ᠮᠠᠨ ᠤ ᠲᠤᠪᠴᠢᠶ᠎ᠠ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠮᠣᠩᠭᠤᠯ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠪᠠᠶᠢᠩᠭᠤ ᠶᠢᠨ ᠵᠦᠪᠯᠡᠬᠦ ᠠᠵᠢᠯ ᠤᠨ ᠳᠤᠭᠤᠶᠢᠯᠠᠩ ᠤᠨ ᠬᠤᠷᠠᠯ ᠤᠨ ᠠᠮᠢ ᠠᠬᠤᠶ ᠣᠷᠴᠢᠨ ᠲᠣᠭᠤᠷᠢᠨ ᠤ ᠳᠤᠭᠤᠶᠢᠯᠠᠩ ᠤᠨ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/1/24
        ᠰᠦᠨ ᠱᠤᠤ ᠴᠧᠩ ᠱᠦᠵᠢ ᠶᠢᠨ ᠮᠣᠩᠭᠤᠯ ᠤᠯᠤᠰ ᠲᠤ ᠠᠶᠢᠯᠴᠢᠯᠠᠭᠰᠠᠨ ᠦᠷ᠎ᠡ ᠪᠦᠲᠦᠭᠡᠯ ᠢ  ᠠᠰᠢᠭᠯᠠᠬᠤ ᠎ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠮᠣᠩᠭᠤᠯ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠪᠠᠶᠢᠩᠭᠤ ᠶᠢᠨ ᠵᠦᠪᠯᠡᠬᠦ ᠠᠵᠢᠯ ᠤᠨ ᠳᠤᠭᠤᠶᠢᠯᠠᠩ ᠤᠨ ᠬᠤᠷᠠᠯ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠣᠩᠭᠤᠯ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠶᠢᠨ ᠲᠥᠯᠥᠭᠡ᠂ 2024 ᠣᠨ ᠤ 1 ᠰᠠᠷ᠎ᠠ ᠶᠢᠨ 19᠎ ᠤ ᠡᠳᠦᠷ ᠮᠠᠨ ᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠪᠠᠶᠢᠩᠭᠤ ᠶᠢᠨ ᠵᠥᠪᠯᠡᠬᠦ ᠠᠵᠢᠯ ᠤᠨ ᠳᠤᠭᠤᠶᠢᠯᠠᠩ ᠤᠨ ᠬᠤᠷᠠᠯ ᠤᠨ ᠠᠮᠢ ᠠᠬᠤᠶ ᠣᠷᠴᠢᠨ ᠲᠣᠭᠤᠷᠢᠨ ᠤ ᠳᠤᠭᠤᠶᠢᠯᠠᠩ ᠤᠨ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃
6384100365440667585038512 (1).jpg
      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ᠂ ᠬᠥᠬᠡᠬᠤᠲᠠ ᠳᠤ ᠰᠠᠭᠤᠭ᠎ᠠ ᠮᠣᠩᠭᠤᠯ ᠤᠯᠤᠰ ᠤᠨ ᠶᠡᠷᠦᠩᠬᠡᠶ ᠺᠤᠨᠰᠦ᠋ᠯ ᠤᠨ ᠭᠠᠵᠠᠷ ᠤᠨ ᠲᠥᠯᠥᠭᠡᠯᠡᠭᠴᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
W020240124413676717869_ORIGIN.jpg
W020240124413676747069_ORIGIN.jpg
      ᠮᠠᠨ ᠤ ᠲᠣᠪᠴᠢᠶ᠎ᠠ ᠮᠣᠩᠭᠤᠯ ᠤᠯᠤᠰ ᠤᠨ ᠲᠥᠯᠥᠭᠡᠯᠡᠭᠴᠢ ᠲᠠᠢ ︽ᠠᠷᠪᠠᠨ ᠳ᠋ᠦᠩᠰᠢᠭᠤᠷ ᠮᠣᠳᠣ ᠳᠠᠷᠢᠬᠤ︾ ᠲᠥᠯᠥᠪᠯᠡᠭᠡ ᠶᠢ ᠬᠡᠷᠡᠭᠵᠢᠭᠦᠯᠬᠦ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠬᠠᠮᠲᠤᠷᠠᠯᠴᠠᠭ᠎ᠠ ᠶᠢ ᠠᠬᠢᠭᠤᠯᠬᠤ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢ ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠪᠠ᠃ ᠮᠣᠩᠭᠤᠯ ᠤᠨ ᠲᠠᠯ᠎ᠠ ᠶᠢᠨ ᠲᠥᠯᠥᠭᠡᠯᠡᠭᠴᠢ᠂ ᠳᠤᠮᠳᠠᠳᠤ ᠮᠣᠩᠭᠤᠯ ᠬᠤᠶᠠᠷ ᠤᠯᠤᠰ ᠬᠥᠷᠰᠢᠯᠡᠨ ᠰᠠᠭᠤᠷᠢᠰᠢᠵᠤ ᠪᠠᠶᠢᠨ᠎ᠠ᠂ ᠬᠤᠶᠠᠷ ᠤᠯᠤᠰ ᠢᠶᠠᠷ ᠢᠶᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ᠂ ᠳᠤᠮᠳᠠᠳᠤ ᠮᠣᠩᠭᠤᠯ ᠬᠤᠶᠠᠷ ᠤᠯᠤᠰ ᠤᠨ ᠬᠢᠯᠢ ᠠᠯᠤᠰᠯᠠᠭᠰᠠᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠬᠠᠮᠲᠤ ᠪᠠᠷ ᠪᠠᠶᠢᠭᠤᠯᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠮᠲᠤ ᠪᠠᠷ ᠠᠬᠢᠭᠤᠯᠤᠶ᠎ᠠ ᠭᠡᠵᠦ ᠢᠯᠡᠳᠬᠡᠪᠡ᠃ ᠮᠠᠨ ᠤ ᠲᠣᠪᠴᠢᠶ᠎ᠠ ᠦᠷᠭᠦᠯᠵᠢᠯᠡᠨ ︽ᠳᠤᠮᠳᠠᠳᠤ ᠤᠯᠤᠰ ᠠᠴᠠ ᠮᠣᠩᠭᠤᠯ ᠤᠯᠤᠰ ᠲᠤ ︿ᠠᠷᠪᠠᠨ ᠳ᠋ᠦᠩᠰᠢᠭᠤᠷ ᠮᠣᠳᠣ ᠲᠠᠷᠢᠬᠤ﹀ ᠲᠥᠯᠥᠪᠯᠡᠭᠡ ᠶᠢ ᠳᠡᠮᠵᠢᠬᠦ ᠵᠢᠴᠢ ᠳᠤᠮᠳᠠᠳᠤ ᠮᠣᠩᠭᠤᠯ ᠤᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠬᠠᠮᠲᠤᠷᠠᠯᠴᠠᠭ᠎ᠠ ᠥᠷᠨᠢᠭᠦᠯᠬᠦ ᠪᠠ ᠬᠢᠯᠢ ᠠᠯᠤᠰᠯᠠᠭᠰᠠᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠬᠠᠮᠲᠤ ᠪᠠᠷ ᠪᠦᠲᠦᠭᠡᠨ ᠪᠠᠶᠢᠭᠤᠯᠬᠤ ᠪᠦᠳᠦᠭᠦᠪᠴᠢ ᠵᠥᠪᠯᠡᠯᠴᠡᠭᠡᠷ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠣᠨ ᠣᠷᠳᠣᠨ ᠠᠴᠠ ᠮᠣᠩᠭᠤᠯ ᠤᠯᠤᠰ ᠯᠤᠭ᠎ᠠ ︽ᠠᠷᠪᠠᠨ ᠳ᠋ᠦᠩᠰᠢᠭᠤᠷ ᠮᠣᠳᠣ ᠲᠠᠷᠢᠬᠤ︾ ᠲᠥᠯᠥᠪᠯᠡᠭᠡ ᠶᠢᠨ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠳᠠᠮᠵᠢᠵᠤ᠂ ᠮᠣᠩᠭᠤᠯ ᠤᠯᠤᠰ ᠯᠤᠭ᠎ᠠ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠬᠦ ᠶᠢ ᠢᠳᠡᠪᠬᠢᠲᠡᠢ ᠠᠬᠢᠭᠤᠯᠤᠨ᠎ᠠ ᠭᠡᠵᠦ ᠢᠯᠡᠳᠬᠡᠪᠡ᠃ ᠮᠠᠨ ᠤ ᠣᠷᠣᠨ ᠮᠣᠩᠭᠤᠯ ᠤᠯᠤᠰ ᠲᠠᠢ ᠬᠢᠯᠢ ᠨᠡᠶᠢᠯᠡᠵᠦ ᠪᠠᠶᠢᠭ᠎ᠠ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠨᠡᠯᠢᠶᠡᠳ ᠣᠯᠠᠨ ᠪᠣᠯᠬᠤᠷ᠂ ᠮᠠᠨ ᠤ ᠤᠯᠤᠰ ᠤᠨ ᠣᠳᠣᠬᠠᠨ ᠤ ᠨᠥᠬᠦᠴᠡᠯ ᠢᠶᠠᠷ ᠨᠡᠯᠢᠶᠡᠳ ᠰᠠᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠨᠢ ᠮᠣᠩᠭᠤᠯ ᠤᠯᠤᠰ ᠲᠠᠢ ᠬᠥᠷᠰᠢᠯᠡᠵᠦ ᠪᠠᠶᠢᠭ᠎ᠠ ᠭᠠᠵᠠᠷ ᠣᠷᠣᠨ ᠯᠤᠭ᠎ᠠ ᠬᠢᠯᠢ ᠠᠯᠤᠰᠯᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠᠶᠢᠭᠤᠯᠬᠤ ᠶᠢ ᠪᠣᠳᠣᠯᠬᠢᠯᠠᠵᠤ ᠪᠣᠯᠤᠨ᠎ᠠ᠃ ᠮᠣᠩᠭᠤᠯ ᠤᠯᠤᠰ ᠲᠠᠢ ᠬᠥᠷᠰᠢᠯᠡᠵᠦ ᠪᠠᠶᠢᠭ᠎ᠠ ᠪᠠᠶᠢᠭᠠᠯᠢ ᠶᠢᠨ ᠬᠠᠮᠠᠭᠠᠯᠠᠯᠲᠠ ᠶᠢᠨ ᠰᠢᠰᠲ ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号