ᠨᠤᠮᠢᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ
ᠨᠡᠶᠢᠲᠡᠯᠡᠭᠰᠡᠨ ᠴᠠᠭ᠄
2024/1/15
     ᠲᠣᠰ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠣᠮᠢᠨ ᠭᠤᠤᠯ ᠤᠨ ᠳᠡᠭᠡᠳᠤ ᠤᠷᠤᠰᠬᠠᠯ ᠤᠨ ᠡᠮᠤᠨ᠎ᠡ ᠲᠠᠯ᠎ᠠ ᠳᠤ ᠪᠠᠶᠢᠷᠢᠯᠠᠵᠤ᠂ ᠤᠮᠠᠷᠠᠲᠤ ᠬᠡᠰᠡᠭ ᠨᠢ ᠰᠠᠮᠤᠺᠦ ᠶᠢ ᠲᠦᠰᠢᠵᠦ᠂ ᠵᠡᠭᠦᠨ ᠬᠡᠰᠡᠭ ᠨᠢ ᠲᠣᠵᠠᠮᠢᠨ ᠰᠢᠶᠠᠩ᠂ ᠯᠥᠩ ᠲᠧᠦ ᠲᠠᠢ ᠬᠥᠷᠰᠢᠯᠡᠵᠦ᠂ ᠰᠠᠶᠢᠷᠠᠩᠭᠦᠳᠠ ᠠᠭᠤᠯᠠ ᠪᠠᠷ ᠵᠠᠭᠠᠭ ᠪᠣᠯᠭᠠᠵᠤ ᠡᠮᠦᠨ᠎ᠡ ᠨᠣᠮᠢᠨ ᠪᠠᠯᠭᠠᠰᠤ ᠲᠠᠢ ᠵᠠᠬ᠎ᠠ ᠨᠡᠶᠢᠯᠡᠵᠦ᠂ ᠪᠠᠷᠠᠭᠤᠨ ᠬᠡᠰᠡᠭ ᠪᠠᠷ ᠶᠠᠭᠰᠢ ᠬᠤᠲᠠ ᠶᠢᠨ ᠤᠷᠠᠴᠢᠬᠠᠨ ᠣᠶ ᠰᠢᠭᠤᠶ ᠶᠢᠨ ᠲᠣᠪᠴᠢᠶᠠᠨ ᠤ ᠬᠢᠩᠭᠠᠨ ᠲᠠᠷᠢᠶᠠᠯᠠᠩ ᠤᠨ ᠲᠠᠯᠠᠪᠠᠶ ᠬᠥ᠋ ᠯᠢ ᠶᠠ ᠱᠠᠨ ᠠᠭᠤᠯᠠ ᠪᠠᠷ ᠵᠠᠭᠠᠭ ᠪᠣᠯᠭᠠᠨ᠎ᠠ᠃ ᠶᠡᠷᠦᠩᠬᠡᠶ ᠲᠠᠯᠠᠪᠠᠶ ᠨᠢ 148770 ᠾᠧᠺᠲ᠋ᠠᠷ ᠪᠠᠶᠢᠵᠤ᠂ ᠪᠠᠯᠠᠷ ᠡᠷᠲᠡᠨ ᠤ ᠣᠶ ᠰᠢᠭᠤᠶ ᠶᠢᠨ ᠣᠷᠣᠨ ᠪᠣᠯᠤᠨ᠎ᠠ᠃ ᠣᠷᠣᠨ ᠤ ᠳᠣᠲᠣᠷ᠎ᠠ ᠨᠣᠮᠢᠨ ᠭᠤᠤᠯ ᠤᠨ ᠰᠠᠯᠪᠤᠷᠢ ᠤᠷᠤᠰᠬᠠᠯ ᠨᠢᠦ ᠡᠯ ᠺᠤᠩ ᠭᠤᠤᠯ ᠳᠤᠮᠳᠠᠭᠤᠷ ᠤᠷᠤᠰᠤᠨ ᠥᠩᠭᠡᠷᠡᠨ᠎ᠡ᠃ ᠡᠮᠦᠨᠡᠲᠦ ᠬᠡᠰᠡᠭ ᠤᠨ ᠬᠥᠪᠡᠭᠡ ᠨᠢ ᠸᠢᠨᠺᠦ᠋ᠲ᠋ᠦ᠋ ᠭᠤᠣᠯ ᠤᠨ ᠡᠬᠢ ᠰᠤᠷᠪᠤᠯᠵᠢ ᠪᠣᠯᠤᠨ᠎ᠠ᠃ ᠢᠭᠴᠤ ᠰᠠᠬᠤᠯᠢᠭ ᠣᠶ ᠰᠢᠭᠤᠶ ᠪᠠᠶᠢᠬᠤ ᠮᠥᠷᠲᠡᠭᠡᠨ ᠪᠠᠰᠠ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠵᠢᠴᠢ ᠠᠷᠪᠠᠨ ᠬᠡᠳᠦᠨ ᠵᠤᠷᠪᠤᠰ ᠭᠤᠷᠤᠬ᠎ᠠ ᠲᠣᠭᠤᠷᠢᠭᠰᠠᠨ ᠬᠠᠮᠠᠭᠠᠯᠠᠯᠲᠠ ᠶᠢᠨ ᠣᠷᠣᠨ ᠪᠠᠶᠢᠨ᠎ᠠ᠃ ᠪᠠᠶᠢᠭᠠᠯᠢ ᠶᠢᠨ ᠳᠠᠪᠠᠭᠤᠯᠢᠭ ᠣᠷᠴᠢᠨ ᠲᠣᠭᠤᠷᠢᠨ ᠨᠢ ᠬᠡᠭᠡᠷ᠎ᠡ ᠶᠢᠨ ᠠᠮᠢᠲᠠᠨ ᠳᠤ ᠣᠷᠣᠰᠢᠨ ᠲᠣᠭᠲᠠᠨᠢᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠭᠰᠡᠨ ᠪᠠᠶᠢᠨ᠎ᠠ᠃ ᠬᠤᠪᠣᠷ ᠨᠠᠨᠳᠢᠨ ᠬᠡᠭᠡᠷ᠎ᠡ ᠶᠢᠨ ᠠᠮᠢᠲᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠠᠭᠠᠯᠠᠯᠲᠠ ᠳᠤ ᠪᠠᠶᠢᠵᠤ᠂ ᠮᠣᠳᠣᠯᠢᠭ ᠪᠠ ᠡᠪᠡᠰᠦᠯᠢᠭ ᠤᠷᠭᠤᠮᠠᠯ ᠴᠤ ᠮᠠᠰᠢ ᠡᠯᠪᠡᠭ ᠪᠠᠶᠠᠯᠢᠭ ᠪᠠᠶᠢᠳᠠᠭ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯ ᠮᠥᠨ ᠴᠦ ᠪᠠᠶᠢᠭᠠᠯᠢ ᠶᠢᠨ ᠦᠵᠡᠮᠵᠢ ᠶᠢᠨ ᠣᠷᠣᠨ ᠮᠥᠨ ᠪᠣᠯᠬᠤᠷ ᠵᠤᠭᠠᠴᠠᠭᠰᠠᠳ ᠤᠨ ᠵᠤᠭᠠᠴᠠᠨ ᠲᠣᠭᠤᠷᠢᠬᠤ ᠳᠤ ᠵᠣᠷᠢᠭᠤᠯᠤᠭᠰᠠᠨ ᠪᠠᠶᠢᠳᠠᠭ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号