ᠦᠷ᠎ᠡ ᠴᠢᠬᠢ ᠶᠢᠨ ᠶᠡᠷᠦᠩᠬᠡᠶ ᠥᠷᠲᠡᠭᠡ ᠪᠥᠬᠦ ᠣᠷᠣᠨ ᠤ ᠡᠪᠡᠰᠦᠨ ᠦᠷ᠎ᠡ ᠶᠢᠨ ᠰᠠᠭᠤᠷᠢᠨ ᠭᠠᠵᠠᠷ ᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/9/25
        ᠪᠥᠬᠦ ᠣᠷᠣᠨ ᠤ ᠡᠪᠡᠰᠦᠨ ᠦᠷ᠎ᠡ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ᠂ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠ ᠶᠠᠰᠤ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠦᠷ᠎ᠡ ᠴᠢᠬᠢ ᠶᠢᠨ ᠶᠡᠷᠦᠩᠬᠡᠶ ᠥᠷᠲᠡᠭᠡ ᠪᠥᠬᠦ ᠣᠷᠣᠨ ᠤ ᠡᠪᠡᠰᠦᠨ ᠦᠷ᠎ᠡ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠬᠢᠨᠠᠨ ᠪᠠᠶᠢᠴᠠᠭᠠᠬᠤ ᠳᠤᠭᠤᠶᠢᠯᠠᠩ ᠨᠢ ᠦᠷ᠎ᠡ ᠴᠢᠬᠢ ᠶᠢᠨ ᠶᠡᠷᠦᠩᠬᠡᠶ ᠥᠷᠲᠡᠭᠡ᠂ ᠠᠶᠢᠮᠠᠭ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠰᠢᠭᠤ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠭᠤᠷᠪᠠᠳᠠᠬᠢ ᠡᠲᠡᠭᠡᠳ ᠤᠨ ᠬᠢᠨᠠᠨ ᠬᠡᠮᠵᠢᠬᠦ ᠪᠠᠶᠢᠭᠤᠯᠤᠮᠵᠢ ᠶᠢᠨ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠤᠨ ᠠᠵᠢᠯᠲᠠᠨ ᠢᠶᠠᠷ ᠪᠦᠷᠢᠯᠳᠦᠵᠦ᠂ ᠬᠢᠨᠠᠨ ᠪᠠᠶᠢᠴᠠᠭᠠᠬᠤ ᠠᠵᠢᠯ ᠤᠨ ᠲᠥᠰᠦᠯ ᠢ ᠦᠨᠳᠦᠰᠦᠯᠡᠨ᠂ ᠵᠢᠯᠣᠭᠤᠴᠢ ᠥᠬᠡᠶ ᠨᠢᠰᠬᠡᠯ ᠢᠶᠠᠷ ᠠᠭᠠᠷ ᠤᠨ ᠬᠢᠨᠠᠨ ᠬᠡᠮᠵᠢᠯᠲᠡ ᠬᠢᠬᠦ᠂ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ ᠪᠠ ᠰᠤᠳᠤᠯᠤᠨ ᠶᠠᠷᠢᠯᠴᠠᠭ᠎ᠠ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ᠲᠣᠰ ᠤᠳᠠᠭᠠᠨ ᠤ ᠬᠢᠨᠠᠨ ᠪᠠᠶᠢᠴᠠᠭᠠᠯᠲᠠ ᠨᠢ 9 ᠰᠠᠷ᠎ᠠ ᠶᠢᠨ 11᠎ ᠤ ᠡᠳᠦᠷ ᠠᠴᠠ ᠡᠬᠢᠯᠡᠵᠦ᠂ ᠣᠲᠣ ᠪᠣᠯᠲᠠᠯ᠎ᠠ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ ᠶᠢᠨ ᠬᠢᠨᠠᠨ ᠪᠠᠶᠢᠴᠠᠭᠠᠬᠤ ᠠᠵᠢᠯ ᠢ ᠨᠢᠭᠡᠨᠲᠡ ᠳᠠᠭᠤᠰᠬᠠᠵᠤ᠂ ᠬᠥᠯᠥᠨ ᠪᠤᠶᠢᠷ ᠬᠤᠲᠠ ᠶᠢᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ᠂ ᠡᠸᠡᠩᠬᠢ ᠬᠤᠰᠢᠭᠤ᠂ ᠬᠠᠭᠤᠴᠢᠨ ᠪᠠᠷᠭᠤ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠵᠠᠷᠤᠳ ᠬᠤᠰᠢᠭᠤ᠂ ᠺᠠᠶᠢᠯᠦ ᠰᠢᠶᠠᠨ ᠵᠡᠷᠭᠡ 7 ᠭᠠᠵᠠᠷ ᠣᠷᠣᠨ ᠳᠤ ᠬᠤᠯᠪᠣᠭᠳᠠᠵᠤ᠂ ᠬᠢᠨᠠᠨ ᠪᠠᠶᠢᠴᠠᠭᠠᠭᠰᠠᠨ ᠲᠠᠯᠠᠪᠠᠶ ᠨᠢ 10.4 ᠲᠦᠮᠡᠨ ᠮᠥ ᠳᠤ ᠬᠦᠷᠴᠡᠶ᠃      ᠨᠢᠭᠡᠨᠲᠡ ᠬᠢᠨᠠᠨ ᠪᠠᠶᠢᠴᠠᠭᠠᠭᠰᠠᠨ ᠦᠷ᠎ᠡ ᠳ᠋ᠦᠩ ᠠᠴᠠ ᠦᠵᠡᠪᠡᠯ᠂ ᠡᠯ᠎ᠡ ᠰᠠᠭᠤᠷᠢᠨ ᠭᠠᠵᠠᠷ ᠤᠨ ᠬᠢᠨ ᠴᠥᠮ ᠲᠦᠯᠦᠪᠯᠡᠭᠡ ᠪᠠᠷ ᠢᠶᠠᠨ ᠶᠠᠪᠤᠭᠳᠠᠭᠤᠯᠵᠤ᠂ ᠪᠣᠳᠠᠲᠠᠶ ᠳᠠᠷᠢᠭᠰᠠᠨ ᠲᠠᠯᠠᠪᠠᠶ ᠨᠢ ᠬᠠᠷᠭᠤᠭᠤᠯᠤᠨ ᠪᠠᠶᠢᠴᠠᠭᠠᠭᠰᠠᠨ ᠲᠠᠯᠠᠪᠠᠶ ᠲᠠᠢ ᠦᠨᠳᠦᠰᠦᠨ ᠳᠡᠭᠡᠨ ᠨᠡᠶᠢᠴᠡᠵᠦ ᠪᠠᠶᠢᠨ᠎ᠠ᠃  ᠬᠢᠨᠠᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠪᠥᠲᠥᠭᠡᠨ ᠪᠠᠶᠢᠭᠤᠯᠤᠯᠲᠠ ᠶᠢᠨ ᠨᠢᠭᠡᠴᠡ ᠵᠢᠴᠢ ᠬᠠᠮᠢᠶ᠎ᠠ ᠪᠥᠬᠦᠶ ᠠᠶᠢᠮᠠᠭ ᠬᠤᠲᠠ  ᠬᠤᠰᠢᠭᠤ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠬᠠᠷᠢᠭᠤ ᠲᠤᠰᠬᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠳᠤᠷᠠᠳᠪᠠ᠃      ᠮᠠᠨ ᠤ ᠣᠷᠣᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠡᠪᠡᠰᠦᠨ ᠡᠭᠦᠯᠳᠡᠷ ᠪᠣᠯᠤᠨ ᠴᠢᠨᠠᠷ ᠰᠠᠶᠢᠲᠠᠶ ᠥᠨᠳᠥᠷ ᠤᠨᠠᠯᠲᠠ ᠲᠠᠢ ᠲᠡᠵᠢᠭᠡᠯ ᠡᠪᠡᠰᠦᠨ ᠤ ᠡᠭᠦᠯᠳᠡᠷ ᠤᠨ ᠬᠠᠩᠭᠠᠯᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠲᠦᠷᠭᠡᠬᠡᠨ ᠰᠢᠢᠳᠪᠦᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ 2022 ᠣᠨ ᠠᠴᠠ ᠡᠬᠢᠯᠡᠨ ᠡᠪᠡᠰᠦᠨ ᠡᠭᠦᠯᠳᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ ᠥᠭᠬᠦ ᠲᠥᠷᠥᠯ ᠵᠦᠢᠯ ᠢ ᠬᠡᠷᠡᠭᠵᠢᠭᠦᠯᠵᠦ᠂ ᠬᠤᠵᠢᠷᠯᠢᠬ ᠡᠪᠡᠰᠦ᠂ ᠴᠠᠷᠭᠠᠰᠤ ᠵᠡᠷᠭᠡ ᠶᠢᠨ ᠬᠢᠨᠠᠨ ᠲᠣᠭᠲᠠᠭᠠᠭᠰᠠᠨ ᠡᠪᠡᠰᠦᠨ ᠤ ᠡᠭᠦᠯᠳᠡᠷ ᠢᠶᠠᠷ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠪᠣᠯᠭᠠᠪᠠ᠃ ᠣᠳᠣᠬᠠᠨ ᠪᠣᠯᠲᠠᠯ᠎ᠠ᠂ ᠪᠦᠬᠦ ᠣᠷᠣᠨ ᠳᠤ ᠨᠢᠭᠡᠨᠲᠡ 24 ᠲᠦᠮᠡᠨ ᠮᠦ ᠡᠪᠡᠰᠦᠨ ᠦᠷ᠎ᠡ ᠦᠷᠡᠵᠢᠭᠦᠯᠦᠨ ᠪᠤᠶᠢᠵᠢᠭᠤᠯᠬᠤ ᠰᠠᠭᠤᠷᠢᠨ ᠢ ᠪᠠᠶᠢᠭᠤᠯᠵᠤ ᠳᠠᠭᠤᠰᠬᠠᠵᠤ᠂ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠬᠤ ᠳᠤ ᠰᠠᠭᠤᠷᠢ ᠲᠠᠯᠪᠢᠵᠤ ᠥᠭᠴᠡᠢ᠃ ᠲᠠᠷᠠᠭᠠᠴᠢ ᠶᠢᠨ ᠠᠯᠬᠤᠮ ᠳᠤ᠂ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ ᠪᠥᠬᠦ ᠣᠷᠣᠨ ᠤ ᠡᠪᠡᠰᠦᠨ ᠦᠷ᠎ᠡ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠠᠶᠢᠷᠢ ᠲᠣᠭᠲᠠᠭᠠᠯᠲᠠ ᠶᠢ ᠲᠦᠯᠦᠪᠯᠡᠬᠦ ᠠᠵᠢᠯ ᠢ ᠪᠡᠶᠡᠯᠡᠭᠦᠯᠵᠦ᠂ ᠡᠪᠡᠰᠦᠨ ᠦᠷ᠎ᠡ ᠶᠢᠨ ᠰᠠᠭᠤᠷᠢᠨ ᠭᠠᠵᠠᠷ ᠤᠨ ᠠᠯᠤᠰ ᠠᠴᠠ ᠬᠢᠨᠠᠨ ᠡᠵᠡᠮᠳᠡᠬᠦ ᠪᠠ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠦᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号