ᠲᠦᠩᠯᠢᠶᠤᠤ ᠬᠤᠳᠠ ᠶᠢᠨ ᠵᠠᠷᠤᠳ ᠬᠤᠰᠢᠭᠤᠨ ᠤ ᠣᠶ ᠰᠢᠭᠤᠢ ᠪᠠ ᠨᠤᠳᠤᠭ ᠪᠡᠯᠴᠢᠭᠡᠷ ᠤᠨ ᠲᠣᠪᠴᠢᠶ᠎ᠠ ᠬᠢᠨ ᠭᠤᠣᠯᠳᠠᠯᠭ᠎ᠠ ᠲᠠᠢ ᠭᠠᠯ ᠰᠡᠷᠭᠡᠶᠢᠯᠡᠬᠦ ᠪᠠ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠣᠶ ᠰᠢᠭᠤᠢ ᠶᠢᠨ ᠭᠠᠯ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠢ ᠡᠬᠢᠯᠡᠨ ᠬᠡᠷᠡᠭᠯᠡᠪᠡ
ᠨᠡᠶᠢᠲᠡᠯᠡᠭᠰᠡᠨ ᠴᠠᠭ᠄
2023/8/10
      8 ᠰᠠᠷ᠎ᠠ ᠶᠢᠨ 7᠎ ᠤ ᠡᠳᠦᠷ ᠠᠴᠠ ᠡᠬᠢᠯᠡᠨ᠂ ᠬᠤᠰᠢᠭᠤᠨ ᠤ ᠣᠶ ᠰᠢᠭᠤᠢ ᠪᠠ ᠨᠤᠳᠤᠭ ᠪᠡᠯᠴᠢᠭᠡᠷ ᠤᠨ ᠲᠣᠪᠴᠢᠶ᠎ᠠ ᠬᠢᠨ ᠭᠤᠣᠯᠳᠠᠯᠭ᠎ᠠ ᠲᠠᠢ ᠭᠠᠯ ᠰᠡᠷᠭᠡᠶᠢᠯᠡᠬᠦ ᠪᠠ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠣᠶ ᠰᠢᠭᠤᠢ ᠨᠤᠳᠤᠭ ᠪᠡᠯᠴᠢᠭᠡᠷ ᠤᠨ ᠭᠠᠯ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠵᠢᠩᠬᠢᠨᠢ ᠪᠠᠷ ᠲᠤᠷᠰᠢᠨ ᠬᠡᠷᠡᠭᠯᠡᠪᠡ᠃ ᠣᠶᠢᠯᠠᠭᠠᠭᠰᠠᠨ ᠢᠶᠠᠷ᠂ ᠲᠣᠰ ᠲᠠᠪᠴᠠᠩ ᠢ ᠲᠦᠩᠯᠢᠶᠣᠣ ᠶᠢᠨ ᠲᠢᠶᠧ ᠲᠠ ᠺᠣᠮᠫᠠᠨᠢ ᠠᠴᠠ ᠪᠠᠶᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠤᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠣᠯᠠᠨ ᠡᠬᠢᠲᠦ ᠳᠠᠭᠠᠭᠤᠯᠢ ᠣᠳᠣᠨ ᠤ ᠠᠯᠤᠰ ᠰᠡᠷᠡᠯ ᠤᠨ ᠲᠤᠭ᠎ᠠ ᠪᠠᠷᠢᠮᠲᠠ ᠶᠢ ᠨᠠᠷᠢᠯᠢᠭ ᠰᠣᠩᠭᠤᠵᠤ᠂ ︽ᠦᠨᠳᠤᠷ ᠪᠠᠶᠢᠷᠢ ᠠᠴᠠ ᠬᠢᠨᠠᠨ ᠡᠵᠡᠮᠳᠡᠬᠦ + ᠵᠢᠯᠤᠭᠤᠳᠬᠤ ᠲᠥᠪ + ᠬᠠᠮᠢᠶᠠᠷᠤᠯᠲᠠ ᠶᠢᠨ ᠲᠠᠪᠴᠠᠩ︾᠎ ᠢᠶᠠᠷ ᠭᠤᠣᠯ ᠪᠣᠯᠭᠠᠨ᠂ ᠪᠦᠬᠦᠯᠢ ᠡᠳᠦᠷ᠂ ᠲᠤᠰᠬᠠᠯ ᠲᠦᠷᠭᠡᠨ᠂ ᠲᠦᠢᠯ ᠤᠨ ᠲᠥᠬᠦᠮ ᠬᠠᠷᠢᠯᠴᠠᠨ ᠰᠣᠯᠪᠢᠴᠠᠯᠳᠤᠭᠰᠠᠨ ᠣᠶ ᠰᠢᠭᠤᠢ ᠵᠢᠴᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠲᠠᠪᠴᠠᠩ ᠪᠣᠯᠣᠨ᠎ᠠ᠃ ᠡᠨᠡ ᠨᠢ ᠣᠶ ᠰᠢᠭᠤᠢ ᠵᠢᠴᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠤᠯᠠᠮᠵᠢᠯᠠᠯᠲᠤ ᠬᠢᠨᠠᠨ ᠬᠡᠮᠵᠢᠬᠦ ᠠᠷᠭ᠎ᠠ ᠪᠠᠷᠢᠯ ᠎ ᠤᠨ ᠴᠠᠭ ᠲᠤᠬᠠᠢ ᠳᠤᠨᠢ ᠲᠠᠮᠵᠢᠭᠤᠯᠬᠤ ᠪᠠᠷ ᠬᠦᠷᠤᠯᠴᠡᠬᠦ ᠦᠭᠡᠢ᠂ ᠮᠡᠳᠡᠭᠡ ᠵᠠᠩᠭᠢ ᠤᠨᠤᠴᠢ ᠦᠭᠡᠢ ᠵᠡᠷᠭᠡ ᠭᠤᠣᠯ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃
6382717736485855148457987.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号