ᠬᠥᠯᠥᠨ ᠪᠤᠶᠢᠷ ᠬᠤᠲᠠ ᠶᠢᠨ ︽ᠭᠤᠷᠪᠠᠨ ᠤᠮᠠᠷᠠᠲᠤ︾᠎ ᠶᠢᠨ ᠵᠢᠷᠭᠤᠳᠤᠭᠠᠷ ᠬᠤᠭᠤᠴᠠᠭᠠᠨ ᠤ ᠬᠤᠪᠢᠶᠠᠷᠢ ᠲᠥᠷᠥᠯ ᠵᠦᠢᠯ ᠤᠨ ᠲᠥᠯᠥᠪᠵᠢᠭᠦᠯᠭᠡ ᠵᠢᠴᠢ ᠪᠥᠲᠥᠭᠡᠨ ᠪᠠᠶᠢᠭᠤᠯᠤᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠬᠤᠷᠠᠯ ᠤᠷᠤᠭᠰᠢᠲᠠᠶ ᠬᠤᠷᠠᠯᠳᠤᠪᠠ
ᠨᠡᠶᠢᠲᠡᠯᠡᠭᠰᠡᠨ ᠴᠠᠭ᠄
2023/9/12
       9 ᠰᠠᠷ᠎ᠠ ᠶᠢᠨ 5᠎ ᠤ ᠡᠳᠦᠷ᠂ ᠰᠢ ᠶᠢᠨ ᠫᠢᠩ ᠶᠡᠷᠦᠩᠬᠡᠶ ᠱᠦᠵᠢ ᠶᠢᠨ ︽ᠭᠤᠷᠪᠠᠨ ᠤᠮᠠᠷᠠᠲᠤ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠥᠯᠥᠨ ᠪᠤᠶᠢᠷ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︽ᠭᠤᠷᠪᠠᠨ ᠤᠮᠠᠷᠠᠲᠤ︾᠎ ᠶᠢᠨ ᠵᠢᠷᠭᠤᠳᠤᠭᠠᠷ ᠬᠤᠭᠤᠴᠠᠭᠠᠨ ᠤ ᠬᠤᠪᠢᠶᠠᠷᠢ ᠲᠥᠷᠥᠯ ᠵᠦᠢᠯ ᠤᠨ ᠲᠥᠯᠥᠪᠵᠢᠭᠦᠯᠭᠡ ᠵᠢᠴᠢ ᠪᠥᠲᠥᠭᠡᠨ ᠪᠠᠶᠢᠭᠤᠯᠤᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠬᠤ ᠬᠤᠷᠠᠯ ᠬᠤᠷᠠᠯᠳᠤᠭᠤᠯᠪᠠ᠃ ᠬᠥᠯᠥᠨ ᠪᠤᠶᠢᠷ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠶᠠᠩ ᠵᠢᠤᠢ ᠵᠥᠩ ᠨᠥᠬᠦᠷ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠳᠤᠷᠢᠳᠤᠯᠭ᠎ᠠ᠂ ᠣᠶ ᠰᠢᠭᠤᠶ ᠶᠢᠨ ᠵᠢᠷᠭᠤᠳᠤᠭᠠᠷ ᠲᠣᠪᠴᠢᠶ᠎ᠠ᠂ ᠬᠤᠰᠢᠭᠤ ᠬᠤᠲᠠ ᠲᠣᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠥᠯᠥᠭᠡᠯᠡᠭᠴᠢ ᠵᠢᠴᠢ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠠᠵᠢᠯᠲᠠᠨ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠸᠠᠩ ᠵᠢᠶᠠᠨ ᠮᠠᠨ ᠤ ᠲᠣᠪᠴᠢᠶ᠎ᠠ ᠶᠢᠨ ︽ᠭᠤᠷᠪᠠᠨ ᠤᠮᠠᠷᠠᠲᠤ︾᠎ ᠎ ᠶᠢᠨ ᠵᠢᠷᠭᠤᠳᠤᠭᠠᠷ ᠬᠤᠭᠤᠴᠠᠭᠠᠨ ᠤ ᠬᠤᠪᠢᠶᠠᠷᠢ ᠲᠥᠷᠥᠯ ᠵᠦᠢᠯ ᠤᠨ ᠭᠤᠤᠯ ᠰᠡᠳᠬᠢᠮᠵᠢ᠂ ᠲᠥᠷᠥᠯ ᠵᠦᠢᠯ ᠤᠨ ᠪᠠᠶᠢᠷᠢᠯᠠᠭᠤᠯᠤᠯᠲᠠ᠂ ᠲᠥᠷᠥᠯ  ᠵᠦᠢᠯ ᠤᠨ ᠰᠤᠳᠤᠯᠭᠠᠨ ᠤ ᠪᠢᠴᠢᠭ ᠨᠠᠶᠢᠷᠠᠭᠤᠯᠤᠨ ᠵᠣᠬᠢᠶᠠᠭᠰᠠᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠥᠯᠥᠨ ᠪᠤᠶᠢᠷ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ  ᠭᠤᠷᠪᠠᠨ ᠤᠮᠠᠷᠠᠲᠤ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠬᠠᠮᠢᠶ᠎ᠠ ᠪᠥᠬᠦᠶ ᠰᠠᠨᠠᠯ ᠰᠠᠨᠠᠭᠤᠯᠭ᠎ᠠ ᠳᠤᠷᠠᠳᠪᠠ᠃ ᠲᠡᠷᠡ ᠴᠢᠬᠤᠯᠠᠴᠢᠯᠠᠬᠤ ᠳᠠᠭᠠᠨ᠂ ᠵᠣᠭᠰᠣᠴᠠ ᠪᠠᠨ ᠵᠠᠪᠠᠯ ᠳᠡᠭᠡᠭᠰᠢᠯᠡᠭᠦᠯᠵᠦ᠂ ᠰᠠᠨᠠᠭᠠᠴᠢᠯᠠᠭ᠎ᠠ ᠲᠠᠢ ᠪᠠᠷ ᠳᠠᠭᠠᠷᠢᠯᠲᠠ ᠬᠢᠬᠦ ᠬᠡᠷᠡᠭᠲᠡᠶ ᠭᠡᠵᠡᠶ᠃ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠣᠨᠣᠪᠴᠢᠲᠠᠢ ᠨᠡᠪᠲᠡᠷᠬᠡᠢ ᠣᠶᠢᠯᠠᠭᠠᠵᠤ᠂ ᠶᠡᠷᠦᠩᠬᠡᠢ ᠱᠦᠵᠢ ᠶᠢᠨ ᠱᠠᠭᠠᠷᠳᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠠᠵᠠ ᠲᠣᠬᠢᠶᠠᠯ ᠢ  ᠰᠠᠶᠢᠲᠤᠷ ᠠᠳᠬᠤᠵᠤ᠂ ︽ᠭᠤᠷᠪᠠᠨ ᠤᠮᠠᠷᠠᠲᠤ︾᠎ ᠎ ᠶᠢᠨ ᠵᠢᠷᠭᠤᠳᠤᠭᠠᠷ ᠬᠤᠭᠤᠴᠠᠭᠠᠨ ᠤ ᠬᠤᠪᠢᠶᠠᠷᠢ ᠲᠦᠷᠦᠯ ᠵᠦᠢᠯ ᠤᠨ ᠲᠥᠯᠥᠪᠵᠢᠭᠦᠯᠭᠡ ᠵᠢᠴᠢ ᠪᠦᠳᠦᠭᠡᠨ ᠪᠠᠶᠢᠭᠤᠯᠤᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠢᠳᠴᠢᠯᠠᠨ ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃      ᠲᠣᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠢᠶᠠᠷ ᠳᠠᠮᠵᠢᠭᠤᠯᠤᠨ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠶᠡᠷᠦᠩᠬᠡᠶ ᠱᠦᠵᠢ ᠰᠢ ᠶᠢᠨ ᠫᠢᠩ ᠮᠤᠵᠢ ᠶᠢᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠮᠠᠨ ᠤ ᠲᠣᠪᠴᠢᠶ᠎ᠠ ᠶᠢᠨ ᠲᠥᠯᠥᠪᠵᠢᠭᠦᠯᠭᠡ ᠵᠢᠴᠢ ᠲᠥᠰᠦᠯ ᠤᠨ ᠶᠡᠭᠡ ᠴᠢᠭᠯᠡᠯ ᠢ ᠤᠯᠤᠰ ᠤᠨ ᠬᠢ ᠲᠠᠢ ᠨᠢᠭᠡᠳᠦᠯᠲᠡᠶ ᠪᠠᠶᠢᠯᠭᠠᠬᠤ ᠶᠢ ᠦᠨᠡᠨ ᠬᠦ ᠪᠠᠲᠤᠯᠠᠵᠤ᠂ ︽ᠭᠤᠷᠪᠠᠨ ᠤᠮᠠᠷᠠᠲᠤ︾᠎ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠳᠥᠯᠭᠢᠨ ᠠᠬᠢᠭᠤᠯᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃   
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号