ᠬᠦᠯᠢᠶᠡᠨ ᠰᠢᠢᠳᠪᠦᠷᠢᠯᠡᠬᠦ ᠨᠥᠬᠦᠴᠡᠯ | 1. ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠡᠯ ᠠᠵᠤ ᠠᠬᠤᠢ ᠶᠢᠨ ᠦᠢᠯᠡᠳᠪᠦᠷᠢᠯᠡᠯ ᠳᠤ ᠰᠢᠭᠤᠳ | ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠭᠡᠳᠡᠭ ᠨᠢ᠄ | ︵1︶ ᠡᠪᠡᠰᠦᠨ ᠦᠷ᠎ᠡ ᠪᠠ ᠲᠡᠵᠢᠭᠡᠯ ᠡᠪᠡᠰᠦ ᠪᠣᠷᠳᠤᠭ᠎ᠠ ᠶᠢ ᠦᠢᠯᠡᠳᠪᠦᠷᠢᠯᠡᠬᠦ᠂ ᠬᠠᠳᠠᠭᠠᠯᠠᠬᠤ | ᠲᠥᠬᠦᠭᠡᠷᠦᠮᠵᠢ︔ | ︵2︶ ᠮᠠᠯ ᠤᠨ ᠬᠠᠰᠢᠶ᠎ᠠ ᠰᠠᠷᠠᠪᠴᠢ᠂ ᠬᠡᠭᠡᠯᠲᠦᠭᠦᠯᠭᠡ ᠬᠢᠬᠦ ᠭᠠᠵᠠᠷ᠂ ᠨᠣᠣᠰᠣ ᠬᠠᠶᠢᠴᠢᠯᠠᠬᠤ ᠭᠠᠵᠠᠷ᠂ | ᠡᠮᠲᠦ ᠤᠬᠢᠶᠠᠯᠭ᠎ᠠ ᠶᠢᠨ ᠭᠠᠵᠠᠷ᠂ ᠬᠥᠮᠥᠨ ᠮᠠᠯ ᠤᠨ ᠤᠤᠭᠤᠬᠤ ᠤᠰᠤᠨ ᠤ ᠲᠥᠬᠦᠭᠡᠷᠦᠮᠵᠢ︔ | ︵3︶ ᠰᠢᠨᠵᠢᠯᠡᠬᠦ ᠤᠬᠠᠭᠠᠨ ᠤ ᠰᠤᠳᠤᠯᠤᠯ᠂ ᠲᠤᠷᠰᠢᠯᠲᠠ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ︔ | | ︵4︶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠ ᠤᠰᠤᠯᠠᠯᠲᠠ ᠶᠢᠨ ᠲᠥᠬᠦᠭᠡᠷᠦᠮᠵᠢ᠃ | 2. ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠲᠠᠯ᠎ᠠ ᠪᠠᠷ ᠳᠣᠣᠷ᠎ᠠ ᠵᠢᠭᠰᠠᠭᠠᠭᠰᠠᠨ ᠨᠥᠬᠦᠴᠡᠯ ᠤᠳ ᠲᠤ | ᠨᠡᠶᠢᠴᠡᠭᠰᠡᠨ ᠪᠠᠶᠢᠬᠤ ᠬᠡᠷᠡᠭᠲᠡᠢ᠄ | ︵1︶ ᠤᠯᠤᠰ ᠤᠨ ᠠᠵᠤ ᠦᠢᠯᠡᠰ ᠤᠨ ᠲᠥᠷᠦ ᠶᠢᠨ ᠪᠣᠳᠣᠯᠭ᠎ᠠ ᠳᠤ ᠨᠡᠶᠢᠴᠡᠵᠦ᠂ ᠤᠯᠤᠰ ᠠᠴᠠ | ᠲᠣᠳᠣᠷᠬᠠᠢ ᠵᠠᠷᠯᠢᠭ ᠢᠶᠠᠷ ᠴᠠᠭᠠᠵᠠᠯᠠᠭᠰᠠᠨ ᠲᠦᠷᠦᠯ ᠵᠦᠢᠯ ᠳᠤ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠵᠦ | ᠪᠣᠯᠬᠤ ᠦᠭᠡᠢ︔ | ︵2︶ ᠪᠠᠶᠢᠭ᠎ᠠ ᠭᠠᠵᠠᠷ ᠤᠨ ᠢᠶᠠᠨ ᠬᠤᠰᠢᠭᠤ ᠰᠢᠶᠠᠨ ᠤ ᠱᠠᠲᠤᠨ ᠤ ᠨᠤᠲᠤᠭ ᠪᠡᠯᠴᠢᠭᠡᠷ ᠤᠨ ᠬᠠᠮᠠᠭᠠᠯᠠᠯᠲᠠ | ᠪᠦᠲᠦᠭᠡᠨ ᠪᠠᠶᠢᠭᠤᠯᠤᠯᠲᠠ ᠶᠢᠨ ᠠᠰᠢᠭᠯᠠᠯᠲᠠ ᠶᠢᠨ ᠲᠥᠯᠦᠪᠵᠢᠭᠦᠯᠭᠡ ᠳᠤ ᠨᠡᠶᠢᠴᠡᠵᠦ᠂ ᠲᠣᠳᠣᠷᠬᠠᠢ ᠬᠡᠷᠡᠭᠯᠡᠬᠦ | ᠲᠠᠯᠠᠪᠠᠢ ᠪᠤᠶᠤ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠲᠠᠢ ᠪᠠᠶᠢᠬᠤ︔ | ︵3︶ ᠪᠠᠶᠢᠭ᠎ᠠ ᠭᠠᠵᠠᠷ ᠤᠨ ᠢᠶᠠᠨ ᠠᠮᠢ ᠠᠬᠤᠢ ᠶᠢᠨ ᠣᠷᠴᠢᠨ ᠲᠣᠭᠤᠷᠢᠨ᠂ ᠮᠠᠯ ᠠᠵᠤ ᠠᠬᠤᠢ ᠶᠢᠨ | ᠦᠢᠯᠡᠳᠪᠦᠷᠢᠯᠡᠯ ᠪᠠ ᠮᠠᠯᠴᠢᠨ ᠲᠠᠷᠢᠶᠠᠴᠢᠨ ᠤ ᠠᠮᠢᠳᠤᠷᠠᠯ ᠳᠤ ᠬᠦᠨᠳᠦ ᠶᠡᠭᠡ ᠨᠠᠵᠠᠭᠠᠢ ᠨᠥᠯᠥᠭᠡ ᠦᠵᠡᠭᠦᠯᠬᠦ ᠦᠭᠡᠢ | ᠪᠠᠶᠢᠬᠤ︔ | ︵4︶ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠳᠡᠭᠡᠨ ᠨᠤᠲᠤᠭ ᠪᠡᠯᠴᠢᠭᠡᠷ ᠤᠨ | ᠥᠮᠴᠢᠯᠡᠭᠴᠢ ᠪᠤᠶᠤ ᠬᠡᠷᠡᠭᠯᠡᠭᠴᠢ ᠶᠢᠨ ᠵᠥᠪᠰᠢᠶᠡᠷᠡᠯ ᠢ ᠣᠯᠬᠤ ᠬᠡᠷᠡᠭᠲᠡᠢ︔ ᠨᠢᠭᠡᠨᠲᠡ ᠳᠠᠭᠠᠭᠠᠴᠢᠯᠠᠨ ᠡᠵᠡᠩᠨᠡᠭᠰᠡᠨ | ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠨ ᠬᠡᠷᠡᠭᠯᠡᠭᠰᠡᠨ ᠪᠠᠶᠢᠪᠠᠯ᠂ ᠪᠠᠰᠠ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠭᠴᠢ ᠲᠠᠢ ᠨᠥᠬᠦᠪᠦᠷᠢ ᠥᠭᠬᠦ ᠬᠡᠯᠡᠯᠴᠡᠭᠡᠷ ᠲᠣᠭᠲᠠᠭᠠᠬᠤ ᠬᠡᠷᠡᠭᠲᠡᠢ︔ | ︵5︶ ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠳᠤ ᠬᠦᠷᠪᠡᠯ᠂ ᠨᠤᠲᠤᠭ ᠪᠡᠯᠴᠢᠭᠡᠷ ᠤᠨ | ᠤᠷᠭᠤᠮᠠᠯ ᠤᠨ ᠪᠦᠷᠬᠦᠴᠡ ᠶᠢ ᠰᠡᠷᠭᠦᠭᠡᠬᠦ ᠲᠥᠰᠥᠯ ᠲᠤᠭᠲᠠᠭᠠᠬᠤ ᠬᠡᠷᠡᠭᠲᠡᠢ︔ | ︵6︶ ᠭᠤᠶᠤᠴᠢᠯᠠᠬᠤ ᠮᠠᠲ᠋ᠧᠷᠢᠶᠠᠯ ᠨᠢ ᠪᠦᠷᠢᠨ ᠭᠦᠢᠴᠡᠳ᠂ ᠦᠨᠡᠨ ᠪᠣᠳᠠᠲᠠᠢ ᠪᠠᠶᠢᠬᠤ ᠬᠡᠷᠡᠭᠲᠡᠢ︔ | ︵7︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠤᠳ᠃ | ᠲᠤᠭᠲᠠᠭᠠᠭᠰᠠᠨ ᠦᠨᠳᠦᠰᠦᠯᠡᠯ | 【ᠬᠠᠤᠯᠢ ᠴᠠᠭᠠᠵᠠ】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ | ᠬᠠᠤᠯᠢ︾ ︵2013 ᠣᠨ ᠤ ᠵᠠᠰᠠᠪᠤᠷᠢ ᠣᠷᠣᠭᠤᠯᠤᠭᠰᠠᠨ ᠳᠡᠪᠲᠡᠷ︶ ᠶᠢᠨ ᠳᠥᠴᠢᠨ ᠨᠢᠭᠡᠳᠦᠭᠡᠷ ᠵᠦᠢᠯ ᠨᠤᠲᠤᠭ | ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠡᠯ ᠠᠵᠤ ᠠᠬᠤᠢ ᠶᠢᠨ ᠦᠢᠯᠡᠳᠪᠦᠷᠢᠯᠡᠯ ᠳᠤ | ᠰᠢᠭᠤᠳ ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢ ᠪᠠᠶᠢᠭᠤᠯᠬᠤ ᠳᠤ ᠨᠤᠲᠤᠭ ᠪᠡᠯᠴᠢᠭᠡᠷ ᠢ ᠬᠡᠷᠡᠭᠯᠡᠬᠦ | ᠴᠢᠬᠤᠯᠠᠲᠠᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ᠎ᠡ︔ ᠪᠤᠰᠤᠳ | ᠪᠠᠷᠢᠯᠭ᠎ᠠ ᠪᠠᠷᠢᠬᠤ ᠳᠤ ᠨᠤᠲᠤᠭ ᠪᠡᠯᠴᠢᠭᠡᠷ ᠢ ᠮᠡᠯ ᠠᠵᠤ ᠠᠬᠤᠢ ᠶᠢᠨ ᠪᠣᠰᠤ ᠦᠢᠯᠡᠳᠪᠦᠷᠢᠯᠡᠯ ᠳᠤ ᠬᠡᠷᠡᠭᠯᠡᠬᠦ ᠭᠠᠵᠠᠷ | ᠪᠣᠯᠭᠠᠬᠤ ᠴᠢᠬᠤᠯᠠᠲᠠᠢ ᠪᠣᠯ ᠡᠷᠬᠡᠪᠰᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ | ᠭᠠᠷ ᠭᠦᠢᠴᠡᠳᠬᠡᠯ ᠢ ᠬᠠᠤᠯᠢ ᠶᠣᠰᠣᠭᠠᠷ ᠬᠢᠬᠦ ᠬᠡᠷᠡᠭᠲᠡᠢ᠃ | ᠡᠮᠦᠨ᠎ᠡ ᠬᠡᠯᠡᠵᠦ ᠪᠠᠶᠢᠭ᠎ᠠ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠡᠯ ᠠᠵᠤ ᠠᠬᠤᠢ ᠶᠢᠨ | ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠭᠡᠳᠡᠭ ᠨᠢ᠄ | ︵ᠨᠢᠭᠡ︶ ᠡᠪᠡᠰᠦᠨ ᠦᠷ᠎ᠡ ᠪᠠ ᠲᠡᠵᠢᠭᠡᠯ ᠡᠪᠡᠰᠦ ᠲᠡᠵᠢᠭᠡᠯ ᠪᠣᠷᠳᠤᠭ᠎ᠠ ᠶᠢ ᠦᠢᠯᠡᠳᠪᠦᠷᠢᠯᠡᠬᠦ᠂ ᠬᠠᠳᠠᠭᠠᠯᠠᠬᠤ | ᠲᠥᠬᠦᠭᠡᠷᠦᠮᠵᠢ︔ | ︵ᠬᠤᠶᠠᠷ︶ ᠮᠠᠯ ᠤᠨ ᠬᠠᠰᠢᠶ᠎ᠠ ᠰᠠᠷᠠᠪᠴᠢ᠂ ᠬᠡᠭᠡᠯᠲᠦᠭᠦᠯᠭᠡ ᠬᠢᠬᠦ ᠭᠠᠵᠠᠷ᠂ ᠨᠣᠣᠰᠣ ᠬᠠᠶᠢᠴᠢᠯᠠᠬᠤ ᠭᠠᠵᠠᠷ᠂ | ᠡᠮᠲᠦ ᠤᠬᠢᠶᠠᠯᠭ᠎ᠠ ᠶᠢᠨ ᠭᠠᠵᠠᠷ᠂ ᠬᠥᠮᠥᠨ ᠮᠠᠯ ᠤᠨ ᠤᠤᠭᠤᠬᠤ ᠤᠰᠤᠨ ᠤ ᠲᠥᠬᠦᠭᠡᠷᠦᠮᠵᠢ︔ | ︵ᠭᠤᠷᠪᠠ︶ ᠰᠢᠨᠵᠢᠯᠡᠬᠦ ᠤᠬᠠᠭᠠᠨ ᠤ ᠰᠤᠳᠤᠯᠤᠯ᠂ ᠲᠤᠷᠰᠢᠯᠲᠠ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ︔ | | ︵ᠳᠥᠷᠪᠡ︶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠ ᠤᠰᠤᠯᠠᠯᠲᠠ ᠶᠢᠨ ᠲᠥᠬᠦᠭᠡᠷᠦᠮᠵᠢ᠃ | 【ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ 】 ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ︵1984 ᠣᠨ ᠤ 6 ᠳ᠋ᠤᠭᠠᠷ ᠰᠠᠷ᠎ᠠ ᠶᠢᠨ | 7 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠴᠠ ᠪᠠᠲᠤᠯᠠᠪᠠ 2004 ᠣᠨ ᠤ 11 | ᠳ᠋ᠦ᠋ᠭᠡᠷ ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠠᠷᠯᠠᠯ 20 ᠳ᠋ᠤᠭᠠᠷ ᠲᠣᠭᠠᠲᠤ ᠪᠠᠷ | ᠨᠡᠶᠢᠲᠡᠯᠡᠪᠡ︶ | ᠬᠤᠷᠢᠨ ᠳᠣᠯᠣᠳᠤᠭᠠᠷ ᠵᠦᠢᠯ ᠤᠨ ᠨᠢᠭᠡᠳᠦᠭᠡᠷ ᠵᠤᠷᠪᠤᠰ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ | ᠬᠠᠮᠠᠭᠠᠯᠠᠯᠲᠠ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ | ᠲᠥᠬᠦᠭᠡᠷᠦᠮᠵᠢ ᠪᠠᠶᠢᠭᠤᠯᠬᠤ ᠳᠤ ᠨᠤᠲᠤᠭ ᠪᠡᠯᠴᠢᠭᠡᠷ ᠢ ᠠᠷᠪᠠᠨ ᠮᠦ ᠠᠴᠠ ᠳᠣᠭᠤᠭᠰᠢ ᠬᠡᠷᠡᠭᠯᠡᠬᠦ ᠴᠢᠬᠤᠯᠠᠲᠠᠢ | ᠪᠠᠶᠢᠪᠠᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ᠎ᠡ︔ ᠠᠷᠪᠠᠨ ᠮᠦ ᠠᠴᠠ ᠳᠡᠭᠡᠭᠰᠢ | ᠵᠠᠭᠤᠨ ᠮᠦ ᠠᠴᠠ ᠳᠣᠷᠣᠭᠰᠢ ᠪᠠᠶᠢᠪᠠᠯ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ᠎ᠡ︔ | ᠵᠠᠭᠤᠨ ᠮᠦ ᠠᠴᠠ ᠳᠡᠭᠡᠭᠰᠢ ᠪᠠᠶᠢᠪᠠᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ᠎ᠡ᠃ | | 【ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ 】︽ᠨᠢᠭᠡ ᠪᠦᠯᠦᠭ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠲᠥᠷᠥᠯ ᠵᠦᠢᠯ ᠢ ᠬᠦᠴᠦᠨ ᠦᠭᠡᠢ ᠪᠣᠯᠭᠠᠬᠤ ᠪᠠ ᠡᠷᠬᠡ ᠶᠢ ᠳᠣᠷᠣᠭᠰᠢ ᠪᠠᠭᠤᠯᠭᠠᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ︵ᠲᠥᠷᠦ ᠲᠠᠷᠬᠠᠭᠠᠭᠰᠠᠨ ﹇2014﹈ 5 ᠳ᠋ᠤᠭᠠᠷ | ᠲᠣᠭᠠᠲᠤ︶ ᠤᠨ 29 ᠳ᠋ᠦ᠋ᠭᠡᠷ ᠵᠤᠷᠪᠤᠰ᠂ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠠ | ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢ | ᠪᠠᠶᠢᠭᠤᠯᠬᠤ ᠳᠤ ᠳᠠᠯᠠᠨ ᠾᠧᠺᠲ᠋ᠠᠷ ᠠᠴᠠ ᠳᠡᠭᠡᠭᠰᠢᠬᠢ ᠨᠤᠲᠤᠭ ᠪᠡᠯᠴᠢᠭᠡᠷ ᠢ ᠬᠡᠷᠡᠭᠯᠡᠬᠦ ᠬᠢᠨᠠᠨ ᠵᠥᠪᠰᠢᠶᠡᠷᠡᠯ ᠢ | ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠪᠠᠭᠤᠯᠭᠠᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︿ᠰᠤᠮᠤ ᠰᠢᠶᠠᠩ | ᠪᠠᠯᠭᠠᠰᠤ ᠪᠠ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠬᠢᠨᠠᠨ | ᠵᠥᠪᠰᠢᠶᠡᠷᠡᠬᠦ ᠦᠢᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠶᠢ ᠲᠦᠯᠬᠢᠨ ᠠᠬᠢᠭᠤᠯᠬᠤ | ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ᠤᠨ ᠳᠠᠭᠠᠯᠳᠤᠭᠤᠯᠤᠯ ᠤᠨ 5 ᠳ᠋ᠤᠭᠠᠷ | ᠵᠤᠷᠪᠤᠰ᠃ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠣᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ᠄ ᠲᠦᠷ ᠪᠠᠶᠢᠬᠤ ᠦᠭᠡᠢ | ᠰᠦᠢᠳᠬᠡᠯ ᠬᠤᠷᠢᠶᠠᠬᠤ ᠦᠨᠳᠦᠰᠦᠯᠡᠯ᠄ ᠲᠦᠷ ᠪᠠᠶᠢᠬᠤ ᠦᠭᠡᠢ | |