ᠰᠢ ᠶᠢᠨ ᠫᠢᠩ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠠᠭᠤᠯᠵᠠᠯᠲᠠ ᠬᠢᠪᠡ
ᠨᠡᠶᠢᠲᠡᠯᠡᠭᠰᠡᠨ ᠴᠠᠭ᠄
2024/10/24
          ᠰᠢᠨᠬᠤᠸᠠ ᠬᠤᠷᠢᠶ᠎ᠠ ᠶᠢᠨ ᠤᠷᠤᠰ ᠤᠨ ᠺᠠᠽᠠᠨ ᠤ 10 ᠰᠠᠷ᠎ᠠ ᠶᠢᠨ 22᠎ ᠤᠨ ᠴᠠᠭᠢᠯᠭᠠᠨ ᠮᠡᠳᠡᠭᠡ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ᠄ ᠬᠤᠤ ᠸᠧᠢ ᠸᠧᠢ ᠬᠤᠸᠠᠩ ᠾᠧ︶ ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 22᠎ ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠽᠠᠨ ᠤ ᠺᠧᠷᠮᠠᠯᠢ ᠣᠷᠳᠣᠨ ᠳᠤ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠠᠭᠤᠯᠵᠠᠯᠲᠠ ᠬᠢᠪᠡ᠃
3.jpg
    ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 22᠎ ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠽᠠᠨ ᠤ ᠺᠧᠷᠮᠠᠯᠢ ᠣᠷᠳᠣᠨ ᠳᠤ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠠᠭᠤᠯᠵᠠᠯᠲᠠ ᠬᠢᠪᠡ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠬᠠᠢ ᠲᠤᠤ ᠰᠡᠭᠦᠳᠡᠷᠯᠡᠪᠡ    ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠷᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠣᠨ᠎ᠠ᠃ 75 ᠵᠢᠯ ᠤᠨ ᠲᠤᠷᠰᠢ᠂ ᠳᠤᠮᠳᠠᠳᠤ ᠤᠷᠤᠰ ᠤᠨ ᠬᠠᠷᠢᠯᠴᠠᠭ᠎ᠠ ᠰᠠᠯᠬᠢ ᠪᠣᠷᠣᠭᠠᠨ ᠢ ᠰᠥᠷᠦᠨ ᠤᠷᠤᠭᠰᠢᠯᠠᠵᠤ᠂ ︽ᠬᠤᠯᠪᠤᠭ᠎ᠠ ᠪᠠᠶᠢᠭᠤᠯᠬᠤ ᠦᠭᠡᠢ᠂ ᠡᠰᠡᠷᠭᠦᠴᠡᠯᠳᠦᠬᠦ ᠦᠭᠡᠢ᠂ ᠭᠤᠷᠪᠠᠳᠤᠭᠠᠷ ᠡᠲᠡᠭᠡᠳ ᠲᠤ ᠴᠢᠭᠯᠡᠭᠦᠯᠬᠦ ᠦᠭᠡᠢ︾ ᠬᠥᠷᠰᠢ ᠵᠡᠷᠭᠡᠯᠡᠳᠡᠭᠡ ᠲᠣᠮᠣ ᠤᠯᠤᠰ ᠤᠨ ᠵᠥᠪ ᠢᠶᠠᠷ ᠬᠠᠷᠢᠯᠴᠠᠬᠤ ᠵᠠᠮ ᠢ ᠬᠠᠶᠢᠨ ᠰᠦᠪᠡᠭᠴᠢᠯᠡᠵᠦ ᠭᠠᠷᠭᠠᠪᠠ᠃ ᠬᠤᠶᠠᠷ ᠲᠠᠯ᠎ᠠ ᠪᠠᠷ ᠢᠶᠠᠨ ᠥᠨᠢ ᠡᠭᠦᠷᠢᠳᠡ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ᠂ ᠬᠠᠷᠢᠯᠴᠠᠨ ᠠᠰᠢᠭᠲᠠᠢ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠵᠣᠷᠢᠭ ᠰᠠᠨᠠᠭ᠎ᠠ ᠶᠢ ᠪᠠᠷᠢᠮᠲᠠᠯᠠᠵᠤ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠣᠯᠣᠨ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ ᠥᠷᠭᠡᠳᠬᠡᠵᠦ᠂ ᠬᠤᠶᠠᠷ ᠤᠯᠤᠰ ᠤᠨ ᠬᠥᠭᠵᠢᠯ ᠮᠠᠨᠳᠤᠯ ᠪᠣᠯᠣᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠳᠤᠮᠳᠠᠳᠤ ᠤᠷᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠣᠳᠣᠬᠠᠨ ᠳᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠣᠷᠣᠰᠢᠵᠤ᠂ ᠳᠡᠯᠡᠬᠡᠢ ᠶᠢᠨ ᠪᠠᠶᠢᠳᠠᠯ ᠡᠭᠡᠳᠡᠷᠡᠭᠡᠨ ᠪᠤᠳᠤᠯᠢᠶᠠᠨᠲᠠᠢ ᠪᠣᠯᠵᠤ ᠪᠠᠶᠢᠨ᠎ᠠ᠂ ᠭᠡᠪᠡᠴᠦ ᠳᠤᠮᠳᠠᠳᠤ ᠤᠷᠤᠰ ᠤᠨ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠭᠦᠨ ᠵᠤᠵᠠᠭᠠᠨ ᠨᠥᠬᠦᠷᠯᠡᠯ ᠬᠤᠪᠢᠷᠠᠬᠤ ᠦᠭᠡᠢ᠂ ᠨᠡᠶᠢᠭᠡᠮ ᠳᠤ ᠲᠤᠰᠠ ᠬᠢᠬᠦ ᠲᠣᠮᠣ ᠤᠯᠤᠰ ᠤᠨ ᠡᠭᠦᠷᠭᠡᠯᠡᠯ ᠬᠤᠪᠢᠷᠠᠬᠤ ᠦᠭᠡᠢ ᠶᠤᠮ᠃ ᠬᠡᠳᠦ᠋ᠢᠪᠡᠷ ᠨᠠᠷᠢᠨ ᠪᠤᠳᠤᠯᠢᠶᠠᠨᠲᠠᠢ ᠭᠠᠳᠠᠭᠠᠳᠤ ᠣᠷᠴᠢᠨ ᠤ ᠪᠠᠶᠢᠳᠠᠯ ᠳᠤ ᠲᠤᠯᠭᠠᠷᠠᠭᠰᠠᠨ ᠪᠤᠯᠪᠠᠴᠤ ᠬᠤᠶᠠᠷ ᠤᠯᠤᠰ ᠤᠨ ᠠᠷᠠᠯᠵᠢᠶ᠎ᠠ ᠵᠡᠷᠭᠡ ᠡᠯ᠎ᠡ ᠬᠦᠷᠢᠶᠡᠨ ᠤ ᠬᠠᠮᠲᠤᠷᠠᠯᠴᠠᠭ᠎ᠠ ᠢᠳᠡᠪᠬᠢᠲᠡᠢ ᠠᠬᠢᠵᠤ᠂ ᠲᠣᠮᠣ ᠭᠡᠯᠪᠡᠷᠢ ᠶᠢᠨ ᠬᠠᠮᠲᠤᠷᠠᠯᠴᠠᠭᠠᠨ ᠤ ᠲᠦᠷᠦᠯ ᠵᠦᠢᠯ ᠢ ᠲᠣᠭᠲᠠᠭᠤᠨ ᠢᠶᠠᠷ ᠠᠵᠢᠯᠯᠠᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢᠨ ᠭᠦᠨᠵᠡᠭᠡᠢ ᠵᠣᠯᠭᠠᠯᠴᠠᠭ᠎ᠠ ᠶᠢ ᠦᠷᠭᠦᠯᠵᠢᠯᠡᠨ ᠠᠬᠢᠭᠤᠯᠵᠤ᠂ ᠲᠣᠰ ᠲᠣᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠥᠳᠡᠯᠭᠡᠬᠦ ᠬᠦᠴᠦᠨ ᠤ ᠲᠤᠯᠭᠠᠭᠤᠷᠢᠯᠠᠯ ᠬᠠᠩᠭᠠᠶ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠢᠷᠡᠬᠦ ᠵᠢᠯ ᠪᠣᠯ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠪᠤᠯᠬᠤ ᠪᠥᠭᠡᠳ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 80 ᠵᠢᠯ ᠤᠨ ᠤᠢ ᠪᠣᠯᠣᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠭᠢᠯᠡᠭᠴᠢ ᠤᠯᠤᠰ ᠪᠠ ᠳᠡᠯᠡᠬᠡᠢ ᠶᠢᠨ ᠭᠤᠣᠯ ᠪᠤᠯᠬᠤ ᠲᠣᠮᠣ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠤᠷᠤᠰ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯ᠎ᠠ ᠶᠢᠨ ᠪᠣᠷᠣ ᠲᠥᠯᠥᠪ ᠤᠨ ᠳᠣᠲᠣᠷ᠎ᠠ ᠣᠯᠣᠯᠴᠠᠭ᠎ᠠ ᠵᠣᠬᠢᠴᠠᠭᠤᠯᠭ᠎ᠠ ᠪᠠᠨ ᠨᠢᠭᠲᠠᠷᠠᠭᠤᠯᠵᠤ᠂ ᠳᠡᠯᠡᠬᠡᠢ ᠶᠢᠨ ᠬᠤᠶᠠᠳᠤᠭᠠᠷ ᠶᠡᠭᠡ ᠳᠠᠶᠢᠨ ᠤ ᠵᠥᠪ ᠲᠡᠦᠬᠡ ᠶᠢᠨ ᠦᠵᠡᠯᠲᠡ ᠶᠢ ᠪᠠᠳᠠᠷᠠᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠡᠷᠡᠰ ᠬᠠᠮᠠᠭᠠᠯᠠᠵᠤ᠂ ᠪᠦᠭᠦ ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠢ ᠬᠠᠮᠲᠤ ᠪᠠᠷ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠶ᠎ᠠ ᠭᠡᠵᠦ ᠴᠢᠬᠤᠯᠠᠴᠢᠯᠠᠪᠠ᠃
W020241023359064536034.jpg
    ᠰᠢ ᠶᠢᠨ ᠫᠢᠩ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠪᠣᠯ ᠣᠳᠣᠬᠠᠨ ᠤ ᠳᠡᠯᠡᠬᠡᠢ ᠶᠢᠨ ᠬᠠᠮᠤᠭ ᠤᠨ ᠴᠢᠬᠤᠯᠠ ᠰᠢᠨ᠎ᠡ ᠪᠠᠷ ᠮᠠᠨᠳᠤᠵᠤ ᠪᠠᠶᠢᠭ᠎ᠠ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠨ ᠬᠠᠮᠲᠤᠷᠠᠯᠴᠠᠬᠤ ᠲᠠᠪᠴᠠᠩ ᠪᠣᠯᠣᠨ᠎ᠠ᠃ ᠤᠷᠤᠰ ᠤᠨ ᠬᠢᠨ ᠤ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠲᠤᠰ ᠤᠳᠠᠭ᠎ᠠ ᠶᠢᠨ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ ᠳᠤ ᠬᠢᠭᠰᠡᠨ ᠠᠵᠢᠯ ᠢ ᠳᠤᠮᠳᠠᠳᠤ ᠶᠢᠨ ᠲᠠᠯ᠎ᠠ ᠶᠢᠨ ᠬᠢᠨ ᠳᠡᠭᠡᠳᠦ ᠬᠡᠮᠵᠢᠶ᠎ᠡ ᠪᠠᠷ ᠦᠨᠡᠯᠡᠵᠦ᠂ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠲᠠᠢ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠶᠢᠨ ᠢᠷᠡᠭᠡᠳᠦᠢ ᠶᠢᠨ ᠬᠥᠭᠵᠢᠯᠲᠡ ᠶᠢ ᠭᠦᠨᠵᠡᠭᠡᠢ ᠰᠤᠳᠤᠯᠤᠨ ᠶᠠᠷᠢᠯᠴᠠᠵᠤ᠂ ᠡᠯ᠎ᠡ ᠲᠠᠯ᠎ᠠ ᠶᠢᠨ ᠬᠢᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢ ᠠᠬᠢᠭᠤᠯᠵᠤ᠂ ᠪᠦᠯᠬᠦᠮᠳᠡᠨ ᠬᠠᠮᠲᠤᠷᠠᠯᠴᠠᠬᠤ ᠢᠳᠡᠪᠬᠢᠲᠡᠢ ᠳᠣᠬᠢᠶ᠎ᠠ ᠶᠢ ᠳᠠᠮᠵᠢᠭᠤᠯᠵᠤ᠂ ᠠᠯᠳᠠᠨ ᠲᠣᠭᠤᠰᠭ᠋᠎ᠠ ᠤᠯᠤᠰ ᠤᠳ ᠤᠨ ᠡᠯ᠎ᠡ ᠬᠦᠷᠢᠶᠡᠨ ᠤ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠣᠯᠣᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠲᠤ ᠨᠡᠩ ᠤᠯᠠᠨ ᠰᠢᠨ᠎ᠡ ᠠᠵᠠ ᠲᠣᠭᠢᠶᠠᠯ ᠣᠯᠭᠤᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠫᠦᠲ᠋ᠢᠨ᠂ ᠲᠦᠷᠦᠭᠦᠬᠡᠨ ᠪᠢᠳᠡ ᠤᠷᠤᠰ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠬᠠᠮᠲᠤ ᠪᠠᠷ ᠪᠡᠯᠭᠡᠯᠡᠪᠡ᠃ 75 ᠵᠢᠯ ᠤᠨ ᠲᠤᠷᠰᠢ᠂ ᠣᠷᠣᠰ ᠳᠤᠮᠳᠠᠳᠤ ᠨᠢᠭᠡᠨᠲᠡ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠪᠣᠯᠵᠤ᠂ ᠬᠤᠶᠠᠷ ᠤᠯᠤᠰ ᠤᠨ ᠬᠠᠷᠢᠯᠴᠠᠭ᠎ᠠ ᠥᠨᠳᠥᠷ ᠲᠦᠪᠰᠢᠨ ᠪᠦᠬᠦᠢ ᠬᠥᠭᠵᠢᠯᠲᠡ ᠪᠠᠨ ᠪᠠᠲᠤᠯᠠᠵᠤ᠂ ᠰᠢᠨ᠎ᠡ ᠭᠡᠯᠪᠡᠷᠢ ᠶᠢᠨ ᠲᠣᠮᠣ ᠤᠯᠤᠰ ᠤᠨ ᠬᠠᠷᠢᠯᠴᠠᠭ᠎ᠠ ᠶᠢᠨ ᠥᠯᠢᠭᠡᠷ ᠳᠠᠭᠤᠷᠢᠶᠠᠯ ᠢ ᠪᠤᠶ ᠪᠣᠯᠭᠠᠪᠠ᠃ ᠤᠷᠤᠰ ᠳᠤᠮᠳᠠᠳᠤ ᠶᠢᠨ ᠬᠠᠮᠲᠤᠷᠠᠯᠴᠠᠭ᠎ᠠ ᠡᠷᠬᠡ ᠲᠡᠭᠰᠢ᠂ ᠬᠠᠷᠢᠯᠴᠠᠨ ᠬᠦᠨᠳᠦᠳᠬᠡᠬᠦ ᠪᠠ ᠬᠠᠷᠢᠯᠴᠠᠨ ᠠᠰᠢᠭᠲᠠᠢ ᠬᠠᠷᠢᠯᠴᠠᠨ ᠬᠠᠷᠠᠭᠠᠯᠵᠠᠬᠤ ᠳᠤ ᠰᠠᠭᠤᠷᠢᠯᠠᠭᠰᠠᠨ ᠶᠤᠮ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠣᠳᠣᠬᠠᠨ ᠳᠤ ᠬᠤᠶᠠᠷ ᠤᠯᠤᠰ ᠤᠨ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠷᠭᠦᠯᠵᠢᠯᠡᠨ ᠠᠬᠢᠵᠤ᠂ ᠤᠷᠤᠰ ᠳᠤᠮᠳᠠᠳᠤ ᠶᠢᠨ ᠰᠣᠶᠣᠯ ᠤᠨ ᠣᠨ ᠤ ᠡᠯ᠎ᠡ ᠵᠦᠢᠯ ᠤᠨ ᠠᠵᠢᠯᠯᠠᠭ᠎ᠠ ᠤᠷᠤᠭᠰᠢᠲᠠᠢ ᠶᠠᠪᠤᠭᠳᠠᠪᠠ᠃ ᠤᠷᠤᠰ ᠤᠨ ᠬᠢᠨ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠢᠷᠡᠬᠦ ᠵᠢᠯ ᠪᠣᠯ ᠳᠡᠯᠡᠬᠡᠢ ᠶᠢᠨ ᠬᠤᠶᠠᠳᠤᠭᠠᠷ ᠲᠠᠶᠢᠨ ᠳᠠᠭᠤᠰᠤᠭᠰᠠᠨ 80 ᠵᠢᠯ ᠤᠨ ᠤᠢ ᠪᠣᠯᠣᠨ᠎ᠠ᠃ ᠤᠷᠤᠰ ᠳᠤᠮᠳᠠᠳᠤ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠣᠯᠬᠤ ᠳᠤ ᠯᠤᠲᠤ ᠶᠡᠭᠡ ᠦᠷᠡᠭᠳᠡᠯ ᠭᠠᠷᠭᠠᠪᠠ᠂ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠡᠨᠡ ᠬᠦ ᠴᠢᠬᠤᠯᠠ ᠵᠠᠩᠭᠢᠯᠠᠭ᠎ᠠ ᠶᠢᠨ ᠴᠠᠭ ᠢ ᠳᠤᠷᠠᠰᠬᠠᠨ᠎ᠠ᠃ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠵᠢᠴᠢ ᠳᠡᠯᠡᠬᠡᠢ ᠶᠢᠨ ᠬᠡᠷᠡᠭ ᠶᠠᠪᠤᠳᠠᠯ ᠳᠠᠬᠢ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠬᠠᠮᠵᠢᠯᠴᠠᠭ᠎ᠠ ᠪᠠᠨ ᠦᠷᠭᠦᠯᠵᠢᠯᠡᠨ ᠨᠢᠭᠲᠠᠷᠠᠭᠤᠯᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠪᠣᠯᠣᠨ ᠪᠦᠭᠦ ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ᠃ ᠤᠷᠤᠰ ᠤᠨ ᠬᠢᠨ ᠤ ᠠᠯᠳᠠᠨ ᠲᠣᠭᠤᠰᠭ᠋᠎ᠠ ᠤᠯᠤᠰ ᠤᠳ ᠤᠨ ᠲᠡᠷᠢᠭᠦᠯᠡᠭᠴᠢ ᠤᠯᠤᠰ ᠤᠨ ᠲᠤᠰᠢᠶᠠᠯ ᠢ ᠬᠠᠷᠢᠭᠤᠴᠠᠵᠤ ᠪᠠᠶᠢᠭᠰᠠᠨ ᠬᠤᠭᠤᠴᠠᠭᠠᠨ ᠳᠤ ᠲᠤᠮᠳᠠᠳᠤ ᠤᠯᠤᠰ ᠬᠦᠴᠦᠲᠡᠢ ᠳᠡᠮᠵᠢᠯᠭᠡ ᠬᠠᠩᠭᠠᠭᠰᠠᠨ ᠳᠤ ᠲᠠᠯᠠᠷᠬᠠᠵᠤ ᠪᠠᠶᠢᠨ᠎ᠠ᠂ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠬᠠᠮᠵᠢᠯᠴᠠᠵᠤ᠂ ᠠᠯᠳᠠᠨ ᠲᠣᠭᠤᠰᠭ᠋᠎ᠠ ᠤᠯᠤᠰ ᠤᠳ ᠤᠨ ᠪᠦᠷᠢᠯᠳᠦᠭᠦᠨ ᠢᠶᠠᠨ ᠥᠷᠭᠡᠳᠬᠡᠭᠰᠡᠨ ᠤ ᠳᠠᠷᠠᠭᠠᠬᠢ ᠠᠩᠬᠠᠳᠠᠭᠴᠢ ᠤᠳᠤᠷᠢᠳᠬᠤ ᠬᠥᠮᠥᠰ ᠤᠨ ᠠᠭᠤᠯᠵᠠᠯᠲᠠ ᠶᠢᠨ ᠠᠮᠵᠢᠯᠲᠠ ᠣᠯᠬᠤ ᠶᠢ ᠦᠨᠡᠨ ᠬᠦ ᠪᠠᠲᠤᠯᠠᠵᠤ᠂ ︽ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ︾ ᠲᠠᠰᠤᠷᠠᠯᠳᠠ ᠦᠭᠡᠢ ᠢᠳᠡᠪᠬᠢᠲᠡᠢ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃    ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃    ᠼᠠᠢ ᠴᠢ᠂ ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃   
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号