ᠨᠢᠩᠴᠧᠩ ᠰᠢᠶᠠᠨ ︽ᠬᠢᠨᠠᠨ ᠬᠡᠮᠵᠢᠬᠦ ᠲᠠᠪᠴᠠᠩ + ᠣᠶ ᠰᠢᠭᠤᠢ ᠶᠢᠨ ᠭᠠᠯ ᠲᠦᠢᠮᠡᠷ ᠤᠨ ᠰᠢᠰᠲ᠋ᠧᠮ ᠤᠨ | ᠤᠷᠢᠳᠴᠢᠯᠠᠨ ᠰᠡᠷᠡᠮᠵᠢᠯᠡᠭᠦᠯᠬᠦ + ᠣᠶ ᠰᠢᠭᠤᠢ ᠶᠢᠨ ᠳᠠᠷᠤᠭ᠎ᠠ + ᠣᠶ ᠬᠠᠮᠠᠭᠠᠯᠠᠭᠴᠢ︾ ᠶᠢᠨ ᠣᠶ ᠰᠢᠭᠤᠢ ᠶᠢ | ᠬᠠᠮᠠᠭᠠᠯᠠᠨ ᠭᠠᠯ ᠰᠡᠷᠭᠡᠶᠢᠯᠡᠬᠦ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠵᠤ᠂ ᠳᠠᠭᠠᠭᠤᠯᠢ ᠣᠳᠣᠨ ᠤ ᠠᠯᠤᠰ ᠰᠡᠷᠡᠯ᠂ | ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠣᠶ ᠰᠢᠭᠤᠢ ᠶᠢᠨ | ᠭᠠᠯ ᠲᠦᠢᠮᠡᠷ ᠤᠨ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠬᠢᠭᠡᠳ ᠣᠶᠤᠨᠴᠢ ᠬᠢᠨᠠᠨ ᠬᠡᠮᠵᠢᠬᠦ ᠲᠠᠪᠴᠠᠩ ᠢ | ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠲᠣᠥᠷᠵᠢᠭᠤᠯᠤᠯᠲᠠ ᠪᠠᠷ ᠭᠠᠷᠳᠠᠬᠤ ᠴᠡᠭ ᠪᠣᠯᠭᠠᠨ᠂ ᠥᠨᠳᠥᠷ | ᠣᠭᠲᠠᠷᠭᠤᠢ ᠶᠢᠨ ᠥᠷᠲᠡᠭᠡᠨ ᠤ ᠬᠠᠶ᠋ᠢᠭ ᠤᠨ ᠡᠬᠢ ᠪᠠᠶᠠᠯᠢᠭ ᠪᠠ ᠥᠨᠳᠥᠷ ᠣᠭᠲᠠᠷᠭᠤᠢ ᠶᠢᠨ ᠪᠠᠷᠠᠯᠠᠬᠤ | ᠲᠥᠬᠦᠭᠡᠷᠦᠮᠵᠢ ᠶᠢ ᠠᠰᠢᠭᠯᠠᠨ᠂ GIS ᠤᠨ ᠭᠠᠵᠠᠷ ᠤᠨ ᠵᠢᠷᠤᠭ᠂ ᠭᠠᠯ ᠲᠦᠢᠮᠡᠷ ᠤᠨ ᠪᠠᠶᠢᠳᠠᠯ ᠤᠨ ᠲᠤᠭ᠎ᠠ | ᠪᠠᠷᠢᠮᠲᠠ ᠶᠢᠨ ᠬᠠᠮᠢᠶᠠᠷᠤᠯᠲᠠ ᠵᠢᠴᠢ ᠰᠢᠢᠳᠪᠦᠷᠢᠲᠦ ᠪᠣᠳᠣᠯᠭ᠎ᠠ ᠶᠢᠨ ᠵᠢᠯᠣᠭᠤᠳᠤᠯᠭ᠎ᠠ ᠵᠡᠷᠭᠡ ᠬᠡᠰᠡᠭ ᠲᠠᠢ ᠬᠠᠮᠵᠢᠯᠴᠠᠨ᠂ | ᠣᠶᠤᠨᠴᠢᠯᠠᠭᠰᠠᠨ ᠬᠢᠨᠠᠨ ᠡᠵᠡᠮᠳᠡᠬᠦ ᠰᠢᠰᠲ᠋ᠧᠮᠵᠢ ᠶᠢ ᠪᠠᠶᠢᠭᠤᠯᠵᠤ᠂ 24 ᠴᠠᠭ ᠲᠤ 360 ᠭᠷᠡᠳᠦ᠋ᠰ ᠲᠤᠬᠠᠢ ᠶᠢᠨ | ᠴᠠᠭ ᠤᠨ ᠪᠣᠳᠠᠲᠤ ᠦᠵᠡᠮᠵᠢ ᠪᠠᠷ ᠬᠢᠨᠠᠨ ᠡᠵᠡᠮᠳᠡᠬᠦ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠢᠯᠴᠢ ᠶᠢᠨ ᠳᠦᠷᠰᠦ | ᠪᠦᠲᠦᠭᠡᠯᠲᠡ ᠶᠢ ᠬᠠᠶᠢᠨ ᠬᠡᠮᠵᠢᠬᠦ ᠮᠡᠷᠭᠡᠵᠢᠯ ᠬᠢᠭᠡᠳ Al ᠣᠶᠤᠨᠲᠤ ᠬᠤᠸᠠᠷ ᠫᠤᠤᠵᠢᠩ ᠢ ᠵᠠᠳᠠᠯᠤᠨ ᠢᠯᠭᠠᠨ ᠲᠠᠨᠢᠬᠤ | ᠠᠷᠭ᠎ᠠ ᠪᠠᠷᠢᠯ ᠢ ᠠᠰᠢᠭᠯᠠᠨ᠂ ᠰᠢᠰᠲ᠋ᠧᠮ ᠢ ᠲᠣᠬᠢᠷᠠᠭᠤᠯᠤᠨ ᠭᠠᠯ ᠤᠨ ᠪᠠᠶᠢᠳᠠᠯ ᠢ ᠠᠦ᠋ᠲ᠋ᠣ᠋ ᠢᠯᠭᠠᠨ ᠲᠠᠨᠢᠵᠤ᠂ | ᠠᠦ᠋ᠲ᠋ᠣ᠋ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠵᠦ᠂ ᠭᠠᠯ ᠤᠨ ᠪᠠᠶᠢᠳᠠᠯ ᠡᠭᠦᠰᠪᠡᠯ᠂ ᠣᠶ ᠰᠢᠭᠤᠢ | ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠵᠢᠯᠤᠭᠤᠳᠬᠤ ᠲᠥᠪ ᠠᠴᠠ ᠭᠠᠯ ᠤᠨ ᠢᠷᠡᠯᠲᠡ ᠶᠢ ᠦᠳᠲᠡᠷ | ᠲᠦᠷᠭᠡᠨ ᠲᠣᠭᠲᠠᠭᠠᠬᠤ ᠶᠢ ᠦᠨᠡᠨᠬᠦ ᠪᠠᠲᠤᠯᠠᠨ᠎ᠠ᠃ 2023 ᠣᠨ ᠳᠤ᠂ 491 ᠲᠦᠮᠡᠨ ᠲᠥᠭᠦᠷᠢᠭ ᠤᠨ ᠲᠤᠰᠬᠠᠢ | ᠪᠡᠯᠡ ᠮᠥᠩᠭᠦ ᠣᠷᠣᠭᠤᠯᠵᠤ᠂ ᠣᠶ ᠰᠢᠭᠤᠢ ᠶᠢᠨ ᠲᠦᠢᠮᠡᠷ ᠤᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ | ᠰᠢᠰᠲ᠋ᠧᠮ ᠢ 6 ᠢᠵᠢ᠂ ᠲᠣᠮᠣ ᠬᠡᠯᠪᠡᠷᠢ ᠶᠢᠨ ᠴᠢᠭ᠋ ᠲᠣᠭᠲᠠᠭᠠᠭᠰᠠᠨ ᠰᠡᠭᠦᠳᠡᠷᠯᠡᠬᠦ ᠮᠠᠰᠢᠨ ᠢ 6 ᠪᠠᠶᠢᠭᠤᠯᠵᠤ᠂ ᠪᠥᠬᠦ | ᠣᠷᠣᠨ ᠪᠦᠰᠡ ᠶᠢᠨ ᠳᠣᠲᠣᠷᠠᠬᠢ ᠭᠤᠣᠯᠳᠠᠯᠭ᠎ᠠ ᠲᠠᠢ ᠣᠶ ᠰᠢᠭᠤᠢ ᠶᠢᠨ ᠭᠠᠯ ᠰᠡᠷᠭᠡᠶᠢᠯᠡᠯᠲᠡ ᠶᠢᠨ ᠬᠢᠨᠠᠨ ᠡᠵᠡᠮᠳᠡᠬᠦ | ᠭᠠᠵᠠᠷ ᠳᠡᠭᠡᠷᠡᠬᠢ ᠲᠣᠭᠤᠷᠢᠨ ᠬᠠᠮᠠᠭᠠᠯᠠᠯᠲᠠ ᠶᠢ 100% ᠪᠠᠷ ᠪᠡᠶᠡᠯᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ | ᠭᠠᠯ ᠰᠡᠷᠭᠡᠶᠢᠯᠡᠯᠲᠡ ᠶᠢᠨ ︽ᠬᠥᠮᠥᠨ ᠢᠶᠠᠷ ᠰᠡᠷᠭᠡᠶᠢᠯᠡᠬᠦ︾ ᠠᠴᠠ ︽ᠮᠡᠷᠭᠡᠵᠢᠯ ᠢᠶᠠᠷ ᠰᠡᠷᠭᠡᠶᠢᠯᠡᠬᠦ᠂ ᠣᠶᠤᠨ ᠢᠶᠠᠷ | ᠰᠡᠷᠭᠡᠶᠢᠯᠡᠬᠦ︾ ᠬᠦᠷᠲᠡᠯ᠎ᠡ ᠲᠦᠯᠬᠢᠨ ᠠᠬᠢᠭᠤᠯᠤᠨ᠎ᠠ᠃ |