ᠳᠡᠳ᠋ ᠲᠣᠪᠴᠢᠶᠠᠨ ᠳᠠᠷᠤᠭ᠎ᠠ ᠮᠠ ᠴᠢᠶᠠᠩ ᠨᠠᠷ ᠣᠷᠳᠣᠰ ᠬᠤᠲᠠ ᠳᠤ ᠬᠦᠷᠴᠦ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠪᠢᠲᠡᠭᠦᠮᠵᠢᠯᠡᠨ ᠴᠠᠭᠠᠵᠠᠯᠠᠭᠰᠠᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/10/12
    10 ᠰᠠᠷ᠎ᠠ ᠶᠢᠨ 8᠎ ᠠᠴᠠ 9᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ ᠨᠠᠷ ᠣᠷᠳᠣᠰ ᠬᠤᠲᠠ ᠳᠤ ᠬᠦᠷᠴᠦ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠶ ᠎ ᠶᠢ ᠪᠢᠲᠡᠭᠦᠮᠵᠢᠯᠡᠨ ᠴᠠᠭᠠᠵᠠᠯᠠᠭᠰᠠᠨ ᠬᠠᠮᠠᠭᠠᠯᠠᠯᠲᠠ ᠶᠢᠨ ᠣᠷᠣᠨ ᠳᠤ ᠪᠠᠶᠢᠴᠠᠭᠠᠨ ᠰᠤᠳᠤᠯᠤᠯᠲᠠ ᠬᠢᠪᠠ᠃ ᠣᠷᠳᠣᠰ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢᠦ ᠲᠢᠶᠠᠨ ᠶᠦᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ 
W020241011597045140757.jpg
    ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠣᠲᠤᠭ ᠬᠤᠰᠢᠭᠤᠨ ᠤ ᠰᠢᠷᠠᠳᠠᠯ᠎ᠠ ᠶᠢᠨ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠶ ᠎ ᠶᠢ ᠪᠢᠲᠡᠭᠦᠮᠵᠢᠯᠡᠨ ᠴᠠᠭᠠᠵᠠᠯᠠᠭᠰᠠᠨ ᠬᠠᠮᠠᠭᠠᠯᠠᠯᠲᠠ ᠶᠢᠨ ᠣᠷᠣᠨ᠂ ᠬᠠᠩᠭᠢᠨ ᠬᠤᠰᠢᠭᠤᠨ ᠤ ᠳᠤᠭᠤᠶᠢᠳᠠᠯ᠎ᠠ ᠶᠢᠨ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠴᠠᠭᠠᠵᠠᠯᠠᠭᠰᠠᠨ ᠬᠠᠮᠠᠭᠠᠯᠠᠯᠲᠠ ᠶᠢᠨ ᠣᠷᠣᠨ᠂ ᠣᠷᠳᠣᠰ ᠬᠤᠲᠠ ᠶᠢᠨ ᠣᠶᠢᠵᠢᠭᠤᠯᠤᠯᠲᠠ ᠶᠢᠨ ᠶᠡᠷᠦᠩᠬᠡᠶ ᠲᠠᠯᠠᠪᠠᠶ ᠶᠢᠨ ᠸᠠᠨ ᠲᠠᠢ ᠰᠢᠩ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠴᠠᠭᠠᠵᠠᠯᠠᠭᠰᠠᠨ ᠬᠠᠮᠠᠭᠠᠯᠠᠯᠲᠠ ᠶᠢᠨ ᠣᠷᠣᠨ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ᠂ ᠮᠠᠲ᠋ᠧᠷᠢᠶᠠᠯ ᠪᠠᠶᠢᠴᠠᠭᠠᠨ ᠦᠵᠡᠬᠦ᠂ ᠰᠤᠳᠤᠯᠤᠨ ᠶᠠᠷᠢᠯᠴᠠᠯᠭ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ ᠣᠷᠳᠣᠰ ᠬᠤᠲᠠ ᠶᠢᠨ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠴᠠᠭᠠᠵᠠᠯᠠᠭᠰᠠᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠣᠳᠣᠬᠢ ᠪᠠᠶᠢᠳᠠᠯ ᠬᠢᠭᠡᠳ ᠣᠷᠣᠰᠢᠵᠤ ᠪᠠᠶᠢᠭ᠎ᠠ ᠠᠰᠠᠭᠤᠳᠠᠯ ᠢ ᠭᠦᠢᠴᠡᠳ ᠣᠶᠢᠯᠠᠭᠠᠪᠠ᠃ ᠣᠷᠳᠣᠰ ᠬᠤᠲᠠ ᠶᠢᠨ ᠣᠶᠢᠵᠢᠭᠤᠯᠤᠯᠲᠠ ᠶᠢᠨ ᠶᠡᠷᠦᠩᠬᠡᠶ ᠲᠠᠯᠠᠪᠠᠶ ᠶᠢᠨ ᠸᠠᠨ ᠲᠠᠢ ᠰᠢᠩ ᠤᠨ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠴᠠᠭᠠᠵᠠᠯᠠᠭᠰᠠᠨ ᠬᠠᠮᠠᠭᠠᠯᠠᠯᠲᠠ ᠶᠢᠨ ᠣᠷᠣᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠲᠤᠰᠬᠠᠶ ᠰᠡᠳᠦᠪᠲᠦ ᠶᠠᠷᠢᠯᠴᠠᠬᠤ ᠬᠤᠷᠠᠯ ᠬᠢᠵᠦ᠂ ᠣᠶᠢᠵᠢᠭᠤᠯᠤᠯᠲᠠ ᠶᠢᠨ ᠶᠡᠷᠦᠩᠬᠡᠶ ᠲᠠᠯᠠᠪᠠᠶ᠂ ᠬᠠᠩᠭᠢᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠶᠠᠲᠤ ᠣᠷᠣᠨ ᠤ ᠡᠯᠡᠰᠦᠷᠬᠡᠭᠵᠢᠭᠰᠡᠨ ᠭᠠᠵᠠᠷ ᠰᠢᠷᠣᠶ ᠎ ᠶᠢ ᠪᠢᠲᠡᠭᠦᠮᠵᠢᠯᠡᠨ ᠴᠠᠭᠠᠵᠠᠯᠠᠭᠰᠠᠨ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠳᠠᠯ ᠵᠢᠴᠢ ᠬᠢᠨᠠᠨ ᠪᠤᠳᠤᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠲᠤᠰᠬᠠᠶ ᠬᠠᠷᠢᠭᠤ ᠮᠡᠳᠡᠭᠦᠯᠦᠯᠲᠡ ᠶᠢ ᠲᠣᠰ ᠲᠣᠰ ᠰᠣᠨᠣᠰᠪᠠ᠃ ᠯᠢᠦ ᠲᠢᠶᠠᠨ ᠶᠦᠨ ᠢᠯᠡᠷᠬᠡᠶᠢᠯᠡᠬᠦ ᠳᠡᠭᠡᠨ᠂ ᠣᠷᠳᠣᠰ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠶ ᠎ ᠶᠢ ᠪᠢᠲᠡᠭᠦᠮᠵᠢᠯᠡᠨ ᠴᠠᠭᠠᠵᠠᠯᠠᠭᠰᠠᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠵᠢᠴᠢ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠢᠲᠡᠭᠦᠮᠵᠢᠯᠡᠨ ᠴᠠᠭᠠᠵᠠᠯᠠᠵᠤ ᠪᠠᠶᠢᠭ᠎ᠠ ᠣᠷᠣᠨ ᠢ ᠰᠠᠶᠢᠲᠤᠷ ᠬᠠᠮᠢᠶᠠᠷᠴᠤ᠂ ᠠᠰᠠᠭᠤᠳᠠᠯ ᠢ ᠦᠳᠲᠡᠷ ᠲᠦᠷᠭᠡᠨ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠰᠢᠨ᠎ᠡ ᠠᠰᠠᠭᠤᠳᠠᠯ ᠭᠠᠷᠬᠤ ᠶᠢ ᠡᠷᠡᠰ ᠬᠤᠷᠢᠭᠯᠠᠨ᠎ᠠ ᠭᠡᠵᠡᠶ︔ ᠡᠭᠦᠨ ᠤ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠳᠤᠷᠠᠭᠰᠠᠨ ᠬᠦᠴᠦᠨ ᠢ ᠪᠦᠷᠢᠯᠳᠦᠭᠦᠯᠵᠦ᠂ ᠠᠷᠭ᠎ᠠ ᠬᠡᠮᠵᠢᠶ᠎ᠡ ᠠᠪᠴᠤ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ ᠭᠡᠵᠡᠢ᠃
W020241011597045245229.jpg
    ᠮᠠ ᠴᠢᠶᠠᠩ᠂ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠴᠠᠭᠠᠵᠠᠯᠠᠭᠰᠠᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢ ᠰᠡᠷᠭᠦᠭᠡᠭᠰᠡᠨ ᠦᠷ᠎ᠡ ᠪᠦᠲᠦᠮᠵᠢ ᠢᠯᠡᠳᠲᠡ ᠪᠠᠶᠢᠨ᠎ᠠ᠂ ᠭᠡᠪᠡᠴᠦ ᠪᠠᠰᠠ ᠵᠠᠷᠢᠮ ᠠᠰᠠᠭᠤᠳᠠᠯ ᠢ ᠴᠢᠬᠤᠯᠠᠴᠢᠯᠠᠨ ᠦᠵᠡᠬᠦ ᠬᠡᠷᠡᠭᠲᠡᠶ᠃ ᠪᠢᠲᠡᠭᠦᠮᠵᠢᠯᠡᠨ ᠬᠠᠮᠠᠭᠠᠯᠠᠬᠤ ᠪᠣᠯ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠶᠢᠨ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠡᠯ᠎ᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠷᠢᠭ᠎ᠠ ᠱᠤᠭᠤᠮ ᠢ ᠪᠠᠲᠤ ᠰᠠᠬᠢᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠴᠠᠭᠠᠵᠠᠯᠠᠭᠰᠠᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠡᠯᠡᠰᠦᠷᠬᠡᠭᠵᠢᠭᠰᠡᠨ ᠭᠠᠵᠠᠷ ᠰᠢᠷᠣᠶ ᠎ ᠶᠢ ᠪᠢᠲᠡᠭᠦᠮᠵᠢᠯᠡᠨ ᠴᠠᠭᠠᠵᠠᠯᠠᠭᠰᠠᠨ ᠬᠠᠮᠠᠭᠠᠯᠠᠯᠲᠠ ᠶᠢᠨ ᠣᠷᠣᠨ ᠤ ᠬᠢᠨᠠᠨ ᠪᠤᠳᠤᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠠᠵᠢᠯ︾᠎ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠦᠴᠦ ᠪᠠᠨ ᠬᠠᠮᠲᠤᠳᠬᠠᠨ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠭᠤᠯᠤᠨ᠂ ︽ᠬᠦᠴᠢᠷ ᠠᠰᠠᠭᠤᠳᠠᠯ︾᠎ ᠢ ᠰᠢᠪᠲᠤᠯᠬᠤ ᠬᠡᠷᠡᠭᠲᠡᠶ᠃ ᠬᠠᠷᠢᠶ᠎ᠠ ᠭᠠᠵᠠᠷ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠰᠠᠯᠠᠭ᠎ᠠ ᠮᠥᠴᠢᠷ ᠤᠨ ᠬᠠᠮᠲᠤᠷᠠᠭᠰᠠᠨ ᠬᠦᠴᠦᠨ ᠢ ᠪᠣᠶ ᠪᠣᠯᠭᠠᠬᠤ ᠬᠡᠷᠡᠭᠲᠡᠶ᠃ ᠬᠠᠮᠢᠶ᠎ᠠ ᠪᠥᠬᠦᠶ ᠠᠰᠠᠭᠤᠳᠠᠯ ᠤᠨ ᠲᠤᠬᠠᠶ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠡᠶᠢᠮᠦᠷᠬᠦ ᠠᠰᠠᠭᠤᠳᠠᠯ ᠤᠨ ᠳᠠᠬᠢᠨ ᠢᠯᠡᠷᠡᠬᠦ ᠠᠴᠠ ᠡᠷᠡᠰ ᠵᠠᠶᠢᠯᠠᠰᠬᠢᠵᠦ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠡᠢ᠃
W020241011597045261045.jpg
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号