ᠵᠤᠤ ᠯᠧ ᠵᠢᠢ ᠸᠠᠩ ᠬᠤ᠋ ᠨᠢᠩ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠵᠤ ᠼᠠᠢ ᠴᠢ ᠬᠤᠷᠠᠯ ᠢ | ᠡᠷᠬᠢᠯᠡᠵᠡᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 16 ᠤ ᠴᠠᠬᠢᠯᠭᠠᠨ ᠮᠡᠳᠡᠭᠡ ᠮᠤᠵᠢ ᠶᠠᠮᠤᠨ ᠤ | ᠲᠠᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ 16 ᠤ ᠡᠳᠦᠷ ᠤᠨ ᠦᠳᠡ ᠶᠢᠨ ᠡᠮᠦᠨ᠎ᠡ | ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ | ᠡᠬᠢᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ | ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ | ᠵᠠᠮ ᠨᠢ ᠣᠳᠣ ᠦᠶ᠎ᠡ ᠶᠢᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠪᠤᠰᠤᠳᠴᠢ ᠵᠢᠮ᠎ᠡ ᠶᠣᠰᠣ ᠶᠢ ᠵᠢᠷᠤᠮᠯᠠᠳᠠᠭ | ᠪᠥᠭᠡᠳ ᠨᠡᠩ ᠴᠦ ᠮᠠᠨ ᠤ ᠤᠯᠤᠰ ᠤᠨ ᠪᠠᠶᠢᠳᠠᠯ ᠳᠤ ᠲᠣᠬᠢᠷᠠᠭᠰᠠᠨ ᠢᠯᠡ ᠲᠣᠳᠣ ᠣᠨᠴᠠᠯᠢᠭ ᠲᠠᠢ ᠪᠠᠶᠢᠵᠤ᠂ | ᠥᠷᠥᠨᠡᠳᠠᠬᠢᠨ ᠤ ᠮᠥᠩᠭᠦᠨ ᠭᠦᠢᠯᠭᠡᠭᠡᠨ ᠤ ᠵᠠᠭᠪᠤᠷ ᠲᠠᠢ ᠮᠥᠨ ᠴᠢᠨᠠᠷ ᠤᠨ ᠢᠯᠭᠠᠭ᠎ᠠ ᠲᠠᠢ ᠪᠠᠶᠢᠳᠠᠭ᠃ ᠪᠢᠳᠡ | ᠢᠲᠡᠭᠡᠯ ᠵᠣᠷᠢᠭ ᠢᠶᠠᠨ ᠪᠠᠲᠤᠳᠬᠠᠵᠤ᠂ ᠦᠢᠯᠡᠳᠦᠯᠭᠡ ᠶᠢᠨ ᠳᠤᠮᠳᠠ ᠦᠷᠭᠦᠯᠵᠢᠯᠡᠨ ᠰᠦᠪᠡᠭᠴᠢᠯᠡᠨ | ᠲᠡᠭᠦᠯᠳᠡᠷᠵᠢᠭᠦᠯᠵᠦ᠂ ᠡᠨᠡ ᠬᠦ ᠵᠠᠮ ᠢ ᠶᠠᠪᠤᠬᠤ ᠲᠤᠳᠤᠮ ᠥᠷᠭᠡᠨ ᠳᠠᠷᠳᠠᠩ ᠪᠣᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | | | | 1 ᠰᠠᠷ᠎ᠠ ᠶᠢᠨ 16 ᠤ ᠡᠳᠦᠷ᠂ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ | ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ | ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ | ᠡᠬᠢᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ | ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠵᠣᠣ ᠯᠧ ᠵᠢᠢ᠂ | ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠰᠤᠷᠤᠯᠭ᠎ᠠ | ᠡᠬᠢᠯᠡᠬᠦ ᠶᠣᠰᠣᠯᠠᠯ ᠳᠤ ᠣᠷᠣᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ | ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠼᠠᠢ ᠴᠢ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠢᠳᠡ ᠰᠢᠨ᠎ᠡ ᠴᠠᠭ ᠦᠶ᠎ᠡ ᠶᠢᠨ | ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠢᠮ᠎ᠡ ᠶᠣᠰᠣ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠮᠥᠩᠭᠦᠨ ᠭᠦᠢᠯᠭᠡᠭᠡᠨ ᠤ ᠮᠥᠨ ᠴᠢᠨᠠᠷ ᠤᠨ ᠲᠤᠬᠠᠢ | ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠦᠢᠯᠡᠳᠦᠯᠭᠡ ᠶᠢᠨ ᠰᠢᠨ᠎ᠡ | ᠡᠭᠦᠳᠦᠯᠲᠡ᠂ ᠣᠨᠣᠯ ᠤᠨ ᠰᠢᠨ᠎ᠡ ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢ ᠲᠠᠰᠤᠷᠠᠯᠲᠠ ᠦᠭᠡᠢ | ᠠᠬᠢᠭᠤᠯᠵᠤ᠂ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ | ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠠᠯᠭᠤᠷ ᠵᠠᠮᠨᠠᠪᠠ᠂ ᠡᠨᠡ ᠨᠢ ᠳᠠᠷᠤᠢ᠄ ᠮᠥᠩᠭᠦᠨ ᠭᠦᠢᠯᠭᠡᠭᠡᠨ ᠤ | ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ | ᠠᠷᠠᠳ ᠲᠦᠮᠡᠨ ᠢᠶᠠᠷ ᠭᠤᠣᠯ ᠪᠤᠯᠭᠠᠬᠤ ᠥᠷᠲᠡᠭ ᠤᠨ ᠬᠠᠨᠳᠤᠰᠢ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠪ᠊ | ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠪᠠᠷ ᠦᠨᠳᠦᠰᠦᠨ ᠵᠣᠷᠢᠯᠲᠠ ᠪᠠᠨ ᠪᠤᠯᠭᠠᠬᠤ ᠶᠢ ᠪᠠᠷᠢᠮᠲᠠᠯᠠᠵᠤ | ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠷ ᠮᠥᠩᠭᠦᠨ ᠭᠦᠢᠯᠭᠡᠭᠡᠨ ᠤ ᠠᠵᠢᠯ ᠤᠨ ᠮᠥᠩᠬᠡ ᠶᠢᠨ ᠭᠤᠣᠯ | ᠰᠡᠳᠦᠪ ᠪᠤᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠯᠲᠡ ᠬᠠᠤᠯᠢᠵᠢᠯᠳᠠ ᠶᠢᠨ ᠵᠠᠮ ᠢᠶᠠᠷ ᠮᠥᠩᠭᠦᠨ | ᠭᠦᠢᠯᠭᠡᠭᠡᠨ ᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ | ᠮᠥᠩᠭᠦᠨ ᠭᠦᠢᠯᠭᠡᠭᠡᠨ ᠤ ᠨᠡᠭᠡᠭᠡᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠪᠠ᠃ ᠡᠨᠡ | ᠬᠡᠳᠦᠨ ᠵᠤᠷᠪᠤᠰ ᠨᠢ ᠰᠢᠨ᠎ᠡ ᠴᠠᠭ ᠦᠶ᠎ᠡ ᠰᠢᠨ᠎ᠡ ᠠᠶᠠᠨ ᠳᠤ ᠮᠥᠩᠭᠦᠨ ᠭᠦᠢᠯᠭᠡᠭᠡᠨ ᠤ ᠠᠵᠢᠯ ᠢ ᠬᠡᠷᠬᠢᠨ ᠦᠵᠡᠬᠦ᠂ | ᠬᠡᠷᠬᠢᠨ ᠬᠢᠬᠦ ᠶᠢ ᠲᠣᠳᠣᠷᠬᠠᠶᠢᠯᠠᠵᠤ᠂ ᠡᠨᠡ ᠨᠢ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ | ᠬᠥᠭᠵᠢᠯᠲᠡ ᠶᠢᠨ ᠵᠠᠮ ᠤᠨ ᠦᠨᠳᠦᠰᠦᠨ ᠵᠣᠭᠰᠣᠯᠲᠠ᠂ ᠦᠵᠡᠯᠲᠡ᠂ ᠠᠷᠭ᠎ᠠ ᠶᠢ ᠢᠯᠡᠷᠡᠭᠦᠯᠦᠭᠰᠡᠨ ᠣᠷᠭᠠᠨᠢᠭ | ᠪᠦᠬᠦᠯᠢ ᠴᠣᠭᠴᠠ ᠪᠣᠯᠣᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠨᠢ ᠬᠦᠴᠦᠷᠬᠡᠭ ᠶᠡᠭᠡ ᠠᠵᠤ ᠠᠬᠤᠢ ᠶᠢᠨ | ᠰᠠᠭᠤᠷᠢ ᠳᠤ ᠰᠠᠭᠤᠷᠢᠯᠠᠵᠤ᠂ ᠳᠡᠯᠡᠬᠡᠢ ᠶᠢᠨ ᠲᠡᠷᠢᠭᠦᠨ ᠤ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠪᠣᠳᠠᠲᠤ ᠬᠦᠴᠦᠨ ᠪᠠ ᠶᠡᠷᠦᠩᠬᠡᠶᠢᠯᠡᠭᠰᠡᠨ ᠤᠯᠤᠰ ᠤᠨ ᠬᠦᠴᠦᠨ ᠲᠠᠢ ᠪᠠᠶᠢᠬᠤ | ᠪᠥᠭᠡᠳ ᠠᠯᠢ ᠣᠯᠠᠨ ᠵᠠᠩᠭᠢᠯᠠᠭ᠎ᠠ ᠶᠢᠨ ᠭᠤᠣᠯ ᠪᠤᠯᠬᠤ ᠮᠥᠩᠭᠦᠨ ᠭᠦᠢᠯᠭᠡᠭᠡᠨ ᠤ ᠬᠦᠴᠦᠨ ᠵᠦᠢᠯ ᠢ ᠪᠦᠷᠢᠯᠳᠦᠭᠦᠯᠬᠦ | ᠬᠡᠷᠡᠭᠲᠡᠢ᠂ ᠲᠤᠬᠠᠶᠢᠯᠠᠪᠠᠯ᠄ ᠬᠦᠴᠦᠷᠬᠡᠭ ᠶᠡᠭᠡ ᠵᠣᠭᠤᠰ᠂ ᠬᠦᠴᠦᠷᠬᠡᠭ ᠶᠡᠭᠡ ᠲᠥᠪ ᠪᠠᠩᠬᠢ᠂ ᠬᠦᠴᠦᠷᠬᠡᠭ ᠶᠡᠭᠡ | ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠦᠴᠦᠷᠬᠡᠭ ᠶᠡᠭᠡ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ᠂ | ᠬᠦᠴᠦᠷᠬᠡᠭ ᠶᠡᠭᠡ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ ᠬᠦᠴᠦᠷᠬᠡᠭ ᠶᠡᠭᠡ ᠮᠥᠩᠭᠦᠨ ᠭᠦᠢᠯᠭᠡᠭᠡᠨ ᠤ | ᠴᠢᠳᠠᠪᠤᠷᠢᠲᠠᠨ ᠤ ᠡᠩᠨᠡᠭᠡ ᠪᠣᠯᠣᠨ᠎ᠠ᠃ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ | ᠤᠷᠳᠤ ᠬᠤᠭᠤᠴᠠᠭ᠎ᠠ ᠪᠠᠷ ᠴᠢᠷᠮᠠᠶᠢᠵᠤ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ | ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮ ᠢ | ᠲᠦᠷᠭᠡᠪᠴᠢᠯᠡᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠥᠭᠡᠳ ᠯᠠᠪᠳᠠᠭᠤᠨ ᠲᠣᠭᠲᠠᠭᠤᠨ ᠮᠥᠩᠭᠦᠨ ᠭᠦᠢᠯᠭᠡᠭᠡᠨ ᠤ | ᠡᠵᠡᠮᠳᠡᠯ ᠲᠣᠬᠢᠷᠠᠭᠤᠯᠭ᠎ᠠ ᠶᠢᠨ ᠰᠢᠰᠲ᠋ᠧᠮ᠂ ᠪᠦᠲᠦᠴᠡ ᠨᠢ ᠵᠦᠢ ᠵᠣᠬᠢᠰᠲᠠᠢ ᠮᠥᠩᠭᠦᠨ ᠭᠦᠢᠯᠭᠡᠭᠡᠨ ᠤ ᠵᠠᠬ᠎ᠠ | ᠳᠡᠯᠭᠡᠭᠦᠷ ᠤᠨ ᠰᠢᠰᠲ᠋ᠧᠮ᠂ ᠠᠵᠢᠯ ᠬᠤᠪᠢᠶᠠᠷᠢᠯᠠᠨ ᠬᠠᠮᠵᠢᠯᠴᠠᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠰᠢᠰᠲ᠋ᠧᠮ᠂ ᠪᠦᠷᠢᠨ ᠲᠡᠭᠦᠯᠳᠡᠷ ᠪᠥᠭᠡᠳ ᠪᠦᠲᠦᠮᠵᠢᠲᠡᠢ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ᠂ ᠤᠯᠠᠨ ᠶᠠᠩᠵᠤᠲᠤ ᠲᠤᠰᠬᠠᠢ ᠮᠡᠷᠭᠡᠵᠢᠯ ᠤᠨ ᠴᠢᠨᠠᠷᠲᠠᠢ ᠮᠥᠩᠭᠦᠨ ᠭᠦᠢᠯᠭᠡᠭᠡᠨ ᠤ ᠦᠢᠯᠡᠳᠬᠦᠨ ᠪᠠ | ᠦᠢᠯᠡᠴᠢᠯᠡᠭᠡᠨ ᠤ ᠰᠢᠰᠲ᠋ᠧᠮ᠂ ᠪᠡᠶ᠎ᠡ ᠪᠠᠨ ᠳᠠᠭᠠᠭᠠᠵᠤ ᠡᠵᠡᠮᠳᠡᠵᠦ ᠪᠤᠯᠬᠤ ᠠᠮᠤᠷ ᠲᠦᠪᠰᠢᠨ ᠪᠥᠭᠡᠳ ᠥᠨᠳᠥᠷ | ᠪᠦᠲᠦᠮᠵᠢᠲᠡᠢ ᠮᠥᠩᠭᠦᠨ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠢᠯᠠᠩᠭᠤᠶ᠎ᠠ ᠰᠢᠰᠲ᠋ᠧᠮ ᠤᠨ ᠴᠢᠨᠠᠷᠲᠠᠢ ᠠᠶᠤᠯ | ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ | ︽ᠥᠷᠭᠡᠰᠦ ᠰᠢᠪᠦᠭᠡ ᠲᠠᠢ︾᠂ ᠥᠨᠴᠥᠭ ᠪᠤᠯᠤᠩ ᠲᠠᠢ ᠪᠠᠶᠢᠬᠤ ᠶᠢᠨ ᠵᠠᠩᠭᠢᠯᠠᠭ᠎ᠠ ᠨᠢ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠢᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠮᠵᠢᠯᠴᠠᠭ᠎ᠠ ᠪᠠᠨ ᠴᠢᠩᠭᠠᠳᠬᠠᠬᠤ ᠳᠤ ᠪᠠᠶᠢᠨ᠎ᠠ᠃ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠬᠢᠨᠠᠭᠤᠷ ᠪᠣᠯᠭᠤᠮᠵᠢᠲᠠᠢ ᠬᠢᠨᠠᠨ ᠬᠠᠮᠢᠶᠠᠷᠬᠤ᠂ ᠦᠢᠯᠡ | ᠠᠵᠢᠯᠯᠠᠭ᠎ᠠ ᠶᠢ ᠬᠢᠨᠠᠨ ᠬᠠᠮᠢᠶᠠᠷᠬᠤ ᠵᠡᠷᠭᠡ ᠡᠯ᠎ᠡ ᠭᠤᠭᠴᠤᠭ᠎ᠠ ᠳᠤ ᠴᠥᠮ ᠬᠠᠤᠯᠢ ᠶᠢ ᠴᠢᠩᠭ᠎ᠠ ᠬᠡᠷᠡᠭᠵᠢᠭᠦᠯᠵᠦ᠂ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠬᠥᠨᠳᠡᠯᠡᠨ ᠠᠴᠠ ᠭᠦᠪᠡᠭᠡ ᠬᠢᠵᠠᠭᠠᠷ ᠭᠦᠷᠲᠡᠯ᠎ᠡ᠂ | ᠭᠤᠯᠳᠤ ᠠᠴᠠ ᠡᠴᠦᠰ ᠲᠤᠨᠢ ᠲᠤᠯᠲᠠᠯ᠎ᠠ ᠬᠢᠬᠦ ᠶᠢ ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠨ ᠨᠢᠭᠡ ᠣᠷᠣᠨ | ᠪᠦᠰᠡ ᠳᠤ ᠰᠠᠭᠤᠷᠢᠯᠠᠨ ᠪᠦᠭᠦ ᠲᠠᠯ᠎ᠠ ᠶᠢ ᠪᠣᠳᠣᠯᠬᠢᠯᠠᠵᠤ᠂ ᠬᠠᠷᠢᠶ᠎ᠠ ᠣᠷᠣᠨ ᠤ ᠠᠶᠤᠯ ᠲᠦᠭᠰᠢᠭᠦᠷᠢ ᠶᠢ | ᠰᠢᠢᠳᠪᠦᠷᠢᠯᠡᠬᠦ ᠪᠠ ᠲᠣᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ | ᠲᠦᠭᠰᠢᠭᠦᠷᠢ ᠶᠢ ᠰᠢᠢᠳᠪᠦᠷᠢᠯᠡᠬᠦ ᠶᠠᠪᠤᠴᠠ ᠳᠤ ᠢᠯᠵᠠᠷᠠᠯ ᠢ ᠡᠷᠡᠰ ᠵᠠᠯᠬᠠᠭᠠᠨ ᠰᠢᠢᠳᠬᠡᠵᠦ᠂ ᠶᠣᠰᠣ ᠮᠣᠷᠠᠯ ᠤᠨ | ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠣᠯ | ᠰᠢᠰᠲ᠋ᠧᠮᠲᠦ ᠢᠨᠵᠧᠨᠧᠷᠢᠩ ᠮᠥᠨ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠬᠤᠷᠸ᠎ᠠ | ᠡᠵᠡᠮᠳᠡᠯ ᠲᠣᠬᠢᠷᠠᠭᠤᠯᠭ᠎ᠠ ᠶᠢᠨ ᠰᠠᠯᠠᠭ᠎ᠠ ᠮᠥᠴᠢᠷ᠂ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ | ᠬᠠᠤᠯᠢ ᠴᠠᠭᠠᠵᠠ ᠶᠢᠨ ᠪᠠᠶᠢᠭᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠵᠡᠷᠭᠡ ᠳᠤ | ᠴᠥᠮ ᠬᠠᠷᠠᠭᠠᠯᠵᠠᠭᠰᠠᠨ ᠡᠭᠦᠷᠭᠡ ᠬᠠᠷᠢᠭᠤᠴᠠᠯᠭ᠎ᠠ ᠲᠠᠢ᠂ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠭ᠎ᠠ ᠪᠠᠨ | ᠴᠢᠩᠭᠠᠳᠬᠠᠵᠤ᠂ ᠡᠷᠬᠡ ᠬᠠᠷᠢᠭᠤᠴᠠᠯᠭ᠎ᠠ ᠨᠢᠭᠡᠳᠦᠯᠲᠡᠢ ᠪᠠᠶᠢᠬᠤ ᠲᠦᠭᠰᠢᠭᠦᠷᠢ ᠶᠢ ᠰᠢᠢᠳᠪᠦᠷᠢᠯᠡᠬᠦ | ᠬᠠᠷᠢᠭᠤᠴᠠᠯᠭ᠎ᠠ ᠶᠢᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠮᠥᠩᠭᠦᠨ ᠭᠦᠢᠯᠭᠡᠭᠡᠨ ᠤ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠪᠠᠷ ᠳᠠᠮᠵᠢᠨ᠂ ᠮᠠᠨ ᠤ ᠤᠯᠤᠰ ᠤᠨ ᠮᠥᠩᠭᠦᠨ | ᠭᠦᠢᠯᠭᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠣᠯᠣᠨ ᠴᠢᠳᠠᠪᠤᠷᠢ ᠶᠢ | ᠳᠡᠭᠡᠭᠰᠢᠯᠡᠭᠦᠯᠵᠦ᠂ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠪᠣᠯᠣᠨ ᠳᠦᠷᠢᠮ ᠤᠨ ᠨᠥᠯᠥᠭᠡᠯᠡᠬᠦ ᠬᠦᠴᠦᠨ ᠢ | ᠴᠢᠩᠭᠠᠳᠬᠠᠵᠤ᠂ ᠠᠶᠢᠵᠠᠮ ᠪᠣᠯᠣᠨ ᠡᠷᠴᠢᠮ ᠢ ᠯᠠᠪᠳᠠᠭᠤᠨ ᠪᠣᠯᠭᠤᠮᠵᠢᠲᠠᠢ ᠡᠵᠡᠮᠳᠡᠬᠦ ᠬᠡᠷᠡᠭᠲᠡᠢ᠃ ᠳᠦᠷᠢᠮ ᠤᠨ | ᠭᠡᠯᠪᠡᠷᠢ ᠶᠢᠨ ᠨᠡᠭᠡᠭᠡᠯᠲᠡ ᠪᠠᠷ ᠭᠤᠣᠯᠳᠠᠯᠭ᠎ᠠ ᠪᠣᠯᠭᠠᠨ ᠮᠥᠩᠭᠦᠨ ᠭᠦᠢᠯᠭᠡᠭᠡᠨ ᠤ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠠᠴᠠ ᠡᠮᠦᠨᠡᠬᠢ ᠤᠯᠤᠰ | ᠠᠷᠠᠳ ᠤᠨ ᠬᠠᠷᠠᠭᠠᠯᠵᠠᠯ ᠪᠣᠯᠣᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠳᠦᠷᠢᠮ ᠢ | ᠨᠠᠶᠢᠳᠠᠪᠤᠷᠢᠵᠢᠭᠤᠯᠵᠤ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ | ᠵᠥᠪᠯᠡᠯᠴᠡᠭᠡᠷ ᠲᠠᠬᠢ ᠮᠥᠩᠭᠦᠨ ᠭᠦᠢᠯᠭᠡᠭᠡᠨ ᠤ ᠬᠦᠷᠢᠶᠡᠨ ᠤ ᠬᠤᠯᠪᠣᠭᠳᠠᠯ ᠪᠦᠬᠦᠢ ᠳᠦᠷᠢᠮ ᠢᠶᠠᠷ ᠪᠠᠷᠢᠮᠵᠢᠶᠠᠯᠠᠨ᠂ | ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠴᠣᠮᠬᠠᠳᠬᠠᠵᠤ᠂ ᠨᠡᠭᠡᠭᠡᠯᠲᠡᠲᠤ ᠲᠥᠷᠥ ᠶᠢᠨ ᠪᠣᠳᠣᠯᠭ᠎ᠠ ᠶᠢᠨ | ᠢᠯᠡᠴᠡ ᠶᠢᠨ ᠬᠡᠮᠵᠢᠶ᠎ᠡ᠂ ᠲᠣᠭᠲᠠᠪᠤᠷᠢᠲᠤ ᠴᠢᠨᠠᠷ ᠪᠠ ᠵᠢᠱᠢᠵᠦ ᠪᠣᠯᠬᠤᠶᠢᠴᠠ ᠴᠢᠨᠠᠷ ᠢ ᠴᠢᠩᠭᠠᠳᠬᠠᠵᠤ᠂ ᠬᠢᠯᠢ ᠶᠢᠨ | ᠭᠠᠳᠠᠨ᠎ᠠ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠠᠵᠢᠯᠯᠠᠭ᠎ᠠ ᠶᠢ ᠵᠢᠷᠤᠮᠵᠢᠭᠤᠯᠵᠤ᠂ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠭᠦ ᠶᠢ | ᠲᠡᠭᠦᠯᠳᠡᠷᠵᠢᠭᠦᠯᠬᠦ ᠬᠡᠷᠡᠭᠲᠡᠢ᠃ ᠬᠢᠯᠢ ᠶᠢᠨ ᠳᠣᠲᠣᠨ᠎ᠠ ᠭᠠᠳᠠᠨᠠᠬᠢ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ | ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠬᠢᠯᠢ ᠠᠯᠤᠰᠯᠠᠭᠰᠠᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ | ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠥᠭᠡᠷᠡᠴᠢᠯᠡᠯᠲᠡ ᠳᠤ ᠢᠳᠡᠪᠬᠢᠲᠡᠢ ᠣᠷᠤᠯᠴᠠᠬᠤ ᠬᠡᠷᠡᠭᠲᠡᠢ᠃ ᠨᠡᠭᠡᠭᠡᠯᠲᠡ ᠬᠢᠬᠦ ᠨᠥᠬᠦᠴᠡᠯ | ᠳᠣᠣᠷᠠᠬᠢ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠥᠩᠭᠦᠨ | ᠭᠦᠢᠯᠭᠡᠭᠡᠨ ᠤ ᠬᠦᠴᠦᠷᠬᠡᠭ ᠤᠯᠤᠰ ᠢ ᠪᠠᠶᠢᠭᠤᠯᠬᠤ ᠳᠤ ᠬᠠᠤᠯᠢᠵᠢᠯ ᠪᠣᠯᠣᠨ ᠶᠣᠰᠣ ᠰᠤᠷᠲᠠᠬᠤᠨ ᠢᠶᠠᠷ ᠵᠠᠰᠠᠬᠤ ᠶᠢ | ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ | ᠢᠳᠡᠪᠬᠢᠲᠡᠢ ᠪᠤᠶᠢᠵᠢᠭᠤᠯᠵᠤ᠂ ᠦᠨᠡᠨᠴᠢ ᠢᠲᠡᠭᠡᠮᠵᠢᠲᠡᠢ ᠪᠠᠶᠢᠵᠤ᠂ ᠬᠤᠷᠢᠭ᠎ᠠ ᠱᠤᠭᠤᠮ ᠢ ᠳᠠᠪᠠᠭ᠋ᠤ ᠦᠭᠡᠢ | ᠪᠠᠶᠢᠬᠤ ᠶᠢ ᠪᠡᠶᠡᠯᠡᠭᠦᠯᠬᠦ ᠭᠡᠷᠡᠭᠲᠡᠢ︔ ᠠᠰᠢᠭ ᠬᠤᠨᠵᠢᠪᠤᠷᠢ ᠶᠢ ᠲᠥᠪ ᠰᠢᠳᠤᠷᠭᠤ ᠪᠠᠷ ᠣᠯᠵᠤ᠂ ᠠᠰᠢᠭ | ᠬᠤᠨᠵᠢᠪᠤᠷᠢ ᠳᠤ ᠰᠢᠨᠤᠵᠤ ᠪᠤᠯᠬᠤ ᠦᠭᠡᠢ︔ ᠯᠠᠪᠳᠠᠭᠤᠨ ᠪᠣᠯᠭᠤᠮᠵᠢᠲᠠᠢ ᠪᠠᠶᠢᠵᠤ᠂ ᠨᠡᠷ᠎ᠡ ᠭᠠᠪᠢᠶ᠎ᠠ ᠶᠢ ᠶᠠᠭᠠᠷᠠᠨ | ᠬᠥᠭᠡᠭᠡᠴᠡᠯᠳᠦᠵᠦ ᠪᠤᠯᠬᠤ ᠦᠭᠡᠢ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠪᠣᠳᠠᠲᠠᠢ ᠪᠠᠶᠢᠳᠠᠯ ᠠᠴᠠ | ᠰᠠᠯᠵᠤ ᠬᠡᠶᠢᠰᠪᠦᠷᠢ ᠵᠦᠢᠯ ᠢ ᠬᠥᠭᠡᠭᠡᠴᠡᠯᠳᠦᠵᠦ ᠪᠤᠯᠬᠤ ᠥᠭᠡᠶ︔ ᠬᠠᠤᠯᠢ ᠲᠣᠭᠲᠠᠭᠠᠯ ᠶᠣᠰᠣᠭᠠᠷ ᠭᠦᠢᠴᠡᠳᠬᠡᠵᠦ᠂ | ᠰᠠᠨᠠᠭ᠎ᠠ ᠪᠠᠷ ᠢᠶᠠᠨ ᠰᠠᠪᠠᠵᠤ ᠵᠢᠯᠣᠭᠤ ᠪᠠᠷ ᠢᠶᠠᠨ ᠵᠣᠳᠣᠵᠤ ᠪᠤᠯᠬᠤ ᠦᠭᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠡᠴᠦᠰ ᠲᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠮᠥᠩᠭᠦᠨ ᠭᠦᠢᠯᠭᠡᠭᠡᠨ ᠤ | ᠰᠡᠳᠬᠢᠬᠦᠢ ᠪᠣᠯᠣᠨ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠪᠠᠨ ᠴᠢᠩᠭᠠᠳᠬᠠᠵᠤ᠂ ᠠᠵᠤ ᠠᠬᠤᠢ ᠪᠣᠯᠣᠨ | ᠮᠥᠩᠭᠦᠨ ᠭᠦᠢᠯᠭᠡᠭᠡ ᠶᠢ ᠨᠢᠭᠡ ᠬᠥᠯᠭᠡ ᠰᠢᠲᠠᠷ᠎ᠠ ᠪᠤᠯᠭᠠᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠲᠥᠪ ᠤᠨ | ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠢ ᠪᠣᠯᠣᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠼᠠᠢ ᠴᠢ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠨᠢ ᠦᠵᠡᠯ ᠰᠠᠨᠠᠭ᠎ᠠ ᠭᠦᠨ ᠭᠦᠨᠵᠡᠭᠡᠢ᠂ ᠬᠠᠷᠠᠭᠠᠰᠤ ᠥᠷᠭᠡᠨ᠂ ᠥᠭᠦᠯᠡᠯᠲᠡ ᠨᠡᠪᠲᠡᠷᠬᠡᠢ᠂ ᠠᠭᠤᠯᠤᠭᠳᠠᠬᠤᠨ | ᠡᠯᠪᠡᠭ ᠪᠠᠶᠠᠯᠢᠭ ᠪᠠᠶᠢᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠤᠨᠤᠯ ᠤᠨ ᠴᠢᠨᠠᠷ᠂ ᠴᠢᠭᠯᠡᠭᠦᠯᠦᠯᠲᠦ ᠴᠢᠨᠠᠷ᠂ | ᠵᠢᠯᠤᠭᠤᠳᠬᠤ ᠴᠢᠨᠠᠷ ᠲᠠᠢ ᠶᠤᠮ᠂ ᠪᠦᠭᠦ ᠨᠠᠮ ᠢᠯᠠᠩᠭᠤᠶ᠎ᠠ ᠳᠡᠭᠡᠳᠦ ᠵᠡᠷᠭᠡ ᠶᠢᠨ ᠺᠠᠳ᠋ᠷ ᠤᠨ ᠮᠠᠨ ᠤ ᠤᠯᠤᠰ ᠤᠨ | ᠮᠥᠩᠭᠦᠨ ᠭᠦᠢᠯᠭᠡᠭᠡᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠵᠥᠪ ᠲᠠᠨᠢᠬᠤ᠂ ᠮᠥᠩᠭᠦᠨ | ᠭᠦᠢᠯᠭᠡᠭᠡᠨ ᠤ ᠠᠵᠢᠯ ᠤᠨ ᠮᠥᠨ ᠴᠢᠨᠠᠷ ᠤᠨ ᠵᠢᠮ᠎ᠡ ᠶᠣᠰᠣ ᠪᠣᠯᠣᠨ ᠬᠥᠭᠵᠢᠯᠲᠡ ᠶᠢᠨ ᠵᠠᠮ ᠤᠨ ᠲᠤᠬᠠᠢ | ᠲᠠᠨᠢᠯᠲᠠ ᠪᠠᠨ ᠭᠦᠨᠵᠡᠭᠡᠶᠢᠷᠡᠭᠦᠯᠬᠦ᠂ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠪᠣᠯᠣᠨ ᠠᠶᠤᠯ | ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠪᠠᠨ ᠪᠦᠭᠦ ᠲᠠᠯ᠎ᠠ ᠪᠠᠷ ᠴᠢᠩᠭᠠᠳᠬᠠᠬᠤ᠂ ᠳᠤᠮᠳᠠᠳᠤ ᠤᠯᠤᠰ ᠤᠨ | ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠳᠤ | ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠪᠠᠶᠠᠯᠢᠭ ᠠᠭᠤᠯᠤᠭᠳᠠᠬᠤᠨ᠂ ᠤᠭᠢ ᠰᠣᠳᠣ ᠴᠢᠬᠤᠯᠠ ᠠᠭᠤᠯᠭ᠎ᠠ ᠪᠣᠯᠣᠨ ᠦᠢᠯᠡᠳᠦᠯᠭᠡ ᠶᠢᠨ | ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ | ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ ᠡᠵᠡᠮᠰᠢᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠨᠠᠮ ᠤᠨ ᠭᠡᠰᠢᠭᠦᠨ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ | ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ | ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠭᠡᠰᠢᠭᠦᠨ ᠳᠡᠳ᠋ ᠲᠡᠷᠢᠭᠦᠯᠡᠭᠴᠢ ᠵᠢᠴᠢ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ | ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ | ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠴᠢᠯᠦᠭᠡᠯᠡᠬᠦ | ᠴᠡᠷᠢᠭ ᠤᠨ ᠡᠯ᠎ᠡ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠭᠤᠣᠯ ᠬᠠᠷᠢᠭᠤᠴᠠᠯᠭᠠᠲᠠᠨ | ᠨᠥᠬᠦᠳ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ | ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠵᠢᠴᠢ ᠬᠤᠯᠪᠣᠭᠳᠠᠯ ᠪᠦᠬᠦᠢ ᠲᠠᠯ᠎ᠠ ᠶᠢᠨ | ᠬᠠᠷᠢᠭᠤᠴᠠᠯᠭᠠᠲᠠᠨ ᠰᠤᠷᠤᠯᠭ᠎ᠠ ᠡᠬᠢᠯᠡᠬᠦ ᠶᠣᠰᠣᠯᠠᠯ ᠳᠤ ᠰᠤᠯᠠ ᠣᠷᠣᠯᠴᠠᠵᠠᠢ᠃ |