ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠠᠶᠤᠯᠭᠦᠢ ᠦᠢᠯᠡᠳᠪᠦᠷᠢᠯᠡᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/8
     1 ᠰᠠᠷ᠎ᠠ ᠶᠢᠨ 5᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠬᠦᠯᠦᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠬᠤᠯᠪᠣᠭᠳᠠᠯ ᠪᠥᠬᠦᠶ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠰᠢᠭᠤᠳ ᠬᠠᠷᠢᠶ᠎ᠠ ᠨᠢᠭᠡᠴᠡ ᠶᠢᠨ ᠠᠶᠤᠯ ᠥᠬᠡᠶ ᠦᠢᠯᠡᠳᠪᠦᠷᠢᠯᠡᠯ ᠤᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯ ᠥᠬᠡᠶ  ᠦᠢᠯᠡᠳᠪᠦᠷᠢᠯᠡᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠪᠥᠭᠡᠳ ︽ᠣᠶ ᠰᠢᠭᠤᠶ ᠨᠤᠲᠤᠭ ᠪᠡᠯᠴᠢᠭᠡᠷ ᠤᠨ ᠠᠵᠢᠯ ᠲᠥᠷᠥᠯ ᠤᠨ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠭᠠᠷ ᠳᠡᠪᠲᠡᠷ︾ ᠵᠡᠷᠭᠡ ᠡᠮᠬᠢᠳᠬᠡᠨ ᠨᠠᠶᠢᠷᠠᠭᠤᠯᠤᠭᠰᠠᠨ ᠮᠠᠲ᠋ᠧᠷᠢᠶᠠᠯ ᠢ ᠲᠠᠷᠬᠠᠭᠠᠪᠠ᠃
W020240105592616803543.png
      ᠠᠶᠤᠯᠭᠦᠢ ᠦᠢᠯᠡᠳᠪᠦᠷᠢᠯᠡᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠲᠢᠶᠧ ᠨᠢᠤ ᠨᠥᠬᠦᠷ ᠬᠤᠷᠠᠯ ᠢ ᠡᠷᠬᠢᠯᠡᠵᠦ᠂ ᠠᠶᠤᠯᠭᠦᠢ ᠦᠢᠯᠡᠳᠪᠦᠷᠢᠯᠡᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
W020240105592616903162.png
      ᠨᠢᠭᠡ ᠳᠤ ᠦᠵᠡᠯ ᠰᠠᠨᠠᠭᠠᠨ ᠤ ᠲᠠᠯ᠎ᠠ ᠪᠠᠷ ᠲᠠᠬᠢᠨ ᠴᠢᠬᠤᠯᠠᠴᠢᠯᠠᠬᠤ ᠬᠡᠷᠡᠭᠲᠡᠢ᠃ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠪᠠ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠢ ᠴᠢᠩᠭ᠎ᠠ ᠵᠢᠷᠤᠮᠯᠠᠵᠤ᠂ ᠠᠶᠤᠯᠭᠦᠢ ᠦᠢᠯᠡᠳᠪᠦᠷᠢᠯᠡᠯ ᠢ ᠢᠮᠠᠭᠲᠠ ᠴᠢᠩᠭ᠎ᠠ ᠠᠳᠬᠤᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠣᠯᠭᠠᠵᠤ᠂ ᠤᠢ ᠰᠢᠭᠤᠢ ᠨᠤᠲᠤᠭ ᠪᠡᠯᠴᠢᠭᠡᠷ ᠤᠨ ᠬᠦᠷᠢᠶᠡᠨ ᠳᠠᠬᠢ  ᠤᠨᠴᠠ ᠶᠡᠭᠡ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠣᠳᠠᠲᠠᠶᠢᠵᠢᠭᠤᠯᠬᠤ ᠬᠡᠷᠡᠭᠲᠡᠢ᠃ ᠬᠤᠶᠠᠷ ᠲᠤ ᠴᠡᠭᠴᠡᠯᠡᠨ ᠥᠭᠡᠷᠡᠴᠢᠯᠡᠬᠦ ᠲᠠᠯ᠎ᠠ ᠪᠠᠷ ᠬᠥᠳᠡᠯᠦᠯᠴᠡᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠢ ᠪᠠᠶᠢᠴᠠᠭᠠᠵᠤ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ ᠢᠮᠠᠭᠲᠠ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠴᠢᠩᠭ᠎ᠠ ᠠᠩᠬᠠᠷᠴᠤ᠂ ᠨᠢᠭᠡᠳ ᠨᠢᠭᠡ ᠪᠠᠷ ᠰᠢᠯᠭᠠᠨ ᠠᠪᠴᠤ ᠳ᠋ᠤᠭᠠᠷ ᠢ ᠨᠢ ᠦᠭᠡᠶᠢᠰᠭᠡᠵᠦ᠂ ︽ᠪᠢᠲᠡᠭᠦᠮᠵᠢᠯᠡᠭᠰᠡᠨ︾ ᠬᠠᠮᠢᠶᠠᠷᠤᠯᠲᠠ ᠶᠠᠪᠤᠭᠳᠠᠭᠤᠯᠬᠤ ᠬᠡᠷᠡᠭᠲᠡᠢ᠃ ᠠᠰᠠᠭᠤᠳᠠᠯ ᠪᠠ ᠬᠡᠮ ᠰᠣᠭᠤᠭ ᠢ ᠪᠠᠶᠢᠴᠠᠭᠠᠬᠤ ᠬᠡᠷᠡᠭᠲᠡᠶ᠂ ᠭᠡᠪᠡᠴᠦ ᠪᠠᠰᠠ ᠪᠠᠭ᠎ᠠ ᠠᠰᠠᠭᠤᠳᠠᠯ᠂ ᠪᠠᠭ᠎ᠠ ᠭᠤᠭᠴᠤᠭ᠎ᠠ ᠶᠢ ᠴᠢᠩᠭ᠎ᠠ ᠠᠩᠬᠠᠷᠴᠤ᠂ ᠪᠦᠬᠦ ᠲᠠᠯ᠎ᠠ ᠪᠠᠷ ᠰᠢᠰᠲ᠋ᠧᠮ ᠲᠠᠢ ᠪᠠᠶᠢᠴᠠᠭᠠᠭᠰᠠᠨ ᠪᠠᠶᠢᠬᠤ ᠬᠡᠷᠡᠭᠲᠡᠶ᠃ ᠭᠤᠷᠪᠠ ᠳᠤ ᠬᠤᠯᠪᠣᠭᠳᠠᠯ ᠪᠦᠬᠦᠢ ᠬᠥᠮᠦᠰ ᠤᠨ ᠠᠶᠤᠯ ᠦᠭᠡᠶ ᠦᠢᠯᠡᠳᠪᠦᠷᠢᠯᠡᠯ ᠤᠨ ᠪᠣᠯᠪᠠᠰᠤᠷᠠᠭᠤᠯᠤᠯ᠂ ᠰᠤᠷᠤᠯᠴᠠᠯᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠠᠶᠤᠯ ᠦᠭᠡᠶ ᠦᠢᠯᠡᠳᠪᠦᠷᠢᠯᠡᠯ ᠤᠨ ᠲᠤᠬᠠᠶ ᠪᠦᠬᠦ ᠲᠠᠯ᠎ᠠ ᠶᠢᠨ ᠰᠢᠰᠲ᠋ᠧᠮ ᠤᠨ ᠲᠠᠨᠢᠯᠲᠠ ᠪᠠᠨ ᠳᠡᠭᠡᠭᠰᠢᠯᠡᠭᠦᠯᠵᠦ᠂ ᠦᠷᠭᠦᠯᠵᠢ ᠲᠣᠬᠢᠶᠠᠯᠳᠤᠳᠠᠭ ᠠᠶᠤᠯ ᠦᠭᠡᠶ ᠶᠢᠨ ᠠᠳᠡᠯ ᠤᠨ ᠰᠢᠯᠲᠠᠭᠠᠨ᠂ ᠰᠡᠷᠭᠡᠶᠢᠯᠡᠬᠦ ᠠᠷᠭ᠎ᠠ ᠬᠡᠮᠵᠢᠶ᠎ᠡ ᠪᠣᠯᠤᠨ ᠠᠷᠭᠠᠴᠠᠨ ᠰᠢᠢᠳᠪᠦᠷᠢᠯᠡᠬᠦ ᠠᠷᠭ᠎ᠠ ᠶᠢ ᠡᠵᠡᠮᠰᠢᠨ᠂ ᠲᠤᠰᠬᠠᠶ ᠠᠵᠢᠯ ᠤᠨ ᠬᠡᠪ ᠴᠢᠨᠠᠷ ᠢᠶᠠᠷ ᠴᠢᠩᠭ᠎ᠠ ᠬᠥᠮᠦᠰ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠰᠢᠮᠳᠠᠭᠤᠯᠤᠨ ᠪᠠᠶᠢᠴᠠᠭᠠᠬᠤ ᠠᠵᠢᠯ ᠥᠷᠨᠢᠭᠦᠯᠦᠨ᠂ ᠣᠶ ᠰᠢᠭᠤᠶ ᠨᠤᠲᠤᠭ ᠪᠡᠯᠴᠢᠭᠡᠷ ᠤᠨ ᠰᠢᠰᠲ᠋ᠧᠮ ᠤᠨ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠯᠠᠪᠳᠠᠭᠤᠨ ᠪᠠᠲᠤᠲᠠᠶ ᠰᠠᠭᠤᠷᠢ ᠶᠢ ᠲᠠᠯᠪᠢᠬᠤ ᠬᠡᠷᠡᠭᠲᠡᠶ ᠭᠡᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号