ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠥᠪᠡᠷᠲᠡᠭᠡᠨ | ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠥᠪᠥᠷ ᠮᠣᠩᠭᠤᠯ ᠤᠨ ᠥᠯᠵᠡᠶᠢᠮᠥ᠋ᠷᠡᠨ | ᠨᠤᠭᠤ ᠭᠠᠵᠠᠷ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ ᠭᠠᠵᠠᠷ ᠤᠨ | ᠨᠡᠷᠡᠰ ᠤᠨ ᠵᠢᠭᠰᠠᠭᠠᠯᠲᠠ︾ ᠳᠤ ᠣᠷᠣᠭᠤᠯᠬᠤ ᠪᠠᠷ ᠲᠣᠭᠲᠠᠪᠠ᠃ | ᠥᠯᠵᠡᠶᠢᠮᠥ᠋ᠷᠡᠨ ᠨᠤᠭᠤ ᠭᠠᠵᠠᠷ ᠪᠣᠯ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠳᠤ ᠪᠠᠶᠢᠷᠢᠯᠠᠵᠤ᠂ | ᠨᠡᠭᠦᠳᠡᠯ ᠤᠨ ᠰᠢᠪᠠᠭᠤᠳ ᠤᠨ ︽ᠵᠡᠭᠦᠨ ᠠᠽᠢᠶ᠎ᠠ – ᠠᠦ᠋ᠰᠳ᠋ᠷᠠᠯᠢᠰᠢᠶᠠ︾ ᠨᠡᠭᠦᠳᠡᠯᠯᠡᠬᠦ ᠵᠠᠮ ᠤᠨ ᠴᠢᠬᠤᠯᠠ | ᠥᠷᠲᠡᠭᠡ ᠪᠠᠶᠢᠵᠤ᠂ ᠭᠤᠣᠯᠳᠠᠭᠤ ᠬᠤᠪᠣᠷ ᠴᠤᠬᠠᠭ ᠬᠡᠭᠡᠷ᠎ᠡ ᠶᠢᠨ ᠨᠡᠭᠦᠳᠡᠯ ᠤᠨ ᠰᠢᠪᠠᠭᠤᠳ ᠵᠢᠴᠢ ᠲᠡᠳᠡᠭᠡᠷ ᠤᠨ | ᠣᠷᠣᠩᠨᠠᠬᠤ ᠭᠠᠵᠠᠷ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠨ᠎ᠠ᠃ ᠪᠦᠷᠢᠳᠬᠡᠯ ᠢ | ᠦᠨᠳᠦᠰᠦᠯᠡᠪᠡᠯ᠂ ᠣᠳᠣᠬᠠᠨ ᠳᠤ ᠨᠤᠭᠤ ᠭᠠᠵᠠᠷ ᠲᠤ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ 24 ᠵᠦᠢᠯ ᠤᠨ | ᠬᠡᠭᠡᠷ᠎ᠡ ᠶᠢᠨ ᠠᠮᠢᠲᠠᠨ ᠢ ᠣᠷᠣᠭᠤᠯᠵᠤ᠂ ᠤᠯᠤᠰ ᠤᠨ ᠬᠤᠶᠠᠳᠤᠭᠠᠷ ᠳᠡᠰ ᠤᠨ ᠭᠤᠣᠯᠳᠠᠯᠭ᠎ᠠ ᠲᠠᠢ ᠬᠠᠮᠠᠭᠠᠯᠠᠬᠤ 3 | ᠵᠦᠢᠯ ᠤᠨ ᠤᠷᠭᠤᠮᠠᠯ ᠲᠠᠷᠬᠠᠵᠤ ᠪᠠᠶᠢᠨ᠎ᠠ᠃ ᠨᠤᠭᠤ ᠭᠠᠵᠠᠷ ᠲᠤ ᠠᠮᠢᠳᠤ ᠪᠣᠳᠠᠰ ᠤᠨ ᠪᠦᠯᠦᠭᠯᠡᠯ ᠨᠢ ᠤᠤᠭᠠᠯ | ᠴᠢᠨᠠᠷ ᠢᠶᠠᠨ ᠬᠠᠳᠠᠭᠠᠯᠠᠵᠤ᠂ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠨᠢ ᠬᠠᠷᠢᠴᠠᠩᠭᠤᠢ ᠲᠣᠭᠲᠠᠭᠤᠨ᠂ | ᠠᠮᠢᠳᠤ ᠪᠣᠳᠠᠰ ᠤᠨ ᠭᠢᠨᠵᠢ ᠨᠢ ᠦᠨᠳᠦᠰᠦᠨ ᠳᠤ ᠪᠠᠨ ᠪᠦᠷᠢᠨ ᠪᠦᠲᠦᠨ᠂ ᠠᠮᠢ ᠠᠬᠤᠢ ᠶᠢᠨ ᠰᠢᠰᠲ᠋ᠧᠮ ᠨᠢ | ᠨᠡᠯᠢᠶᠡᠳ ᠡᠷᠡᠭᠦᠯ ᠪᠠᠶᠢᠵᠤ᠂ ᠨᠡᠯᠢᠶᠡᠳ ᠴᠢᠩᠭ᠎ᠠ ᠪᠠᠶᠢᠭᠠᠵᠢ ᠴᠢᠨᠠᠷ ᠲᠠᠢ ᠪᠠᠶᠢᠳᠠᠭ᠃ | ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ ᠭᠠᠵᠠᠷ ᠤᠨ ᠨᠡᠷᠡᠰ ᠲᠤ ᠵᠢᠭᠰᠠᠭᠠᠭᠳᠠᠭᠰᠠᠨ ᠨᠢ ᠨᠤᠭᠤ | ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠴᠢᠨᠠᠭᠰᠢᠳᠠ ᠤᠯᠠᠮ ᠲᠡᠭᠦᠯᠳᠡᠷᠵᠢᠭᠦᠯᠬᠦ ᠪᠠ ᠨᠤᠭᠤ | ᠭᠠᠵᠠᠷ ᠤᠨ ᠬᠠᠮᠠᠭᠠᠯᠠᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ |