ᠮᠤᠷᠳᠠᠭ᠎ᠠ ᠶᠢᠨ ᠪᠠᠶᠢᠭᠠᠯᠢᠯᠢᠭ ᠤᠢ
ᠨᠡᠶᠢᠲᠡᠯᠡᠭᠰᠡᠨ ᠴᠠᠭ᠄
2024/1/15
     ᠮᠤᠷᠳᠠᠭ᠎ᠠ ᠶᠢᠨ ᠪᠠᠶᠢᠭᠠᠯᠢᠯᠢᠭ ᠤᠢ ᠨᠢ ᠶᠡᠭᠡ ᠬᠢᠩᠭᠠᠨ ᠳᠠᠪᠠᠭᠠᠨ ᠤ ᠬᠤᠶᠢᠲᠦ ᠬᠡᠰᠡᠭ ᠲᠤ ᠪᠠᠶᠢᠷᠢᠯᠠᠨ᠎ᠠ᠃ 2000 ᠤᠨ ᠳᠤ᠂ ᠤᠯᠤᠰ ᠤᠨ ᠤᠢ ᠰᠢᠭᠤᠢ ᠶᠢᠨ ᠲᠤᠪᠴᠢᠶᠠᠨ ᠠᠴᠠ ᠵᠦᠪᠰᠢᠶᠡᠷᠡᠨ ᠪᠠᠶᠢᠭᠤᠯᠤᠭᠰᠠᠨ ᠦᠪᠦᠷ ᠮᠤᠩᠭᠤᠯ ᠤᠨ    ᠶᠡᠭᠡ ᠬᠢᠩᠭᠠᠨ ᠳᠠᠪᠠᠭᠠᠨ ᠤ ᠬᠠᠮᠤᠭ ᠤᠨ ᠲᠡᠷᠢᠭᠦᠨ ᠤ ᠤᠯᠤᠰ ᠤᠨ ᠤᠢ ᠰᠢᠭᠤᠢ ᠶᠢᠨ ᠴᠡᠴᠡᠷᠯᠢᠭ ᠮᠦᠨ᠃ ᠲᠤᠰ ᠦᠵᠡᠮᠵᠢ ᠶᠢᠨ ᠤᠷᠤᠨ ᠤ ᠲᠠᠯᠠᠪᠠᠢ ᠨᠢ 57.8 ᠲᠦᠮᠡᠨ ᠾᠧᠺᠲ᠋ᠠᠷ ᠪᠤᠯᠤᠨ᠎ᠠ᠃ ᠮᠤᠷᠳᠠᠭ᠎ᠠ ᠶᠢᠨ ᠪᠠᠶᠢᠭᠠᠯᠢᠯᠢᠭ ᠤᠢ ᠪᠤᠯ ᠮᠠᠨ ᠤ ᠤᠯᠤᠰ ᠤᠨ ᠬᠠᠮᠤᠭ ᠤᠨ ᠤᠮᠠᠷᠠᠲᠤ ᠬᠡᠰᠡᠭ ᠤᠨ ᠬᠦᠢᠲᠡᠨ ᠰᠡᠷᠢᠭᠦᠨ ᠪᠦᠰᠡᠨ ᠤ ᠰᠢᠯᠮᠤᠤᠰᠤᠲᠤ ᠤᠢ ᠮᠦᠨ᠃ ᠤᠳᠤᠬᠠᠨ ᠳᠤ᠂ ᠳᠤᠮᠳᠡᠳᠤ ᠤᠯᠤᠰ ᠤᠨ ᠬᠠᠮᠤᠭ ᠤᠨ ᠶᠡᠭᠡ ᠲᠠᠯᠠᠪᠠᠢ ᠲᠠᠢ ᠤᠢ ᠰᠢᠭᠤᠢ ᠶᠢᠨ ᠴᠡᠴᠡᠷᠯᠢᠭ ᠪᠤᠯᠤᠨ᠎ᠠ᠃ 2005 ᠤᠨ ᠳᠤ᠂ ᠮᠤᠷᠳᠠᠭ᠎ᠠ ᠶᠢᠨ ᠪᠠᠶᠢᠭᠠᠯᠢᠯᠢᠭ ᠤᠢ ᠶᠢᠨ ᠦᠵᠡᠮᠵᠢ ᠶᠢᠨ ᠤᠷᠤᠨ ᠨᠢ ᠪᠦᠬᠦ ᠤᠯᠤᠰ ᠤᠨ ᠲᠠᠷᠢᠶᠠᠯᠠᠩ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠢᠶᠠᠷ ᠦᠨᠡᠯᠡᠭᠳᠡᠪᠡ᠃ 2013 ᠤᠨ ᠳᠤ᠂ ᠤᠯᠤᠰ ᠤᠨ     4A ᠳᠡᠰ ᠤᠨ ᠵᠢᠭᠤᠯᠴᠢᠯᠠᠯ ᠤᠨ ᠤᠷᠤᠨ ᠪᠤᠯᠪᠠ᠃          ᠴᠡᠴᠡᠷᠯᠢᠭ ᠤᠨ ᠳᠤᠲᠤᠷ᠎ᠠ ᠵᠢᠷᠭᠤᠭᠠᠨ ᠦᠵᠡᠮᠵᠢ ᠶᠢᠨ ᠤᠷᠤᠨ ᠲᠠᠢ᠃ ᠪᠠᠶᠢᠭᠠᠯᠢᠯᠢᠭ ᠤᠢ ᠰᠢᠭᠤᠢ᠂ ᠯᠤᠤ ᠬᠡᠯᠪᠡᠷᠢᠲᠡᠢ ᠴᠢᠯᠠᠭᠤᠯᠢᠭ᠂ ᠭᠤᠤᠯ ᠮᠦᠷᠡᠨ ᠳᠤᠯᠭᠢᠶᠠᠯᠠᠨ ᠤᠷᠤᠰᠴᠤ᠂ ᠤᠨᠴᠠᠯᠢᠭᠲᠤ ᠵᠠᠩ ᠦᠢᠯᠡ ᠢ ᠳᠡᠯᠭᠡᠨ ᠦᠵᠡᠭᠦᠯᠦᠭᠰᠡᠨ ᠲᠤᠰᠬᠤᠨ᠂ ᠬᠢᠯᠢ ᠶᠢᠨ ᠭᠤᠤᠯ ᠵᠡᠷᠭᠡ ᠪᠠᠶᠢᠨ᠎ᠠ᠃ ᠴᠡᠴᠡᠷᠯᠢᠭ ᠤᠨ ᠦᠵᠡᠮᠵᠢ ᠨᠢ ᠤᠮᠠᠷᠠᠲᠤ ᠤᠷᠤᠨ ᠤ ᠤᠨᠴᠠᠯᠢᠭ ᠲᠠᠢ᠃ ᠲᠤᠰ ᠦᠵᠡᠮᠵᠢ ᠶᠢᠨ ᠤᠷᠤᠨ ᠤ ᠡᠮᠦᠨ᠎ᠡ ᠲᠠᠯ᠎ᠠ ᠳᠤ ᠨᠢ ᠬᠦᠯᠦᠨ ᠪᠤᠶᠢᠷ ᠤᠨ ᠲᠠᠯ᠎ᠠ ᠨᠤᠲᠤᠭ ᠪᠠᠶᠢᠵᠤ᠂ ᠤᠮᠠᠷᠠᠲᠤ ᠲᠠᠯ᠎ᠠ ᠳᠤ ᠨᠢ ᠳᠤᠮᠳᠡᠳᠤ ᠤᠷᠤᠰ ᠤᠨ ᠬᠢᠯᠢ ᠶᠢᠨ ᠭᠤᠤᠯ ᠪᠤᠯᠬᠤ ᠡᠷᠭᠦᠨ᠎ᠡ ᠭᠤᠤᠯ ᠪᠠᠶᠢᠨ᠎ᠠ᠃ ᠠᠭᠤᠯᠠ ᠨᠢᠷᠤᠭᠤᠳ ᠦᠷᠭᠦᠯᠵᠢᠯᠡᠨ᠂ ᠤᠷᠭᠤᠮᠠᠯ ᠬᠤᠴᠢᠯᠭ᠎ᠠ ᠢᠭᠴᠤ ᠰᠠᠬᠤᠯᠢᠭ᠂ ᠭᠤᠤᠯ ᠮᠦᠷᠡᠨ ᠤᠳᠤᠨ ᠮᠦᠴᠢᠳ ᠰᠢᠭ ᠲᠦᠭᠡᠵᠦ ᠪᠠᠶᠢᠳᠠᠭ᠃
2021-02-01-149f7b29f6-b3e5-47f4-ba1e-932309901382.jpg
 
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号