ᠡᠷᠬᠡ ᠶᠢᠨ ᠨᠡᠷᠡᠶᠢᠳᠦᠯ ᠠᠮᠤᠷ ᠢ ᠬᠠᠮᠠᠭᠠᠯᠠᠬᠤ ᠬᠡᠷᠡᠭ ᠢ ᠲᠠᠩᠰᠠᠯᠠᠨ ᠬᠠᠳᠠᠭᠠᠯᠠᠬᠤ ᠶᠢ ᠬᠦᠢᠴᠡᠳᠬᠡᠬᠦ | ᠡᠷᠬᠡ ᠶᠢᠨ ᠲᠥᠷᠥᠯ ᠠᠩᠬᠢᠯᠠᠯ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ | ᠬᠠᠷᠢᠭᠤᠴᠠᠯᠭ᠎ᠠ ᠶᠢᠨ ᠭᠤᠣᠯ ᠴᠣᠭᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ | ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠲᠤᠭᠳᠠᠭᠠᠭᠰᠠᠨ ᠦᠨᠳᠦᠰᠦᠯᠡᠯ ︽ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ᠶᠢᠨ ᠭᠤᠴᠢᠨ | ᠳᠣᠯᠣᠳᠤᠭᠠᠷ ᠵᠤᠷᠪᠤᠰ᠄ ᠵᠠᠰᠠᠭ ᠵᠠᠬᠢᠷᠭᠠᠨ ᠤ ᠪᠠᠶᠢᠭᠤᠯᠭ᠎ᠠ ᠭᠡᠷᠡᠴᠢ ᠪᠠᠷᠢᠮᠲᠠ ᠴᠤᠭᠯᠠᠭᠤᠯᠬᠤ ᠳᠠᠭᠠᠨ᠂ ᠦᠯᠢᠭᠡᠷ | ᠠᠪᠴᠤ ᠭᠡᠷᠡᠴᠢ ᠪᠣᠯᠭᠠᠬᠤ ᠠᠷᠭ᠎ᠠ ᠶᠢ ᠬᠡᠷᠡᠭᠯᠡᠵᠦ ᠪᠣᠯᠤᠨ᠎ᠠ︔ ᠭᠡᠷᠡᠴᠢ ᠪᠠᠷᠢᠮᠲᠠ ᠤᠰᠠᠳᠤᠨ ᠠᠷᠢᠯᠵᠤ ᠮᠡᠳᠡᠬᠦ ᠪᠤᠶᠤ | ᠬᠤᠵᠢᠮ ᠣᠯᠳᠠᠬᠤ ᠳᠤ ᠪᠡᠷᠬᠡᠲᠡᠶ ᠪᠤᠯᠵᠤ ᠮᠡᠳᠡᠬᠦ ᠪᠠᠶᠢᠳᠠᠯ ᠳᠣᠣᠷ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ᠂ ᠤᠷᠢᠳᠠᠪᠠᠷ ᠳᠠᠩᠰᠠᠯᠠᠵᠦ ᠬᠠᠮᠠᠭᠠᠯᠠᠨ ᠬᠠᠳᠠᠭᠠᠯᠠᠵᠤ ᠪᠣᠯᠬᠤ | ᠪᠥᠭᠡᠳ ᠳᠤᠯᠤᠭᠠᠨ ᠡᠳᠦᠷ ᠤᠨ ᠳᠣᠲᠣᠷ᠎ᠠ ᠴᠠᠭ ᠲᠤᠬᠠᠶ ᠳᠤᠨᠢ ᠰᠢᠶᠳᠪᠦᠷᠢᠯᠡᠬᠦ ᠲᠣᠭᠲᠠᠭᠠᠯ ᠭᠠᠷᠭᠠᠬᠤ ᠬᠡᠷᠡᠭᠲᠡᠶ᠂ | ᠲᠤᠰ ᠬᠤᠭᠤᠴᠠᠭᠠᠨ ᠳᠤ᠂ ᠲᠤᠬᠠᠶ ᠶᠢᠨ ᠬᠥᠮᠦᠨ ᠪᠤᠶᠤ ᠬᠤᠯᠪᠣᠭᠳᠠᠯ ᠪᠦᠬᠦᠢ ᠬᠥᠮᠦᠰ ᠭᠡᠷᠡᠴᠢ ᠪᠠᠷᠢᠮᠲᠠ ᠶᠢ | ᠦᠭᠡᠶᠢᠰᠬᠡᠬᠦ ᠪᠤᠶᠤ ᠰᠢᠯᠵᠢᠭᠦᠯᠵᠦ ᠪᠣᠯᠬᠤ ᠦᠭᠡᠢ᠃ | ᠬᠠᠷᠢᠭᠤᠴᠠᠯᠭ᠎ᠠ ᠶᠢᠨ ᠵᠦᠢᠯᠡᠰ 1. ᠪᠠᠶᠢᠴᠠᠭᠠᠯᠲᠠ ᠶᠢᠨ ᠱᠠᠳᠤᠨ ᠤ ᠬᠠᠷᠢᠭᠤᠴᠠᠯᠭ᠎ᠠ᠄ ᠬᠡᠷᠡᠭ | ᠰᠢᠶᠳᠪᠦᠷᠢᠯᠡᠬᠦ ᠠᠵᠢᠯᠲᠠᠨ ᠨᠢ ᠬᠤᠶᠠᠷ ᠬᠥᠮᠦᠨ ᠠᠴᠠ ᠪᠠᠭ᠎ᠠ ᠪᠠᠶᠢᠵᠤ ᠪᠣᠯᠬᠤ ᠦᠭᠡᠢ᠃ ᠬᠡᠷᠡᠭ ᠰᠢᠶᠳᠪᠦᠷᠢᠯᠡᠬᠦ | ᠠᠵᠢᠯᠲᠠᠨ ᠠᠴᠠ ᠬᠠᠤᠯᠢ ᠬᠡᠷᠡᠭᠵᠢᠬᠦᠯᠬᠦ ᠪᠡᠶ᠎ᠡ ᠶᠢᠨ ᠭᠠᠷᠤᠯ ᠢᠶᠠᠨ ᠲᠤᠳᠤᠷᠬᠠᠶᠢᠯᠠᠵᠦ᠂ ᠠᠵᠢᠯᠳᠠᠨ ᠤ ᠦᠨᠡᠮᠯᠡᠯ ᠢᠶᠠᠨ | ᠦᠵᠡᠭᠦᠯᠵᠦ ᠪᠠᠶᠢᠭᠠᠳ ᠬᠡᠷᠡᠴᠢ ᠪᠠᠷᠢᠮᠳᠠ ᠡᠵᠡᠮᠰᠢᠭᠴᠢ ᠳᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ | ᠠᠪᠬᠤ ᠬᠤᠭᠤᠴᠠᠭ᠎ᠠ᠂ ᠤᠴᠢᠷ ᠰᠢᠯᠲᠠᠭᠠᠨ ᠪᠠ ᠦᠨᠳᠦᠰᠦ ᠪᠠᠷᠢᠮᠲᠠ ᠶᠢ ᠮᠡᠳᠡᠭᠳᠡᠨ᠎ᠡ︔ ᠬᠡᠷᠡᠴᠢ ᠪᠠᠷᠢᠮᠲᠠ | ᠡᠵᠡᠮᠰᠢᠭᠴᠢ᠂ ᠭᠡᠷᠡᠴᠢᠯᠡᠭᠴᠢ ᠲᠠᠢ ᠬᠠᠮᠳᠤᠷᠠᠵᠦ ᠭᠡᠷᠡᠴᠢ ᠪᠠᠷᠢᠮᠲᠠ ᠶᠢᠨ ᠨᠡᠷᠡᠶᠢᠳᠦᠯ᠂ ᠲᠤᠭ᠎ᠠ ᠬᠡᠮᠵᠢᠶ᠎ᠡ᠂ ᠰᠢᠨᠵᠢ | ᠲᠡᠮᠳᠡᠭ ᠵᠡᠷᠭᠡ ᠶᠢ ᠳᠠᠩᠰᠠᠯᠠᠭᠤᠯᠬᠤ ᠬᠡᠷᠡᠭᠲᠡᠶ᠃ ᠴᠢᠬᠤᠯᠠ ᠲᠠᠢ ᠦᠶ᠎ᠠ ᠳᠤ ᠤᠷᠢᠳᠠᠪᠠᠷ ᠲᠠᠩᠰᠠᠯᠠᠨ ᠬᠠᠳᠠᠭᠠᠯᠠᠭᠰᠠᠨ | ᠭᠡᠷᠡᠴᠢ ᠪᠠᠷᠢᠮᠲᠠ ᠳᠤ ᠵᠢᠷᠤᠭ ᠠᠪᠴᠤ ᠪᠤᠯᠤᠨ᠎ᠠ᠃ 2. ᠬᠢᠨᠠᠨ ᠪᠠᠶᠢᠴᠠᠭᠠᠬᠤ ᠱᠠᠲᠤᠨ ᠤ ᠬᠠᠷᠢᠭᠤᠴᠠᠯᠭ᠎ᠠ᠄ ᠬᠡᠷᠡᠭ ᠢ | ᠳᠠᠭᠠᠭᠠᠨ ᠠᠪᠴᠤ ᠰᠢᠶᠳᠪᠦᠷᠢᠯᠡᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠠᠴᠠ ᠬᠡᠷᠡᠭ ᠰᠢᠳᠬᠡᠬᠦ ᠠᠵᠢᠯᠳᠠᠨ ᠠᠴᠠ | ᠳᠤᠷᠠᠳᠤᠭᠰᠠᠨ ︵ ᠬᠦᠴᠦᠨ ᠦᠭᠡᠢ ᠪᠣᠯᠭᠠᠬᠤ︶ ᠵᠠᠰᠠᠭ ᠵᠠᠬᠢᠷᠭᠠᠨ ᠤ ᠠᠷᠭ᠎ᠠ ᠬᠡᠮᠵᠢᠶ᠎ᠡ ᠶᠢᠨ ᠲᠦᠷᠦᠯ ᠵᠦᠢᠯ᠂ | ᠤᠴᠢᠷ ᠰᠢᠯᠲᠠᠭᠠᠨ ᠵᠢᠴᠢ ᠬᠠᠤᠯᠢ ᠴᠠᠭᠠᠵᠠ ᠶᠢᠨ ᠦᠨᠳᠦᠰᠦ ᠪᠠᠷᠢᠮᠲᠠ ᠶᠢ ᠬᠢᠨᠠᠨ ᠪᠠᠶᠢᠴᠠᠭᠠᠵᠤ᠂ ᠵᠠᠰᠠᠭ | ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠴᠢᠬᠤᠯᠠ ᠴᠢᠨᠠᠷ ᠢ ᠣᠨᠴᠠᠭᠠᠶᠢᠯᠠᠨ ᠠᠩᠬᠠᠷᠤᠨ᠎ᠠ᠃ 3. | ᠲᠣᠭᠲᠠᠭᠠᠬᠤ ᠱᠠᠲᠤᠨ ᠤ ᠬᠠᠷᠢᠭᠤᠴᠠᠯᠭ᠎ᠠ᠄ ᠭᠤᠣᠯ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠵᠠᠰᠠᠭ | ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠲᠤᠬᠠᠶ ᠶᠢᠨ ᠲᠠᠯᠠᠪᠤᠷ ᠲᠤ ᠲᠤᠬᠠᠶ ᠶᠢᠨ ᠬᠥᠮᠦᠨ ᠳᠤ | ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠤᠴᠢᠷ ᠰᠢᠯᠲᠠᠭᠠᠨ᠂ ᠦᠨᠳᠦᠰᠦᠯᠡᠯ ᠪᠣᠯᠤᠨ | ᠲᠤᠬᠠᠶ ᠶᠢᠨ ᠬᠥᠮᠦᠨ ᠤ ᠬᠠᠤᠯᠢ ᠶᠣᠰᠣᠭᠠᠷ ᠡᠳ᠋ᠯᠡᠬᠦ ᠡᠷᠬᠡ᠂ ᠲᠦᠷᠬᠡᠨ ᠲᠤᠰᠠᠯᠠᠮᠵᠢ ᠶᠢᠨ ᠠᠷᠭ᠎ᠠ ᠵᠠᠮ ᠢ ᠮᠡᠳᠡᠭᠳᠡᠨ᠎ᠡ | ᠃ 4. ᠭᠦᠢᠴᠡᠳᠬᠡᠬᠦ ᠱᠠᠳᠤᠨ ᠤ ᠬᠠᠷᠢᠭᠤᠴᠠᠯᠭ᠎ᠠ᠄ ︽ᠤᠷᠢᠳᠠᠪᠠᠷ ᠲᠠᠩᠰᠠᠯᠠᠨ ᠬᠠᠳᠠᠭᠠᠯᠠᠬᠤ ᠨᠠᠷᠢᠨ ᠳᠠᠩᠰᠠ︾ ᠶᠢ | ᠪᠢᠴᠢᠵᠦ᠂ ᠬᠡᠷᠡᠭ ᠤᠨ ᠤᠴᠢᠷ ᠰᠢᠯᠲᠠᠭᠠᠨ᠂ ᠬᠡᠷᠡᠭ ᠰᠢᠳᠬᠡᠬᠦ ᠨᠢᠭᠡᠴᠡ᠂ ᠭᠡᠷᠡᠴᠢ ᠪᠠᠷᠢᠮᠲᠠ ᠡᠵᠡᠮᠰᠢᠭᠴᠢ ᠶᠢᠨ | ᠤᠪᠤᠭ ᠨᠡᠷ᠎ᠡ ᠵᠡᠷᠭᠡ ᠪᠡᠶ᠎ᠡ ᠶᠢᠨ ᠭᠠᠷᠤᠯ ᠤᠨ ᠪᠠᠶᠢᠳᠠᠯ᠂ ᠤᠷᠢᠳᠠᠪᠠᠷ ᠲᠠᠩᠰᠠᠯᠠᠨ ᠬᠠᠳᠠᠭᠠᠯᠠᠬᠤ ᠴᠠᠭ ᠬᠤᠭᠤᠴᠠᠭ᠎ᠠ | ᠪᠠ ᠭᠠᠵᠠᠷ ᠤᠷᠤᠨ ᠵᠢᠴᠢ ᠤᠷᠢᠳᠠᠪᠠᠷ ᠲᠠᠩᠰᠠᠯᠠᠨ ᠬᠠᠳᠠᠭᠠᠯᠠᠬᠤ ᠭᠡᠷᠡᠴᠢ ᠪᠠᠷᠢᠮᠲᠠ ᠶᠢᠨ ᠨᠡᠷᠡᠶᠢᠳᠦᠯ᠂ ᠪᠠᠷᠢᠮᠵᠢᠶ᠎ᠠ᠂ | ᠲᠤᠭ᠎ᠠ ᠬᠡᠮᠵᠢᠶ᠎ᠡ᠂ ᠣᠨᠴᠠᠯᠢᠭ ᠰᠢᠨᠵᠢ ᠵᠡᠷᠭᠡ ᠠᠭᠤᠯᠭ᠎ᠠ ᠶᠢ ᠲᠤᠳᠤᠷᠬᠠᠶᠢᠯᠠᠨ᠎ᠠ᠂ ᠬᠡᠷᠡᠭ ᠰᠢᠳᠬᠡᠭᠴᠢ᠂ ᠭᠡᠷᠡᠴᠢ | ᠪᠠᠷᠢᠮᠲᠠ ᠡᠵᠡᠮᠰᠢᠭᠴᠢ ᠪᠠ ᠭᠡᠷᠡᠴᠢᠯᠡᠭᠴᠢ ᠭᠠᠷ ᠤᠨ ᠦᠰᠦᠭ ᠵᠢᠷᠤᠵᠤ ᠨᠤᠳᠠᠯᠠᠨ᠎ᠠ᠂ ᠭᠡᠷᠡᠴᠢ ᠪᠠᠷᠢᠮᠲᠠ | ᠡᠵᠡᠮᠰᠢᠭᠴᠢ ᠭᠠᠷ ᠤᠨ ᠦᠰᠦᠭ ᠵᠢᠷᠤᠬᠤ ᠶᠢ ᠲᠡᠪᠴᠢᠭᠰᠡᠨ ᠪᠠᠶᠢᠪᠠᠯ᠂ ᠬᠡᠷᠡᠭ ᠰᠢᠳᠬᠡᠭᠴᠢ ︽ᠤᠷᠢᠳᠠᠪᠠᠷ | ᠲᠠᠩᠰᠠᠯᠠᠨ ᠬᠠᠳᠠᠭᠠᠯᠠᠬᠤ ᠭᠡᠷᠡᠴᠢ ᠪᠠᠷᠢᠮᠲᠠ ᠶᠢᠨ ᠨᠠᠷᠢᠨ ᠲᠠᠩᠰᠠ︾ ᠳᠡᠭᠡᠷ᠎ᠡ ᠲᠤᠳᠤᠷᠬᠠᠶᠢᠯᠠᠨ᠎ᠠ᠃ ︽ | ᠤᠷᠢᠳᠠᠪᠠᠷ ᠲᠠᠩᠰᠠᠯᠠᠨ ᠬᠠᠳᠠᠭᠠᠯᠠᠬᠤ ᠭᠡᠷᠡᠴᠢ ᠪᠠᠷᠢᠮᠲᠠ ᠶᠢᠨ ᠨᠠᠷᠢᠨ ᠳᠠᠩᠰᠠ︾ ᠶᠢ ᠨᠢᠭᠡ ᠬᠡᠯᠪᠡᠷᠢ ᠶᠢᠨ ᠬᠤᠶᠠᠷ | ᠬᠤᠪᠢ᠂ ᠨᠢᠭᠡ ᠬᠤᠪᠢ ᠶᠢ ᠲᠤᠬᠠᠶ ᠶᠢᠨ ᠬᠥᠮᠦᠨ ᠳᠤ ᠲᠤᠰᠢᠶᠠᠨ ᠥᠭᠴᠦ᠂ ᠨᠢᠭᠡ ᠬᠤᠪᠢ ᠶᠢ ᠳᠠᠭᠠᠯᠳᠤᠪᠤᠷᠢ | ᠡᠪᠬᠡᠮᠡᠯ ᠳᠤ ᠤᠷᠤᠭᠤᠯᠤᠨ᠎ᠠ︔ 5. ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠬᠠᠷᠢᠭᠤᠴᠠᠯᠭ᠎ᠠ ᠶᠢ ᠬᠦᠢᠴᠡᠳᠬᠡᠨ᠎ᠡ᠃ | ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠪᠠ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠭᠡᠯ ᠤᠨ | ᠬᠠᠤᠯᠢ︾ ᠶᠢᠨ ᠵᠠᠭᠤ ᠠᠷᠪᠠᠨ ᠵᠢᠷᠭᠤᠳᠤᠭᠠᠷ ᠵᠤᠷᠪᠤᠰ ᠠᠷᠠᠳ ᠤᠨ ᠴᠠᠭᠳᠠᠭ᠎ᠠ ᠠᠴᠠ ᠠᠮᠤᠷ ᠢ ᠬᠠᠮᠠᠭᠠᠯᠠᠬᠤ | ᠬᠡᠷᠡᠭ ᠢ ᠰᠢᠶᠳᠪᠦᠷᠢᠯᠡᠬᠦ ᠳᠡᠭᠡᠨ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ | ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ︵ᠲᠦᠷᠪᠡ︶ ᠳᠣᠲᠣᠷ᠎ᠠ ᠵᠠᠭᠤᠷ᠎ᠠ ᠪᠠᠨ ᠬᠤᠪᠢᠶᠠᠬᠤ᠂ | ᠲᠦᠷᠢᠮᠡᠬᠡᠶᠢᠯᠡᠨ ᠡᠵᠡᠯᠡᠬᠦ᠂ ᠨᠡᠭᠦᠯᠭᠡᠨ ᠬᠡᠷᠡᠭᠯᠡᠬᠦ᠂ ᠵᠣᠷᠢᠭᠤᠳᠠ ᠡᠪᠳᠡᠵᠦ ᠰᠦᠢᠳᠬᠡᠭᠰᠡᠨ ᠢ ᠬᠤᠷᠢᠶᠠᠨ ᠠᠪᠤᠭᠰᠠᠨ᠂ | ᠳᠠᠷᠤᠵᠤ ᠠᠪᠤᠭᠰᠠᠨ ᠵᠣᠭᠤᠰ ᠮᠥᠩᠭᠦ ᠡᠳ᠋ ᠪᠣᠳᠠᠰ᠃ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ | ᠠᠵᠢᠯᠲᠠᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠲᠤᠬᠢᠷᠠᠮᠵᠢᠳᠠᠢ ᠵᠠᠰᠠᠭ ᠵᠠᠬᠢᠷᠭᠠᠨ ᠤ ᠰᠢᠳᠬᠡᠯ | ᠥᠭᠭᠦᠨ᠎ᠡ᠃ | |