ᠣᠶᠢᠷ᠎ᠠ ᠳᠤ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︽ᠨᠠᠷᠠᠰᠤᠨ ᠮᠤᠳᠤᠨ ᠤ | ᠤᠲᠠᠰᠤᠯᠢᠭ ᠬᠤᠷᠣᠬᠠᠶ ᠶᠢᠨ ᠡᠪᠡᠳᠴᠢᠨ ᠤ ᠬᠢᠵᠢᠭ ᠢ ᠰᠡᠷᠭᠡᠶᠢᠯᠡᠨ ᠡᠵᠡᠮᠳᠡᠭᠰᠡᠨ ᠲᠡᠷᠢᠭᠦᠨ ᠤ ᠨᠢᠭᠡᠴᠡ ᠶᠢ | ᠰᠠᠶᠢᠰᠢᠶᠠᠬᠤ ᠲᠤᠬᠠᠶ ᠮᠡᠳᠡᠭᠳᠡᠯ︾ ︵ᠣᠶ ᠰᠢᠭᠤᠶ ᠡᠭᠦᠰᠬᠦ 〔2023〕119 ᠳ᠋ᠦ᠋ᠭᠡᠷ ᠲᠣᠭᠠᠲᠤ︶ ᠢ | ᠳᠠᠷᠤᠮᠠᠯᠯᠠᠨ ᠲᠠᠷᠬᠠᠭᠠᠵᠤ᠂ ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠶᠢᠨ ᠡᠪᠡᠳᠴᠢᠨ ᠤ ᠬᠢᠵᠢᠭ ᠢ ᠰᠡᠷᠭᠡᠶᠢᠯᠡᠨ | ᠡᠵᠡᠮᠳᠡᠭᠰᠡᠨ ᠢᠯᠡᠷᠡᠯ ᠲᠣᠪᠤᠶᠢᠮ᠎ᠠ ᠪᠠᠶᠢᠭ᠎ᠠ 10 ᠮᠤᠵᠢ ᠶᠢᠨ ᠱᠠᠲᠤᠨ ᠤ ᠲᠡᠷᠢᠭᠦᠨ ᠤ ᠨᠢᠭᠡᠴᠡ ᠪᠠ 200 ᠬᠤᠲᠠ | ᠰᠢᠶᠠᠨ ᠤ ᠱᠠᠲᠤᠨ ᠤ ᠲᠡᠷᠢᠭᠦᠨ ᠤ ᠨᠢᠭᠡᠴᠡ ᠶᠢ ᠵᠠᠷᠯᠠᠨ ᠰᠠᠶᠢᠰᠢᠶᠠᠪᠠ᠃ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠮᠤᠵᠢ ᠶᠢᠨ ᠲᠠᠰ ᠤᠨ ᠲᠡᠷᠢᠭᠦᠨ ᠤ | ᠨᠢᠭᠡᠴᠡ ᠪᠠᠷ ᠦᠨᠡᠯᠡᠭᠳᠡᠵᠦ᠂ ᠲᠦᠩᠯᠢᠶᠣᠤ ᠬᠤᠲᠠ ᠶᠢᠨ ᠣᠶ ᠰᠢᠭᠤᠶ ᠶᠢᠨ ᠬᠦᠨᠦᠭᠡᠯᠲᠦ ᠠᠮᠢᠳᠤ ᠪᠣᠳᠠᠰ ᠢ | ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠥᠷᠲᠡᠭᠡ᠂ ᠪᠤᠭᠤᠲᠤ ᠬᠤᠲᠠ ᠶᠢᠨ ᠣᠶ ᠰᠢᠭᠤᠶ ᠨᠤᠲᠤᠭ | ᠪᠡᠯᠴᠢᠭᠡᠷ ᠤᠨ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠬᠢᠵᠠᠭᠠᠷᠯᠠᠬᠤ ᠲᠥᠪ᠂ ᠠᠤᠬᠠᠨ ᠬᠤᠰᠢᠭᠤᠨ ᠤ ᠣᠶ | ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠠ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠣᠶ | ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠡᠷᠦᠩᠬᠡᠶ ᠥᠷᠲᠡᠭᠡ ᠨᠢ ᠬᠤᠲᠠ | ᠰᠢᠶᠠᠨ ᠤ ᠲᠠᠰ ᠤᠨ ᠲᠡᠷᠢᠭᠦᠨ ᠤ ᠨᠢᠭᠡᠴᠡ ᠪᠠᠷ ᠦᠨᠡᠯᠡᠭᠳᠡᠪᠡ᠃ ᠨᠠᠷᠠᠰᠤᠨ ᠮᠣᠳᠣᠨ ᠤ ᠤᠲᠠᠰᠤᠯᠢᠭ ᠬᠤᠷᠣᠬᠠᠶ ᠶᠢᠨ | ᠡᠪᠡᠳᠴᠢᠨ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠠᠵᠢᠯᠯᠠᠭ᠎ᠠ 2021 ᠣᠨ ᠳᠤ ᠡᠬᠢᠯᠡᠭᠰᠡᠨ ᠠᠴᠠ | ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ︽ᠰᠡᠷᠭᠡᠶᠢᠯᠡᠬᠦ ᠪᠠᠷ ᠭᠤᠤᠯ ᠪᠣᠯᠭᠠᠬᠤ᠂ ᠵᠠᠰᠠᠬᠤ ᠪᠠᠷ ᠭᠤᠣᠯ ᠪᠣᠯᠭᠠᠬᠤ᠂ ᠬᠢᠨᠠᠨ ᠬᠠᠮᠢᠶᠠᠷᠬᠤ ᠶᠢ | ᠴᠢᠬᠤᠯᠠᠴᠢᠯᠠᠬᠤ︾ ᠰᠡᠷᠭᠡᠶᠢᠯᠡᠨ ᠡᠵᠡᠮᠳᠡᠬᠦ ᠣᠶᠢᠯᠠᠭᠠᠭᠳᠠᠬᠤᠨ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ | ᠬᠢᠨᠠᠨ ᠰᠢᠯᠭᠠᠯᠲᠠ ᠪᠠᠷ ᠭᠠᠷᠳᠠᠴᠠ ᠪᠣᠯᠭᠠᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠡᠳᠦᠷ ᠲᠤᠲᠤᠮ ᠤᠨ ᠬᠢᠨᠠᠨ ᠬᠡᠮᠵᠢᠯᠲᠡ᠂ | ᠨᠠᠮᠤᠷ ᠤᠨ ᠤᠯᠠᠷᠢᠯ ᠤᠨ ᠨᠡᠶᠢᠳᠡᠮ ᠪᠠᠶᠢᠴᠠᠭᠠᠯᠲᠠ ᠪᠠ ︽ᠨᠠᠷᠠᠰᠤᠨ ᠮᠣᠳᠣ ᠶᠢ ᠬᠠᠮᠠᠭᠠᠯᠠᠬᠤ 2023︾ ᠲᠤᠰᠬᠠᠶ | ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠨᠢᠬᠦᠯᠵᠦ᠂ ᠮᠣᠳᠣᠨ ᠤ ᠠᠵᠤ ᠦᠢᠯᠡᠰ ᠤᠨ ᠠᠵᠤ ᠠᠬᠤᠶᠢᠯᠠᠯ ᠤᠨ | ᠬᠠᠮᠢᠶᠠᠷᠤᠯᠲᠠ ᠪᠣᠯᠤᠨ ᠬᠢᠵᠢᠭ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠪᠥᠬᠦ ᠵᠢᠯ ᠳᠤ ᠨᠠᠷᠠᠰᠤᠨ | ᠣᠶ ᠶᠢᠨ ᠬᠢᠨᠠᠨ ᠬᠡᠮᠵᠢᠯᠲᠡ ᠶᠢ ᠨᠡᠶᠢᠲᠡ 2444 . 73 ᠲᠦᠮᠡᠨ ᠮᠥ ᠪᠡᠶᠡᠯᠡᠭᠦᠯᠪᠡ᠂ ᠦᠬᠦᠰᠢᠷᠡᠭᠰᠡᠨ ᠨᠠᠷᠠᠰᠤᠨ | ᠮᠣᠳᠣ 21037 ᠰᠠᠭᠤᠷᠢ᠂ ᠦᠯᠢᠭᠡᠷ ᠠᠪᠤᠭᠰᠠᠨ ᠨᠢ 911 ᠬᠤᠪᠢ᠂ 5334 ᠮᠣᠳᠣᠨ ᠤ ᠠᠵᠦ ᠦᠢᠯᠡᠰ ᠤᠨ | ᠠᠵᠤ ᠠᠬᠤᠶᠢᠯᠠᠯ ᠵᠢᠴᠢ ᠬᠤᠪᠢ ᠬᠥᠮᠦᠨ ᠢ ᠪᠠᠶᠢᠴᠠᠭᠠᠨ ᠳᠠᠩᠰᠠᠯᠠᠵᠤ᠂ ᠨᠠᠷᠠᠰᠤᠨ ᠣᠶ ᠶᠢ ᠬᠢᠨᠠᠨ ᠬᠡᠮᠵᠢᠬᠦ | ᠪᠦᠷᠬᠦᠴᠡ ᠶᠢᠨ ᠨᠣᠷᠮ᠎ᠠ 100 % ᠳᠤ ᠬᠦᠷᠪᠡ᠃ ᠨᠠᠷᠠᠰᠤᠨ ᠮᠣᠳᠣᠨ ᠤ ᠤᠲᠠᠰᠤᠯᠢᠭ ᠬᠤᠷᠣᠬᠠᠶ ᠶᠢᠨ | ᠡᠪᠡᠳᠴᠢᠨ ᠤ ᠲᠠᠪᠤᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠱᠠᠲᠤᠴᠢ ᠴᠢᠨᠠᠷᠲᠠᠶ ᠦᠷ᠎ᠡ ᠪᠦᠲᠦᠮᠵᠢ ᠣᠯᠵᠤ᠂ | ᠪᠥᠬᠦ ᠣᠷᠣᠨ ᠤ ᠣᠶ ᠰᠢᠭᠤᠶ ᠶᠢᠨ ᠡᠬᠢ ᠪᠠᠶᠠᠯᠢᠭ ᠤᠨ ᠠᠮᠤᠷ ᠲᠦᠪᠰᠢᠨ ᠪᠠ ᠠᠮᠢ ᠠᠬᠤᠶ ᠶᠢᠨ ᠠᠮᠤᠷ ᠲᠦᠪᠰᠢᠨ ᠢ | ᠪᠦᠲᠦᠮᠵᠢᠲᠡᠶ ᠬᠠᠮᠠᠭᠠᠯᠠᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠦᠵᠡᠯ ᠰᠠᠨᠠᠭ᠎ᠠ ᠲᠠᠨᠢᠯᠲᠠ ᠪᠠ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠶ ᠰᠢᠭᠤᠢ ᠶᠢᠨ ᠳᠠᠷᠤᠭ᠎ᠠ ᠶᠢᠨ ᠲᠦᠷᠢᠮ ᠢᠶᠠᠷ | ᠭᠠᠷᠳᠠᠴᠠ ᠪᠣᠯᠭᠠᠨ᠂ ᠴᠢᠩᠭ᠎ᠠ ᠰᠡᠷᠭᠡᠶᠢᠯᠡᠨ ᠰᠠᠬᠢᠬᠤ ᠶᠡᠷᠦᠩᠬᠡᠶ ᠬᠥᠭ ᠠᠶᠠᠰ ᠢ ᠭᠤᠶᠢᠪᠢᠰᠢ ᠥᠬᠡᠶ ᠪᠠᠷᠢᠮᠲᠠᠯᠠᠵᠤ᠂ | ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠨᠠᠷᠠᠰᠤᠨ | ᠮᠤᠳᠤᠨ ᠤ ᠤᠲᠠᠰᠤᠯᠢᠭ ᠬᠤᠷᠣᠬᠠᠶ ᠶᠢᠨ ᠡᠪᠡᠳᠴᠢᠨ ᠤ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ | ᠰᠡᠷᠭᠡᠶᠢᠯᠡᠨ ᠡᠵᠡᠮᠳᠡᠬᠦ ᠲᠤᠬᠠᠶ ᠵᠢᠯᠣᠭᠤᠳᠬᠤ ᠰᠠᠨᠠᠯ︾᠂ ︽ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠶᠢᠨ | ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ ᠤᠨ ᠲᠥᠰᠦᠯ︾᠂ ︽ᠨᠠᠷᠠᠰᠤᠨ ᠮᠤᠳᠤᠨ ᠤ ᠤᠲᠠᠰᠤᠯᠢᠭ | ᠬᠤᠷᠣᠬᠠᠶ ᠶᠢᠨ ᠡᠪᠡᠳᠴᠢᠨ ᠢ ᠰᠡᠷᠭᠡᠶᠢᠯᠡᠨ ᠡᠵᠡᠮᠳᠡᠬᠦ ᠲᠠᠪᠤᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢᠨ | ᠲᠥᠯᠥᠪᠯᠡᠭᠡ︾ ᠶᠢ ᠴᠢᠩᠭ᠎ᠠ ᠬᠡᠷᠡᠭᠵᠢᠭᠦᠯᠵᠦ᠂ ᠡᠳᠦᠷ ᠲᠤᠲᠤᠮ ᠤᠨ ᠬᠢᠨᠠᠨ ᠬᠡᠮᠵᠢᠯᠲᠡ ᠪᠠ ᠨᠠᠮᠤᠷ ᠤᠨ ᠤᠯᠠᠷᠢᠯ ᠤᠨ | ᠨᠡᠶᠢᠳᠡᠮ ᠪᠠᠶᠢᠴᠠᠭᠠᠯᠲᠠ ᠶᠢ ᠪᠣᠳᠠᠲᠠᠶ ᠪᠥᠭᠡᠳ ᠨᠠᠷᠢᠯᠢᠭ ᠬᠢᠵᠦ᠂ ᠬᠢᠵᠢᠭ ᠪᠠᠶᠢᠴᠠᠭᠠᠵᠤ ᠳᠠᠬᠢᠨ ᠪᠠᠶᠢᠴᠠᠭᠠᠬᠤ ᠶᠢ | ᠴᠢᠩᠭᠠᠷᠠᠭᠤᠯᠤᠨ᠂ ᠬᠢᠵᠢᠭ ᠪᠠᠶᠢᠴᠠᠭᠠᠵᠤ ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠶᠢᠨ ᠬᠦᠨᠦᠭᠡᠯ ᠢ | ᠰᠡᠷᠭᠡᠶᠢᠯᠡᠨ᠎ᠡ᠃ |