ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠡᠪᠡᠰᠦᠨ ᠦᠷ᠎ᠡ ᠶᠢᠨ ᠰᠠᠭᠤᠷᠢᠨ ᠭᠠᠵᠠᠷ ᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/10/17
   ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠡᠪᠡᠰᠦᠨ ᠦᠷ᠎ᠡ ᠶᠢᠨ ᠰᠠᠭᠤᠷᠢᠨ ᠭᠠᠵᠠᠷ ᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ ᠶᠠᠪᠤᠭᠳᠠᠭᠤᠯᠵᠤ ᠪᠤᠢ    ᠡᠪᠡᠰᠦᠨ ᠦᠷ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠨ᠂ ︽ᠤᠮᠠᠷᠠᠲᠤ ᠶᠢᠨ ᠭᠤᠷᠪᠠᠨ ᠤᠷᠤᠨ︾ ᠵᠡᠷᠭᠡ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠡᠪᠡᠰᠦᠨ ᠦᠷ᠎ᠡ ᠶᠢᠨ ᠬᠠᠩᠭᠠᠯᠭ᠎ᠠ ᠶᠢ ᠪᠠᠲᠤᠯᠠᠬᠤ ᠶᠢᠨ ᠲᠤᠰᠠᠳᠠ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠪᠦᠬᠦ ᠣᠷᠣᠨ ᠤ ᠡᠪᠡᠰᠦᠨ ᠦᠷ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ ᠶᠠᠪᠤᠭᠳᠠᠭᠤᠯᠤᠨ᠎ᠠ᠃ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠭᠠᠵᠠᠷ᠂ ᠦᠷ᠎ᠡ ᠴᠢᠬᠢ ᠶᠢᠨ ᠶᠡᠷᠦᠩᠬᠡᠶ ᠥᠷᠲᠡᠭᠡ ᠨᠢ ᠲᠤᠬᠠᠶᠢᠯᠠᠭᠰᠠᠨ ᠠᠵᠢᠯ ᠤᠨ ᠭᠤᠤᠯᠯᠠᠭᠴᠢ ᠪᠠᠨ ᠰᠣᠩᠭᠤᠨ ᠭᠠᠷᠭᠠᠵᠤ ᠬᠢᠨᠠᠨ ᠪᠠᠶᠢᠴᠠᠭᠠᠵᠤ ᠰᠢᠯᠭᠠᠨ ᠠᠪᠬᠤ ᠳᠤᠭᠤᠶᠢᠯᠠᠩ ᠪᠠᠶᠢᠭᠤᠯᠵᠤ᠂ ᠭᠤᠷᠪᠠᠳᠠᠬᠢ ᠡᠲᠡᠭᠡᠳ ᠤᠨ ᠲᠤᠰᠬᠠᠶ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠤᠷᠢᠵᠤ᠂ ᠬᠤᠰᠢᠭᠤ ᠰᠢᠶᠠᠨ ᠤ ᠰᠢᠯᠭᠠᠨ ᠪᠠᠶᠢᠴᠠᠭᠠᠯᠳᠠ᠂ ᠠᠶᠢᠮᠠᠭ ᠬᠤᠲᠠ ᠶᠢᠨ ᠰᠢᠯᠭᠠᠨ ᠪᠠᠶᠢᠴᠠᠭᠠᠯᠳᠠ᠂ ᠥᠪᠡᠷᠲᠡᠭᠡᠨ ᠵᠠᠰᠠᠬᠤ ᠣᠷᠣᠨ ᠤ ᠳᠠᠬᠢᠨ ᠰᠢᠯᠭᠠᠨ ᠪᠠᠶᠢᠴᠠᠭᠠᠯᠳᠠ ᠶᠢᠨ ᠲᠠᠰ ᠳᠠᠷᠠᠭᠠᠯᠠᠯ ᠶᠣᠰᠣᠭᠠᠷ᠂ ᠵᠢᠯᠣᠭᠤᠴᠢ ᠥᠬᠡᠶ ᠨᠢᠰᠬᠡᠯ ᠤᠨ ᠬᠢᠨᠠᠨ ᠬᠡᠮᠵᠢᠯᠲᠡ᠂ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠬᠤ ᠪᠠ ᠲᠠᠩᠰᠠ ᠡᠪᠬᠡᠮᠡᠯ ᠢ ᠪᠠᠶᠢᠴᠠᠭᠠᠨ ᠦᠵᠡᠬᠦ ᠶᠢ ᠤᠶᠠᠯᠳᠤᠭᠤᠯᠬᠤ ᠠᠷᠭ᠎ᠠ ᠪᠠᠷ᠂ 2024 ᠣᠨ ᠤ ᠰᠢᠨ᠎ᠡ ᠪᠠᠷ ᠪᠠᠶᠢᠭᠤᠯᠤᠭᠰᠠᠨ ᠡᠪᠡᠰᠦᠨ ᠦᠷ᠎ᠡ ᠶᠢᠨ ᠰᠠᠭᠤᠷᠢᠨ ᠭᠠᠵᠠᠷ ᠢ ᠪᠥᠬᠦ ᠲᠠᠯ᠎ᠠ ᠪᠠᠷ ᠬᠢᠨᠠᠨ ᠪᠠᠶᠢᠴᠠᠭᠠᠵᠤ᠂ ᠦᠭᠡᠷᠡᠴᠢᠯᠡᠨ ᠰᠠᠶᠢᠵᠢᠷᠠᠭᠤᠯᠬᠤ ᠡᠪᠡᠰᠦᠨ ᠦᠷ᠎ᠡ ᠶᠢᠨ ᠰᠠᠭᠤᠷᠢᠨ ᠭᠠᠵᠠᠷ ᠢ 20 %᠎ ᠠᠴᠠ ᠳᠤᠤᠷ᠎ᠠ ᠥᠬᠡᠶ ᠬᠠᠷᠢᠴᠠᠯ ᠢᠶᠠᠷ ᠬᠢᠨᠠᠨ ᠰᠢᠯᠭᠠᠨ᠎ᠠ᠃     ᠣᠳᠣᠬᠠᠨ ᠳᠤ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠵᠡᠷᠭᠡ 4 ᠠᠶᠢᠮᠠᠭ ᠬᠤᠲᠠ ᠶᠢᠨ ᠬᠢᠨᠠᠨ ᠰᠢᠯᠭᠠᠬᠤ ᠠᠵᠢᠯ ᠢ ᠨᠢᠭᠡᠨᠲᠡ ᠪᠡᠶᠡᠯᠡᠭᠦᠯᠵᠦ᠂ ᠬᠢᠨᠠᠨ ᠰᠢᠯᠭᠠᠭᠰᠠᠨ ᠲᠠᠯᠠᠪᠠᠶ ᠨᠢ 14.14 ᠲᠦᠮᠡᠨ ᠮᠥ ᠪᠠᠶᠢᠵᠤ᠂ ᠡᠭᠦᠨ ᠳᠤ 3.23 ᠲᠦᠮᠡᠨ ᠮᠥ ᠶᠢ ᠰᠢᠨ᠎ᠡ ᠪᠠᠷ ᠪᠠᠶᠢᠭᠤᠯᠵᠤ᠂ 10.91 ᠲᠦᠮᠡᠨ ᠮᠥ ᠶᠢ ᠦᠭᠡᠷᠡᠴᠢᠯᠠᠨ ᠰᠠᠶᠢᠵᠢᠷᠠᠭᠤᠯᠪᠠ᠃ ᠬᠢᠨᠠᠨ ᠰᠢᠯᠭᠠᠬᠤ ᠠᠵᠢᠯ ᠳᠠᠭᠤᠰᠤᠭᠰᠠᠨ ᠤ ᠳᠠᠷᠠᠭ᠎ᠠ᠂ ᠠᠶᠢᠮᠠᠭ ᠬᠤᠲᠠ ᠪᠠᠷ ᠨᠢᠭᠡᠴᠢ ᠪᠣᠯᠭᠠᠨ ᠬᠢᠨᠠᠨ ᠪᠠᠶᠢᠴᠠᠭᠠᠵᠤ ᠰᠢᠯᠭᠠᠨ ᠠᠪᠤᠭᠰᠠᠨ ᠮᠡᠳᠡᠭᠦᠯᠦᠯᠲᠡ ᠭᠠᠷᠭᠠᠵᠤ᠂ ᠮᠡᠳᠡᠭᠦᠯᠦᠯᠲᠡ ᠶᠢᠨ ᠦᠷ᠎ᠡ ᠳ᠋ᠦᠩ ᠢ ᠦᠨᠳᠦᠰᠦᠯᠡᠨ  ᠪᠦᠲᠦᠭᠡᠨ ᠪᠠᠶᠢᠭᠤᠯᠤᠯᠳᠠ ᠶᠢᠨ ᠨᠢᠭᠡᠴᠡ ᠳᠤ ᠡᠪᠡᠰᠦᠨ ᠦᠷ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠰᠠᠯᠠᠮᠵᠢ ᠶᠢᠨ ᠪᠡᠯᠡ ᠮᠥᠩᠭᠦ ᠥᠭᠭᠦᠨ᠎ᠡ᠃ ᠡᠭᠦᠨ ᠤ ᠬᠠᠮᠲᠤ᠂ ᠨᠢᠭᠡᠨᠲᠡ ᠪᠠᠶᠢᠭᠤᠯᠤᠭᠰᠠᠨ ᠡᠪᠡᠰᠦᠨ ᠦᠷ᠎ᠡ ᠶᠢᠨ ᠰᠠᠭᠤᠷᠢᠨ ᠭᠠᠵᠠᠷ ᠢ ᠪᠦᠬᠦᠨ ᠢ ᠨᠠᠶᠢᠳᠠᠪᠤᠷᠢᠵᠢᠭᠤᠯᠵᠤ᠂ ᠪᠥᠬᠦ ᠣᠷᠣᠨ ᠤ ᠡᠪᠡᠰᠦᠨ ᠦᠷ᠎ᠡ ᠶᠢᠨ ᠰᠠᠭᠤᠷᠢᠨ ᠭᠠᠵᠠᠷ ᠤᠨ ᠮᠡᠳᠡᠭᠡ ᠵᠠᠩᠬᠢᠴᠢᠯᠬᠠᠰᠠᠨ ᠬᠠᠮᠢᠶᠠᠷᠤᠯᠲᠠ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠪᠡᠰᠦᠨ ᠦᠷ᠎ᠡ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ︽  ᠤᠮᠠᠷᠠᠲᠤ ᠶᠢᠨ ᠭᠤᠷᠪᠠᠨ ᠤᠷᠤᠨ︾᠎ ᠎ ᠤ ᠢᠨᠵᠧᠨᠧᠷᠢᠩ ᠤᠨ ᠰᠢᠪᠲᠤᠯᠤᠯᠲᠠ ᠶᠢ ᠰᠠᠶᠢᠲᠤᠷ ᠬᠢᠵᠦ ᠢᠯᠠᠯᠲᠠ ᠤᠯᠬᠤ ᠳᠤ ᠰᠠᠭᠤᠷᠢ ᠲᠠᠯᠪᠢᠨ᠎ᠠ᠃
W020241016345909561231.jpg
  
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号