ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠥᠪ ᠤᠨ ᠠᠵᠤ ᠠᠬᠤᠶᠢᠯᠠᠯ ᠤᠨ ᠬᠤᠯᠠᠨ ᠰᠢᠷᠭ᠎ᠠ ᠲᠠᠭ᠎ᠠ— ᠬᠤᠷᠴᠢᠨ ᠤ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠶᠢᠨ ᠶᠡᠷᠦᠩᠬᠡᠶᠢᠯᠡᠭᠰᠡᠨ ᠵᠠᠰᠠᠯᠲᠠ ᠳᠤ ᠣᠷᠣᠯᠴᠠᠵᠤ ᠪᠠᠶᠢᠴᠠᠭᠠᠨ ᠰᠤᠳᠤᠯᠵᠤ ᠰᠣᠯᠢᠯᠴᠠᠬᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/15
     1 ᠰᠠᠷ᠎ᠠ ᠶᠢᠨ 8᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠲᠥᠪ ᠤᠨ ᠠᠵᠤ ᠠᠬᠤᠶᠢᠯᠠᠯ ᠤᠨ ᠬᠤᠯᠠᠨ ᠰᠢᠷᠭ᠎ᠠ ᠲᠠᠭ᠎ᠠ— ᠬᠤᠷᠴᠢᠨ ᠤ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠶᠢᠨ ᠶᠡᠷᠦᠩᠬᠡᠶᠢᠯᠡᠭᠰᠡᠨ ᠵᠠᠰᠠᠯᠲᠠ ᠳᠤ  ᠤᠷᠤᠯᠴᠠᠬᠤ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠥᠪ ᠤᠨ ᠠᠵᠤ ᠠᠬᠤᠶᠢᠯᠠᠯ ᠤᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠪᠠ ︽ᠤᠮᠠᠷᠠᠲᠤ ᠶᠢᠨ ᠭᠤᠷᠪᠠᠨ ᠣᠷᠣᠨ︾᠎ ᠤ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠤᠷᠤᠯᠴᠠᠬᠤ ᠲᠣᠭᠤᠷᠢᠨ ᠳᠤ ᠶᠠᠷᠢᠯᠴᠠᠨ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠬᠤᠷᠠᠯ ᠢ ᠡᠷᠭᠢᠯᠡᠵᠦ᠂ ᠲᠣᠪᠴᠢᠶᠠᠨ ᠳᠠᠷᠤᠭ᠎ᠠ ᠸᠠᠩ ᠵᠣᠣ ᠱᠧᠩ ᠳ᠋ᠦᠩᠨᠡᠯᠲᠡ ᠬᠢᠪᠠ᠃ ᠬᠠᠮᠢᠶ᠎ᠠ ᠪᠥᠬᠦᠶ ᠭᠠᠵᠠᠷ ᠤᠨ ᠬᠠᠷᠢᠭᠤᠴᠠᠯᠭᠠᠲᠠᠨ ᠨᠥᠬᠦᠳ᠂ ᠰᠢᠯᠢ ᠶᠢᠨ ᠭᠤᠤᠯ ᠠᠶᠢᠮᠠᠭ᠂ ᠤᠯᠠᠭᠠᠨᠬᠠᠳᠠ ᠬᠤᠲᠠ᠂ ᠳᠣᠯᠣᠨ ᠨᠤᠤᠷ ᠰᠢᠶᠠᠨ᠂ ᠬᠡᠰᠢᠭᠲᠡᠨ ᠬᠤᠰᠢᠭᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠶ ᠰᠢᠭᠤᠶ ᠨᠤᠲᠤᠭ ᠪᠡᠯᠴᠢᠭᠡᠷ ᠤᠨ ᠪᠠᠶᠢᠴᠠᠭᠠᠯᠲᠠ ᠶᠢᠨ ᠲᠥᠯᠥᠪᠵᠢᠭᠦᠯᠭᠡ ᠶᠢᠨ ᠬᠦᠷᠢᠶᠡᠯᠡᠩ᠂ ᠳᠤᠮᠳᠠᠳᠤ ᠤᠯᠤᠰ ᠤᠨ ᠣᠶ ᠰᠢᠭᠤᠶ ᠶᠢᠨ ᠪᠦᠯᠦᠭᠯᠡᠯ᠂ ᠥᠪᠥᠷ ᠮᠣᠩᠭᠤᠯ ᠤᠨ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠺᠣᠮᠫᠠᠨᠢ᠂ ᠮᠧᠩ ᠼᠤᠤ ᠠᠮᠢ ᠠᠬᠤᠶ ᠣᠷᠴᠢᠨ ᠲᠣᠭᠤᠷᠢᠨ ᠤ ᠪᠦᠯᠦᠭᠯᠡᠯ᠂ ᠱᠠᠩᠬᠠᠶ ᠶᠢᠨ ᠬᠠᠶᠢᠨ ᠬᠡᠮᠵᠢᠬᠦ ᠲᠦᠯᠦᠪᠵᠢᠬᠦᠯᠭᠡ ᠶᠢᠨ ᠬᠦᠷᠢᠶᠡᠯᠡᠩ᠂ ᠬᠤᠨᠠᠨ ᠮᠤᠵᠢ ᠶᠢᠨ ᠲᠠᠷᠢᠶᠠᠯᠠᠩ ᠣᠶ ᠰᠢᠭᠤᠶ ᠶᠢᠨ ᠠᠵᠤ ᠦᠢᠯᠡᠳᠪᠦᠷᠢ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠰᠤᠳᠤᠯᠭᠠᠨ ᠤ ᠬᠦᠷᠢᠶᠡᠯᠡᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
W020240115386760047878.png
     ᠬᠤᠷᠠᠯ ᠳᠡᠭᠡᠷ᠎ᠡ᠂ ᠳᠤᠮᠳᠠᠳᠤ ᠤᠯᠤᠰ ᠤᠨ ᠣᠶ ᠰᠢᠭᠤᠶ ᠶᠢᠨ ᠪᠦᠯᠦᠭᠯᠡᠯ ᠤᠨ ᠳᠡᠳ᠋ ᠶᠡᠷᠦᠩᠬᠡᠶ ᠳᠠᠭᠠᠭᠠᠮᠠᠯ ᠸᠧᠩ ᠸᠧᠨ ᠯᠢᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠪᠣᠯᠤᠨ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠥᠪ ᠤᠨ ᠠᠵᠤ ᠠᠬᠤᠶᠢᠯᠠᠯ ᠤᠨ ︽ᠭᠤᠷᠪᠠᠨ ᠤᠮᠠᠷᠠᠲᠤ︾᠎ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠲᠤᠬᠠᠶ ᠬᠠᠮᠤᠭ ᠤᠨ ᠰᠢᠨ᠎ᠡ ᠪᠠᠶᠢᠳᠠᠯ ᠢ ᠮᠡᠳᠡᠭᠳᠡᠵᠦ᠂ ᠳᠤᠮᠳᠠᠳᠤ ᠤᠯᠤᠰ ᠤᠨ ᠣᠶ ᠰᠢᠭᠤᠶ ᠶᠢᠨ ᠪᠦᠯᠦᠭᠯᠡᠯ ᠤᠨ ᠬᠡᠰᠢᠭᠲᠡᠨ ᠬᠤᠰᠢᠭᠤ᠂ ᠳᠣᠯᠣᠨ ᠨᠤᠤᠷ ᠰᠢᠶᠠᠨ ᠳᠤ ᠠᠩᠬᠠᠳᠠᠭᠴᠢ ᠲᠥᠪ ᠤᠨ ᠠᠵᠤ ᠠᠬᠤᠶᠢᠯᠠᠯ ᠤᠨ ︽ᠭᠤᠷᠪᠠᠨ ᠤᠮᠠᠷᠠᠲᠤ︾᠎ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠳᠤ ᠣᠷᠣᠯᠴᠠᠬᠤ ᠪᠠᠷ ᠪᠠᠶᠢᠭ᠎ᠠ ᠬᠠᠮᠢᠶ᠎ᠠ ᠪᠥᠬᠦᠶ ᠠᠵᠢᠯ ᠤᠨ ᠪᠠᠶᠢᠳᠠᠯ ᠢ ᠲᠠᠨᠢᠯᠴᠠᠭᠤᠯᠪᠠ᠃ ᠮᠧᠩ ᠼᠤᠤ ᠠᠮᠢ ᠠᠬᠤᠶ ᠣᠷᠴᠢᠨ ᠲᠣᠭᠤᠷᠢᠨ ᠤ ᠪᠦᠯᠦᠭᠯᠡᠯ᠂ ᠥᠪᠥᠷ ᠮᠣᠩᠭᠤᠯ ᠤᠨ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠺᠣᠮᠫᠠᠨᠢ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃ ᠰᠢᠯᠢ ᠶᠢᠨ ᠭᠤᠤᠯ ᠠᠶᠢᠮᠠᠭ ᠤᠨ ᠳᠡᠳ᠋ ᠠᠶᠢᠮᠠᠭ ᠤᠨ ᠳᠠᠷᠤᠭ᠎ᠠ ᠰᠦᠨ ᠵᠧᠨ ᠵᠢᠶᠠᠩ ᠰᠢᠯᠢ ᠶᠢᠨ ᠭᠤᠤᠯ ᠠᠶᠢᠮᠠᠭ ᠤᠨ ︽ᠭᠤᠷᠪᠠᠨ ᠤᠮᠠᠷᠠᠲᠤ︾᠎ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ᠂ ᠪᠠᠯᠠ ᠮᠥᠩᠭᠦ ᠶᠢᠨ ᠣᠷᠣᠭᠤᠯᠤᠯᠲᠠ᠂ ᠭᠠᠵᠠᠷ ᠰᠢᠷᠣᠶ ᠶᠢᠨ ᠨᠠᠶᠢᠳᠠᠪᠤᠷᠢᠵᠢᠭᠤᠯᠤᠯᠲᠠ᠂ ᠣᠷᠣᠯᠴᠠᠬᠤ ᠵᠠᠭᠪᠤᠷ ᠵᠡᠷᠭᠡ ᠲᠠᠯ᠎ᠠ ᠶᠢᠨ ᠠᠭᠤᠯᠭ᠎ᠠ ᠶᠢᠨ ᠲᠤᠬᠠᠶ ᠰᠠᠨᠠᠯ ᠢᠶᠠᠨ ᠶᠠᠷᠢᠪᠠ᠃ ᠤᠯᠠᠭᠠᠨᠬᠠᠳᠠ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠤᠯᠠᠭᠠᠨᠬᠠᠳᠠ ᠬᠤᠲᠠ ᠶᠢᠨ ᠬᠤᠷᠴᠢᠨ— ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠲᠡᠶᠢᠨ ᠤ ᠠᠵᠢᠯ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠲᠥᠷᠥ ᠶᠢᠨ ᠪᠣᠳᠣᠯᠭ᠎ᠠ ᠶᠢᠨ ᠲᠥᠯᠥᠪᠯᠡᠭᠡ᠂ ᠠᠵᠤ  ᠦᠢᠯᠡᠰ ᠤᠨ ᠲᠥᠯᠥᠪᠵᠢᠭᠦᠯᠭᠡ᠂ ᠣᠷᠣᠯᠴᠠᠬᠤ ᠵᠠᠭᠪᠤᠷ ᠤᠨ ᠲᠤᠬᠠᠶ ᠰᠠᠨᠠᠯ ᠢᠶᠠᠨ ᠶᠠᠷᠢᠪᠠ᠃ ᠲᠤᠯᠤᠨ ᠨᠤᠤᠷ ᠰᠢᠶᠠᠨ᠂ ᠬᠡᠰᠢᠭᠲᠡᠨ ᠬᠤᠰᠢᠭᠤᠨ ᠤ ᠵᠠᠰᠠᠭ ᠤᠨ ᠣᠷᠳᠣᠨ ᠤ ᠬᠠᠷᠢᠭᠤᠴᠠᠯᠭᠠᠲᠠᠨ ᠨᠥᠬᠦᠳ ᠲᠥᠪ ᠤᠨ ᠠᠵᠤ ᠠᠬᠤᠶᠢᠯᠠᠯ ᠤᠨ ︽ᠭᠤᠷᠪᠠᠨ ᠤᠮᠠᠷᠠᠲᠤ︾᠎ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠳᠤ ᠣᠷᠣᠯᠴᠠᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃
W020240115386760183962.png
      ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠲᠥᠪ ᠤᠨ ᠠᠵᠤ ᠠᠬᠤᠶᠢᠯᠠᠯ ᠤᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠪᠠ ︽ᠤᠮᠠᠷᠠᠲᠤ ᠶᠢᠨ ᠭᠤᠷᠪᠠᠨ ᠣᠷᠣᠨ︾᠎ ᠤ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠠᠬᠢᠭᠤᠯᠬᠤ ᠠᠵᠢᠯ ᠢ ᠰᠠᠶᠢᠲᠤᠷ ᠬᠢᠬᠦ ᠲᠤᠬᠠᠢ ᠰᠠᠨᠠᠯ ᠳᠤᠷᠠᠳᠴᠠᠢ᠃ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠭᠠᠵᠠᠷ ᠵᠣᠬᠢᠴᠠᠭᠤᠯᠬᠤ ᠪᠠ ᠠᠵᠢᠯ ᠢᠶᠠᠨ ᠬᠤᠪᠢᠶᠠᠷᠢᠯᠠᠬᠤ ᠠᠵᠢᠯ ᠢ ᠰᠠᠶᠢᠲᠤᠷ ᠬᠢᠵᠦ᠂ ᠪᠠᠲᠤᠯᠠᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠡᠯ᠎ᠡ ᠠᠶᠢᠮᠠᠭ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠦᠢᠯᠡᠴᠢᠯᠡᠭᠡᠨ ᠤ ᠡᠭᠦᠷᠭᠡ ᠪᠠᠨ ᠪᠡᠶᠡᠯᠡᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠡᠢ᠃
W020240115386760255645.png
     ᠲᠣᠪᠴᠢᠶᠠᠨ ᠳᠠᠷᠤᠭ᠎ᠠ ᠸᠠᠩ ᠵᠣᠣ ᠱᠧᠩ ᠴᠢᠬᠤᠯᠠᠴᠢᠯᠠᠭᠰᠠᠨ ᠨᠢ᠂ ᠨᠢᠭᠡ ᠳᠤ ᠳᠡᠭᠡᠳᠦ ᠳᠠᠪᠬᠤᠷᠭ᠎ᠠ ᠶᠢᠨ ᠲᠥᠷᠥ ᠶᠢᠨ ᠪᠣᠳᠣᠯᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠲᠥᠪ ᠪᠠ ᠣᠷᠣᠨ ᠨᠤᠲᠤᠭ ᠤᠨ ᠵᠣᠬᠢᠴᠠᠭᠤᠯᠭ᠎ᠠ ᠶᠢ ᠰᠠᠶᠢᠲᠤᠷ ᠬᠢᠬᠦ ᠬᠡᠷᠡᠭᠲᠡᠶ︔ ᠬᠤᠶᠠᠷ ᠲᠤ ᠬᠠᠮᠲᠤᠷᠠᠯᠴᠠᠭᠠᠨ ᠤ ᠲᠣᠭᠲᠠᠴᠠ ᠶᠢ ᠲᠣᠳᠣᠷᠬᠠᠶᠢᠯᠠᠵᠤ᠂ ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠬᠤ ᠶᠢ ᠰᠠᠶᠢᠲᠤᠷ ᠬᠢᠬᠦ ᠬᠡᠷᠡᠭᠲᠡᠢ︔ ᠭᠤᠷᠪᠠ ᠳᠤ ᠪᠡᠯᠡ ᠮᠥᠩᠭᠦ ᠶᠢᠨ ᠣᠷᠣᠭᠤᠯᠤᠯᠲᠠ ᠶᠢ ᠪᠠᠲᠤᠯᠠᠵᠤ᠂ ᠪᠡᠯᠡ ᠮᠥᠩᠭᠦ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠬᠡᠷᠡᠭᠲᠡᠢ︔ ᠲᠦᠷᠪᠡ ᠳᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠰᠤᠳᠤᠯᠭᠠᠨ ᠤ ᠮᠡᠳᠡᠭᠦᠯᠦᠯᠲᠡ᠂ ᠲᠥᠯᠥᠪᠵᠢᠭᠦᠯᠭᠡ ᠶᠢᠨ ᠲᠥᠰᠦᠯ ᠢ ᠲᠦᠷᠭᠡᠨ ᠪᠦᠷᠢᠯᠳᠦᠭᠦᠯᠬᠦ ᠬᠡᠷᠡᠭᠲᠡᠢ ᠭᠡᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号