ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠢ ᠵᠢᠢ ᠱᠦᠨ ᠨᠠᠷ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠳᠤ ᠬᠦᠷᠴᠦ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/10/11
    9 ᠰᠠᠷ᠎ᠠ ᠶᠢᠨ 27᠎ ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠤᠨ ᠠᠶᠢᠯᠴᠢᠯᠠᠷ᠎ᠠ ᠢᠷᠡᠭᠰᠡᠨ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠨᠠᠷ ᠶᠠᠷᠢᠯᠴᠠᠬᠤ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠬᠥ᠋ ᠯᠢ ᠮᠢᠨ᠂ ᠵᠠᠰᠠᠭ ᠵᠠᠬᠢᠷᠭᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠧᠩ ᠲᠢᠶᠠᠨ ᠯᠢᠶᠠᠩ︔ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠯᠧᠦ ᠪᠥᠸᠧ ᠵᠢᠶᠦ᠋ᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠤᠪᠴᠢᠶᠠᠨ ᠳᠠᠷᠤᠭ᠎ᠠ ᠲᠢᠶᠧ ᠨᠢᠤ᠂ ᠶᠡᠷᠦᠩᠬᠡᠶ ᠢᠨᠵᠧᠨᠧᠷ ᠺᠠᠩ ᠬᠤᠩ ᠨᠠᠷ ᠬᠠᠮᠲᠤ ᠪᠠᠷ ᠶᠠᠷᠢᠯᠴᠠᠬᠤ ᠬᠤᠷᠠᠯ ᠳᠤ ᠣᠷᠣᠯᠴᠠᠪᠠ᠃ 
W020241009413486238503.png
    ᠸᠠᠩ ᠵᠤᠤ ᠱᠧᠩ᠂ ᠰᠦᠬᠡ᠂ ᠢᠦᠢ ᠵᠢᠢ ᠱᠦᠨ ᠨᠠᠷ ᠤᠨ ᠠᠶᠢᠯᠴᠢᠯᠠᠷ᠎ᠠ ᠢᠷᠡᠭᠰᠡᠨ ᠳᠤ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ ᠡᠨᠡ ᠵᠢᠯ ᠥᠷᠨᠢᠭᠦᠯᠦᠭᠰᠡᠨ ᠭᠤᠣᠯᠳᠠᠯᠭ᠎ᠠ ᠲᠠᠢ ᠠᠵᠢᠯ ᠤᠨ ᠲᠤᠬᠠᠢ ᠲᠣᠪᠴᠢ ᠲᠠᠨᠢᠯᠴᠠᠭᠤᠯᠭ᠎ᠠ ᠬᠢᠪᠡ᠃ ᠲᠡᠷᠡ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠣᠶ ᠰᠢᠭᠤᠶ ᠨᠤᠲᠤᠭ ᠪᠡᠯᠴᠢᠭᠡᠷ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠂ ᠢᠯᠠᠩᠭᠤᠶ᠎ᠠ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠲᠠᠯ᠎ᠠ ᠪᠠᠷ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠵᠤ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢ ᠬᠤᠷᠠᠭᠤᠯᠬᠤ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠢᠩᠭᠠᠨ ᠠᠶᠢᠮᠠᠭ ᠤᠨ ᠨᠣᠭᠤᠭᠠᠷᠠᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠳᠡᠮᠵᠢᠵᠦ᠂ ᠬᠢᠩᠭᠠᠨ ᠠᠶᠢᠮᠠᠭ ᠤᠨ ᠳᠤᠷᠠᠳᠤᠭᠰᠠᠨ ᠳᠡᠮᠵᠢᠬᠦ ᠴᠢᠬᠤᠯᠠᠲᠠᠶ ᠵᠦᠢᠯᠡᠰ ᠢ ᠬᠢᠨᠠᠮᠠᠭᠠᠶ ᠰᠤᠳᠤᠯᠬᠤ ᠶᠢᠨ ᠬᠠᠮᠲᠤ᠂ ᠲᠥᠷᠥᠯ  ᠵᠦᠢᠯ ᠤᠨ ᠪᠠᠶᠢᠷᠢᠯᠠᠭᠤᠯᠤᠯᠲᠠ᠂ ᠪᠠᠯᠠ ᠮᠥᠩᠭᠦ ᠶᠢᠨ ᠣᠷᠣᠭᠤᠯᠤᠯᠲᠠ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠵᠡᠷᠭᠡ ᠲᠠᠯ᠎ᠠ ᠪᠠᠷ ᠬᠢᠩᠭᠠᠨ ᠠᠶᠢᠮᠠᠭ ᠲᠤ ᠨᠠᠩ ᠶᠡᠭᠡ ᠳᠡᠮᠵᠢᠯᠭᠡ ᠦᠵᠡᠭᠦᠯᠦᠨ᠎ᠡ ᠭᠡᠵᠡᠢ᠃
W020241009413486260994.png
    ᠰᠦᠬᠡ᠂ ᠢᠦᠢ ᠵᠢᠢ ᠱᠦᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ ᠤᠯᠠᠨ ᠵᠢᠯ ᠤᠨ ᠲᠤᠷᠰᠢ ᠠᠮᠢ ᠠᠬᠤᠢ ᠶᠢᠨ ᠪᠦᠳᠦᠭᠡᠨ ᠪᠠᠶᠢᠭᠤᠯᠤᠯᠲᠠ᠂ ᠡᠬᠢ ᠪᠠᠶᠠᠯᠢᠭ ᠤᠨ ᠬᠠᠮᠠᠭᠠᠯᠠᠯᠲᠠ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠷᠠᠯᠵᠢᠶ᠎ᠠ ᠵᠡᠷᠭᠡ ᠲᠠᠯ᠎ᠠ ᠪᠠᠷ ᠬᠢᠩᠭᠠᠨ ᠠᠶᠢᠮᠠᠭ ᠲᠤ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠪᠠᠶᠢᠭᠠᠯᠢ ᠶᠢᠨ ᠤᠢ ᠶᠢ ᠬᠠᠮᠠᠭᠠᠯᠠᠨ ᠰᠡᠷᠭᠦᠭᠡᠬᠦ᠂ ᠵᠡᠭᠦᠨ ᠬᠡᠰᠡᠭ ᠤᠨ ᠨᠤᠲᠤᠭ ᠪᠡᠯᠴᠢᠭᠡᠷ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠲᠠᠯ᠎ᠠ ᠪᠠᠷ ᠨᠡᠩ ᠤᠯᠠᠨ ᠳᠡᠮᠵᠢᠯᠭᠡ ᠪᠠ ᠬᠠᠪᠰᠤᠷᠤᠯᠭ᠎ᠠ ᠦᠵᠡᠭᠦᠯᠬᠦ ᠶᠢ ᠬᠦᠰᠡᠪᠡ᠃ ᠬᠢᠩᠭᠠᠨ ᠠᠶᠢᠮᠠᠭ ᠤᠨ ᠵᠠᠬᠢᠷᠭ᠎ᠠ ᠶᠢᠨ ᠬᠠᠮᠢᠶ᠎ᠠ ᠪᠥᠬᠦᠶ ᠨᠠᠷᠢᠨ ᠪᠢᠴᠢᠭ ᠤᠨ ᠳᠠᠷᠤᠭ᠎ᠠ᠂ ᠬᠢᠩᠭᠠᠨ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ︔ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠭᠠᠵᠠᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
W020241009413486301722.png
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号