭᠤ ᠭᠦᠯ ᠨᠢᠷᠤᠭᠤ ᠡᠪᠡᠳᠭᠦ᠂ ᠳᠤᠰᠤᠯ ᠠᠯᠳᠠᠬᠤ᠂  ᠰᠢᠭᠡᠭᠡᠬᠦ ᠠᠷᠪᠢᠳᠬᠤ᠂ ᠴᠠᠭᠠᠨ ᠴᠢᠬᠢᠭ᠂  ᠨᠢᠳᠤ  ᠪᠦᠷᠲᠦᠯᠵᠡᠭᠦ ᠵᠡᠷᠭᠡ ᠶᠢ ᠵᠠᠰᠠᠳᠠᠭ᠃
6609c93d70cf3bc7284afec9d200baa1cd112a48.jpg
 
ᠢᠷᠡᠯᠲᠡ᠄ ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠠᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号