ᠬᠠᠭᠤᠴᠢᠨ ᠪᠠᠷᠭᠤ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠪᠥᠬᠦ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠶᠡᠷᠦᠩᠬᠡᠶᠢᠯᠡᠭᠰᠡᠨ ᠬᠢᠨᠠᠨ ᠬᠡᠮᠵᠢᠯᠲᠡ ᠶᠢᠨ ᠨᠤᠲᠤᠭ ᠪᠡᠯᠴᠢᠭᠡᠷ ᠤᠨ ᠥᠯᠢᠭᠡᠷ ᠭᠠᠵᠠᠷ ᠢ ᠬᠢᠨᠠᠨ ᠬᠡᠮᠵᠢᠬᠦ ᠠᠵᠢᠯ ᠢ ᠤᠷᠤᠭᠰᠢᠲᠠᠶ ᠪᠡᠶᠡᠯᠡᠭᠦᠯᠪᠡ
ᠨᠡᠶᠢᠲᠡᠯᠡᠭᠰᠡᠨ ᠴᠠᠭ᠄
2023/9/1
      ᠪᠥᠬᠦ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠶᠡᠷᠦᠩᠬᠡᠶᠢᠯᠡᠭᠰᠡᠨ ᠬᠢᠨᠠᠨ ᠬᠡᠮᠵᠢᠬᠦ ᠨᠤᠲᠤᠭ ᠪᠡᠯᠴᠢᠭᠡᠷ ᠤᠨ ᠥᠯᠢᠭᠡᠷ ᠭᠠᠵᠠᠷ ᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠠᠵᠢᠯ ᠤᠨ ᠡᠭᠦᠷᠭᠡ ᠪᠠᠨ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠲᠥᠯᠥᠭᠡ᠂ ᠬᠠᠭᠤᠴᠢᠨ ᠪᠠᠷᠭᠤ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ 7 ᠰᠠᠷ᠎ᠠ ᠶᠢᠨ 17᠎ ᠤ ᠡᠳᠦᠷ ᠠᠴᠠ ᠡᠬᠢᠯᠡᠨ᠂ 55 ᠥᠯᠢᠭᠡᠷ ᠭᠠᠵᠠᠷ ᠵᠢᠴᠢ10 ᠢᠨᠵᠧᠨᠧᠷᠢᠩ ᠤᠨ ᠥᠯᠢᠭᠡᠷ ᠭᠠᠵᠠᠷ ᠲᠤ ᠴᠢᠭᠯᠡᠭᠦᠯᠦᠨ ᠬᠢᠨᠠᠨ ᠬᠡᠮᠵᠢᠬᠦ ᠠᠵᠢᠯ ᠥᠷᠨᠢᠭᠦᠯᠵᠦ᠂ ᠨᠡᠶᠢᠲᠡ 40 ᠡᠳᠦᠷ ᠤᠨ ᠳᠣᠲᠣᠷ᠎ᠠ ᠬᠢᠨᠠᠨ ᠬᠡᠮᠵᠢᠪᠠ᠃ 
1.jpg       
          ᠬᠢᠨᠠᠨ ᠬᠡᠮᠵᠢᠬᠦ ᠠᠵᠢᠯ ᠤᠨ ᠳᠤᠮᠳᠠ᠂ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠶᠢᠨ ᠪᠥᠬᠦ ᠠᠵᠢᠯᠲᠠᠨ ᠬᠦᠴᠢᠷ ᠠᠴᠠ ᠠᠶᠤᠬᠤ ᠥᠬᠡᠶ᠂ ᠶᠠᠳᠠᠷᠠᠯ ᠵᠦᠳᠡᠷᠡᠯ ᠠᠴᠠ ᠠᠶᠤᠬᠤ ᠥᠬᠡᠶ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ 8 ᠰᠠᠷ᠎ᠠ ᠶᠢᠨ 26᠎ ᠤ ᠡᠳᠦᠷ ᠪᠣᠯᠲᠠᠯ᠎ᠠ᠂ ᠲᠣᠰ ᠤᠳᠠᠭᠠᠨ ᠤ ᠪᠥᠬᠦ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠶᠡᠷᠦᠩᠬᠡᠶᠢᠯᠡᠭᠰᠡᠨ ᠬᠢᠨᠠᠨ ᠬᠡᠮᠵᠢᠬᠦ ᠨᠤᠲᠤᠭ ᠪᠡᠯᠴᠢᠭᠡᠷ ᠤᠨ ᠥᠯᠢᠭᠡᠷ ᠭᠠᠵᠠᠷ ᠤᠨ ᠠᠵᠢᠯ ᠢ ᠨᠢᠭᠡᠨᠲᠡ ᠪᠥᠬᠦ ᠲᠠᠯ᠎ᠠ ᠪᠠᠷ ᠪᠡᠶᠡᠯᠡᠭᠦᠯᠦᠭᠰᠡᠨ ᠪᠥᠭᠡᠳ ᠬᠢᠨᠠᠨ ᠬᠡᠮᠵᠢᠭᠰᠡᠨ ᠦᠷ᠎ᠡ ᠳ᠋ᠦᠩ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠰᠠᠨ ᠲᠠᠪᠴᠠᠩ ᠳᠤ ᠳᠠᠮᠵᠢᠭᠤᠯᠪᠠ᠃ 
2.jpg
   
 
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号