ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/5
     1 ᠰᠠᠷ᠎ᠠ ᠶᠢᠨ 2᠎ ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠬᠦ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠸᠠᠩ ᠵᠣᠣ ᠱᠧᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ︵ᠲᠣᠪᠴᠢᠶᠠᠨ ᠳᠠᠷᠤᠭ᠎ᠠ︶ ᠭᠦᠸᠧ ᠵᠠᠨ ᠵᠢᠶᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ᠂ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠠᠷ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠤᠷᠤᠯᠴᠠᠪᠠ᠃      ᠡᠬᠢᠯᠡᠯᠲᠡ ᠶᠢᠨ ᠬᠤᠷᠠᠯ ᠤᠨ ᠵᠣᠷᠢᠯᠭ᠎ᠠ ᠨᠢ ᠶᠡᠷᠦᠩᠬᠡᠶ ᠱᠦᠵᠢ ᠰᠢ ᠶᠢᠨ ᠫᠢᠩ ᠤᠨ ︽ᠥᠪᠥᠷ ᠮᠣᠩᠭᠤᠯ ᠤᠨ ᠨᠤᠲᠤᠭ ᠪᠡᠯᠴᠢᠭᠡᠷ ᠨᠢᠭᠡᠨᠲᠡ ᠬᠡᠲᠦᠷᠲᠡᠲᠡᠯ᠎ᠡ ᠮᠡᠯᠵᠢᠭ᠌ᠰᠠᠨ ᠪᠠᠶᠢᠨ᠎ᠠ᠂ ᠠᠮᠤᠷᠵᠢᠭᠤᠯᠤᠨ ᠲᠡᠩᠬᠡᠷᠡᠭᠦᠯᠬᠦ ᠶᠢ ᠠᠩᠬᠠᠷᠬᠤ ᠬᠡᠷᠡᠭᠲᠡᠶ︾ ᠭᠡᠰᠡᠨ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠪᠡᠯᠴᠢᠭᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠲᠥᠰᠦᠯ︾᠎ ᠳᠠᠬᠢ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠨᠤᠲᠤᠭ ᠪᠡᠯᠴᠢᠭᠡᠷ ᠤᠨ ᠪᠡᠯᠴᠢᠭᠡᠷᠯᠡᠬᠦᠯᠬᠦ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠠᠪᠤᠳᠠᠯ ᠪᠣᠯᠤᠨ᠎ᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠲᠤᠪᠴᠢᠶᠠᠨ ᠳᠠᠷᠤᠭ᠎ᠠ ᠵᠣᠣ ᠢᠦᠶ ᠱᠧᠩ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠲᠣᠰ ᠲᠣᠰ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠪᠡᠯᠴᠢᠭᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠲᠥᠰᠦᠯ︾᠎ ᠤᠨ ᠲᠣᠭᠲᠠᠭᠠᠯ ᠶᠣᠰᠣᠭᠠᠷ᠂ ᠲᠦᠷᠦᠭᠦᠯᠡᠨ ᠬᠢᠬᠦ ᠡᠭᠦᠷᠭᠡ ᠶᠢᠨ ᠠᠭᠤᠯᠭ᠎ᠠ ᠶᠢᠨ ᠲᠤᠬᠠᠶ ᠨᠠᠷᠢᠨ ᠲᠠᠶᠢᠯᠤᠮᠵᠢ ᠬᠢᠪᠠ᠃ ︽ᠲᠤᠷᠰᠢᠯᠲᠠ ᠶᠢᠨ ᠲᠥᠰᠦᠯ︾᠎ ᠨᠢ ᠨᠡᠶᠢᠲᠡ 5 ᠲᠠᠯ᠎ᠠ ᠶᠢᠨ 17 ᠵᠦᠢᠯ ᠤᠨ ᠪᠣᠳᠠᠲᠠᠶ ᠡᠭᠦᠷᠭᠡ ᠳᠤ ᠬᠤᠯᠪᠣᠭᠳᠠᠵᠤ᠂ ᠡᠭᠦᠨ ᠳᠤ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠲᠦᠷᠦᠭᠦᠯᠡᠨ ᠬᠠᠷᠢᠭᠤᠴᠠᠬᠤ ᠡᠭᠦᠷᠭᠡ 5 ᠵᠦᠢᠯ ᠪᠠᠶᠢᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠲᠦᠷᠦᠭᠦᠯᠡᠨ ᠬᠠᠷᠢᠭᠤᠴᠠᠬᠤ ᠡᠭᠦᠷᠭᠡ 12  ᠵᠦᠢᠯ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号