ᠢᠯᠠᠭᠠᠨ ᠴᠡᠴᠡᠭ
ᠨᠡᠶᠢᠲᠡᠯᠡᠭᠰᠡᠨ ᠴᠠᠭ᠄
2024/1/15
    ᠣᠯᠠᠨ ᠨᠠᠰᠤᠲᠤ ᠡᠪᠡᠰᠦᠯᠢᠭ ᠤᠷᠭᠤᠮᠠᠯ ᠪᠣᠶᠤ ᠭᠠᠩᠰᠠᠭ ᠬᠤᠯᠢᠮᠠᠭ ᠤᠷᠭᠤᠮᠠᠯ᠃ ᠲᠠᠯ᠎ᠠ ᠨᠤᠲᠤᠭ᠂ ᠨᠤᠭᠤ ᠪᠡᠯᠴᠢᠭᠡᠷ ᠵᠢᠴᠢ ᠠᠭᠤᠯᠠᠷᠬᠠᠭ ᠭᠠᠵᠠᠷ ᠢᠶᠠᠷ ᠲᠠᠷᠠᠬᠠᠢ ᠤᠷᠭᠤᠵᠤ᠂ ᠡᠯᠡᠰᠦᠷᠬᠡᠭ ᠬᠦᠷᠦᠰᠦ᠂ ᠡᠯᠡᠰᠦ ᠬᠠᠶᠢᠷ ᠲᠠᠢ ᠭᠦᠷᠦᠰᠦ ᠵᠢᠴᠢ ᠪᠠᠭ᠎ᠠ ᠰᠠᠭ᠎ᠠ ᠬᠤᠵᠢᠷᠯᠢᠭ ᠬᠦᠷᠦᠰᠦᠨ ᠳᠤ ᠲᠤᠬᠢᠷᠠᠬᠤ ᠮᠦᠷᠲᠡᠭᠡᠨ ᠵᠠᠷᠢᠮ ᠳᠠᠭᠠᠨ ᠪᠠᠰᠠ ᠭᠠᠩᠰᠠᠭ ᠨᠡᠶᠢᠲᠡᠯᠢᠭ ᠪᠡᠯᠴᠢᠭᠡᠷ ᠢᠶᠠᠷ ᠬᠠᠷᠠᠭᠳᠠᠳᠠᠭ᠃ ᠪᠦᠬᠦ ᠤᠷᠤᠨ ᠢᠶᠠᠷ ᠤᠷᠭᠤᠯᠲᠠ ᠲᠠᠢ᠃ ᠮᠠᠨ ᠤ ᠤᠯᠤᠰ ᠤᠨ ᠵᠡᠭᠦᠨ ᠬᠤᠶᠢᠲᠤ ᠤᠷᠤᠨ᠂ ᠪᠠᠷᠠᠭᠤᠨ ᠬᠤᠶᠢᠲᠤ ᠤᠷᠤᠨ᠂ ᠤᠮᠠᠷᠠᠲᠤ ᠤᠷᠤᠨ᠂ ᠳᠤᠮᠳᠠᠳᠤ ᠤᠷᠤᠨ ᠢᠶᠠᠷ ᠲᠠᠷᠬᠠᠨ᠂ ᠮᠣᠩᠭᠤᠯ ᠤᠯᠤᠰ᠂ ᠤᠷᠤᠰ ᠤᠨ ᠰᠢᠪᠧᠷᠢᠶ᠎ᠠ ᠪᠠᠷ ᠪᠠᠰᠠ ᠲᠠᠷᠬᠠᠵᠤ ᠪᠠᠶᠢᠳᠠᠭ᠃ ᠦᠨᠳᠦᠰᠦ ᠨᠢ ᠪᠦᠬᠦᠯᠢ ᠡᠪᠡᠰᠦ ᠲᠠᠢ ᠪᠠᠨ ᠡᠮ ᠳᠤ ᠤᠷᠤᠵᠤ᠂ ᠭᠤᠤᠯᠳᠠᠭᠤ ᠴᠢᠰᠤ ᠲᠤᠭᠳᠠᠭᠠᠬᠤ᠂ ᠴᠢᠰᠦᠨ ᠡᠷᠬᠢᠯᠲᠡ ᠪᠠ ᠲᠡᠯᠢᠭᠦᠦ ᠶᠢ ᠰᠠᠶᠢᠵᠢᠷᠠᠭᠤᠯᠬᠤ᠂ ᠲᠠᠮᠢᠷᠵᠢᠭᠤᠯᠬᠤ᠂ ᠰᠠᠷ᠎ᠠ ᠶᠢᠨ ᠭᠬᠢᠷ ᠢ ᠲᠡᠭᠰᠢᠯᠡᠬᠦ ᠠᠴᠠ ᠭᠠᠳᠠᠨ᠎ᠠ ᠪᠠᠰᠠ ᠠᠵᠢᠯᠯᠠᠭᠠᠨ ᠤ ᠴᠢᠨᠠᠷᠲᠠᠢ ᠬᠡᠦᠬᠡᠨ ᠬᠡᠪᠲᠡᠰᠢ ᠠᠴᠠ ᠴᠢᠰᠤ ᠭᠠᠷᠬᠤ᠂ ᠱᠠᠮᠪᠠᠷᠠᠮ ᠠᠴᠠ ᠴᠢᠰᠦ ᠭᠠᠷᠬᠤ᠂ ᠭᠡᠳᠡᠰᠦᠨ ᠤ ᠢᠯᠪᠤᠷᠠᠯ᠂ ᠲᠠᠮᠢᠷᠳᠠᠬᠤ ᠵᠡᠷᠭᠡ ᠶᠢ ᠵᠠᠰᠠᠨ᠎ᠠ᠃
t01bdada1dc9117a0a7.jpg
 
ᠢᠷᠡᠯᠲᠡ᠄ ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠠᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号