ᠭᠡᠭᠡᠨ ᠭᠤᠣᠯ ᠬᠤᠲᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠵᠠᠢ
ᠨᠡᠶᠢᠲᠡᠯᠡᠭᠰᠡᠨ ᠴᠠᠭ᠄
2024/10/21
       ᠣᠶᠢᠷ᠎ᠠ ᠳᠤ᠂ ᠭᠡᠭᠡᠨ ᠭᠤᠤᠯ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠥ᠋ ᠽᠢ ᠮᠢᠶᠣᠣ ᠣᠶ ᠰᠢᠭᠤᠶ ᠶᠢᠨ ᠲᠠᠯᠠᠪᠠᠶ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ᠂ ᠨᠢᠭᠤᠷᠲᠠᠨ ᠶᠠᠷᠢᠯᠴᠠᠬᠤ᠂ ᠳᠣᠲᠣᠭᠠᠳᠤ ᠠᠵᠢᠯ ᠢ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠭᠤᠤᠯᠳᠠᠯᠭ᠎ᠠ ᠲᠠᠢ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠠᠴᠠ ᠳᠤᠷᠠᠳᠤᠭᠰᠠᠨ ᠨᠢ᠂ ᠲᠠᠷᠠᠭᠠᠴᠢ ᠶᠢᠨ ᠠᠵᠢᠯ ᠤᠨ ᠳᠤᠮᠳᠠ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠨ᠎ᠠ᠃ ᠤᠢ ᠰᠢᠭᠤᠢ ᠶᠢᠨ ᠳᠠᠷᠤᠭ᠎ᠠ ᠶᠢᠨ ᠲᠦᠷᠢᠮ ᠢᠶᠠᠷ ᠲᠦᠷᠦᠭᠦᠯᠡᠭᠦᠯᠦᠨ ᠡᠯ᠎ᠡ ᠲᠠᠯ᠎ᠠ ᠶᠢ ᠶᠡᠷᠦᠩᠬᠡᠶᠢᠯᠡᠨ ᠵᠣᠬᠢᠴᠠᠭᠤᠯᠬᠤ ᠶᠢ ᠠᠳᠬᠤᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠢ ᠰᠢᠭᠤᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢ ᠤᠯᠠᠮ ᠢᠯᠡᠭᠦᠦ ᠪᠣᠳᠠᠲᠠᠶᠢᠵᠢᠭᠤᠯᠵᠤ᠂ ᠤᠢ ᠰᠢᠭᠤᠢ ᠶᠢᠨ ᠳᠠᠷᠤᠭ᠎ᠠ ᠶᠢᠨ ᠤᠢ ᠰᠢᠭᠤᠢ ᠶᠢ ᠲᠣᠭᠤᠷᠢᠨ ᠪᠠᠶᠢᠴᠠᠭᠠᠬᠤ᠂ ᠤᠢ ᠰᠢᠭᠤᠢ ᠶᠢᠨ ᠳᠠᠷᠤᠭ᠎ᠠ ᠶᠢᠨ ᠬᠤᠷᠠᠯ᠂ ᠤᠢ ᠰᠢᠭᠤᠢ ᠶᠢᠨ ᠳᠠᠷᠤᠭ᠎ᠠ ᠶᠢᠨ ᠲᠤᠰᠬᠠᠢ ᠰᠡᠳᠦᠪᠲᠦ ᠬᠤᠷᠠᠯ ᠵᠡᠷᠭᠡ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠷᠢᠭᠤᠴᠠᠯᠭᠠᠲᠤ ᠣᠷᠣᠨ ᠪᠦᠰᠡ ᠶᠢᠨ ᠤᠢ ᠰᠢᠭᠤᠢ ᠡᠪᠡᠰᠦ ᠪᠡᠯᠴᠢᠭᠡᠷ ᠤᠨ ᠴᠡᠴᠡᠷᠯᠢᠭ ᠤᠨ ᠬᠠᠮᠠᠭᠠᠯᠠᠯᠲᠠ ᠬᠥᠭᠵᠢᠯᠲᠡ ᠶᠢᠨ ᠳᠤᠮᠳᠠᠬᠢ ᠪᠣᠭᠤᠮᠢ᠂ ᠲᠦᠭᠵᠢᠷᠡᠯ᠂ ᠳᠤᠲᠠᠭᠤᠳᠠᠯ ᠪᠠ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ︔ ᠬᠠᠮᠲᠤᠷᠠᠨ ᠪᠠᠶᠢᠴᠠᠭᠠᠵᠤ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠵᠡᠷᠭᠡ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠶ︔ ᠡᠬᠢ ᠪᠠᠶᠠᠯᠢᠭ ᠢ ᠦᠷᠭᠦᠯᠵᠢᠯᠡᠨ ᠬᠦᠴᠦᠲᠡᠶ ᠬᠠᠮᠢᠶᠠᠷᠤᠨ ᠬᠠᠮᠠᠭᠠᠯᠠᠬᠤ ᠪᠠᠷ ᠳᠠᠮᠵᠢᠨ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ︔ ᠤᠢ ᠰᠢᠭᠤᠢ ᠶᠢᠨ ᠳᠠᠷᠤᠭ᠎ᠠ ᠶᠢᠨ ᠲᠦᠷᠢᠮ ᠢᠶᠠᠷ ᠲᠦᠷᠦᠭᠦᠯᠡᠭᠦᠯᠦᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢ ᠰᠠᠶᠢᠲᠤᠷ ᠠᠰᠢᠭᠯᠠᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠭᠡᠭᠡᠨ ᠭᠤᠣᠯ ᠬᠤᠳᠠ ᠶᠢᠨ ᠤᠢ ᠰᠢᠭᠤᠢ ᠡᠪᠡᠰᠦ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃   
 
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号