| | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠭᠢᠯᠡᠨ | ᠬᠤᠷᠠᠯᠳᠤᠭᠤᠯᠤᠭᠰᠠᠨ ᠪᠦᠭᠦ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ | ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠲᠦᠷᠦᠭᠦᠦ ᠭᠤᠷᠪᠠᠨ | ᠤᠯᠠᠷᠢᠯ ᠳᠤ ᠪᠦᠭᠦ ᠣᠷᠣᠨ ᠤ ᠮᠠᠯ ᠠᠵᠤ ᠠᠬᠤᠢ ᠲᠠᠷᠢᠶᠠᠯᠠᠩ ᠣᠶ ᠰᠢᠭᠤᠢ ᠵᠢᠭᠠᠰᠤᠨ ᠤ ᠦᠢᠯᠡᠰ ᠤᠨ ᠨᠡᠮᠡᠭᠳᠡᠯ | ᠥᠷᠲᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠭᠰᠡᠨ ᠪᠠᠶᠢᠨ᠎ᠠ᠃ ᠡᠨᠡ ᠵᠢᠯ ᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠮᠠᠯ ᠠᠵᠤ ᠠᠬᠤᠢ | ᠲᠠᠷᠢᠶᠠᠯᠠᠩ ᠤᠨ ᠬᠥᠭᠵᠢᠭᠦᠯᠦᠯᠲᠡ ᠳᠤ ᠣᠳᠣᠬᠢᠴᠢᠯᠠᠭᠰᠠᠨ ᠶᠡᠭᠡ ᠠᠵᠤ ᠦᠢᠯᠡᠰ ᠢ ᠴᠣᠭᠴᠠᠯᠠᠬᠤ᠂ ᠠᠵᠤ | ᠦᠢᠯᠡᠰ ᠤᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠨ ᠬᠦᠴᠦᠯᠡᠬᠦ ᠬᠡᠷᠡᠭᠲᠡᠢ︾ ᠭᠡᠵᠦ | ᠳᠤᠷᠠᠳᠴᠠᠢ᠃ ᠡᠭᠦᠨ ᠳᠤ ᠪᠦᠭᠦ ᠣᠷᠣᠨ ᠤ ᠡᠯ᠎ᠡ ᠱᠠᠲᠤ ᠶᠢᠨ ᠬᠢᠨ ᠬᠥᠷᠥᠰᠥ ᠰᠢᠷᠣᠢ ᠤᠰᠤ ᠦᠷ᠎ᠡ ᠡᠭᠦᠯᠳᠡᠷ ᠲᠤ | ᠠᠩᠬᠠᠷᠤᠯ ᠢᠶᠠᠨ ᠲᠥᠪᠯᠡᠷᠡᠭᠦᠯᠦᠨ ᠪᠣᠭᠤᠮᠢ ᠶᠢᠨ ᠠᠰᠠᠭᠤᠳᠠᠯ ᠢ ᠰᠢᠢᠳᠪᠦᠷᠢᠯᠡᠵᠦ᠂ ᠠᠮᠤ ᠪᠤᠳᠠᠭ᠎ᠠ ᠮᠢᠬ᠎ᠠ ᠰᠦ ᠶᠢᠨ | ᠦᠷ᠎ᠡ ᠠᠰᠢᠭ ᠢ ᠳᠡᠭᠡᠭᠰᠢᠯᠡᠭᠦᠯᠦᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠷᠭ᠎ᠠ ᠪᠦᠭᠦᠨ ᠢ | ᠰᠦᠪᠡᠭᠴᠢᠯᠡᠨ ᠲᠤᠭ᠎ᠠ ᠬᠡᠮᠵᠢᠶ᠎ᠡ ᠶᠢ ᠥᠷᠭᠡᠳᠬᠡᠨ᠂ ᠶᠠᠰᠤ ᠴᠢᠨᠠᠷ ᠢ ᠳᠡᠭᠡᠭᠰᠢᠯᠡᠭᠦᠯᠵᠦ᠂ ᠤᠨᠠᠯᠲᠠ ᠶᠢ ᠨᠡᠮᠡᠭᠳᠡᠭᠦᠯᠦᠨ᠂ | ᠮᠠᠯ ᠠᠵᠤ ᠠᠬᠤᠢ ᠲᠠᠷᠢᠶᠠᠯᠠᠩ ᠤᠨ ᠲᠦᠪᠰᠢᠨ ᠢ ᠪᠦᠭᠦ ᠬᠦᠴᠦᠨ ᠢᠶᠠᠷ ᠢᠶᠠᠨ ᠠᠬᠢᠭᠤᠯᠪᠠ᠃ 9 ᠰᠠᠷ᠎ᠠ ᠶᠢᠨ | ᠰᠡᠭᠦᠯᠴᠢ ᠪᠤᠯᠲᠠᠯ᠎ᠠ ᠮᠠᠯ ᠠᠵᠤ ᠠᠬᠤᠢ ᠶᠢᠨ ᠦᠢᠯᠡᠳᠪᠦᠷᠢᠯᠡᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠪᠦᠭᠦ | ᠣᠷᠣᠨ ᠤ ᠲᠡᠵᠢᠭᠡᠵᠦ ᠪᠠᠶᠢᠭ᠎ᠠ ᠠᠮᠢᠳᠤ ᠭᠠᠭ᠋ᠠᠢ 634.6 ᠲᠦᠮᠡ ᠳᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 6.0% ᠪᠠᠷ ᠨᠡᠮᠡᠭᠳᠡᠪᠡ︔ ᠦᠬᠡᠷ 948.4 ᠲᠦᠮᠡ ᠳᠤ ᠬᠦᠷᠴᠦ 3% ᠪᠠᠷ | ᠨᠡᠮᠡᠭᠳᠡᠨ᠂ ᠪᠤᠭ ᠮᠠᠯ 6353.9 ᠲᠦᠮᠡ ᠳᠤ ᠬᠦᠷᠴᠦ 1.6% ᠪᠠᠷ ᠨᠡᠮᠡᠭᠳᠡᠵᠡᠢ᠃ ᠲᠦᠷᠦᠭᠦᠦ ᠭᠤᠷᠪᠠᠨ ᠤᠯᠠᠷᠢᠯ | ᠳᠤ ᠪᠦᠭᠦ ᠣᠷᠣᠨ ᠤ ᠮᠢᠬᠠᠨ ᠤ ᠭᠠᠷᠤᠯᠲᠠ 199.4 ᠲᠦᠮᠡᠨ ᠲᠣᠨ ᠳᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 5% ᠪᠠᠷ ᠨᠡᠮᠡᠭᠳᠡᠪᠡ᠃ ᠡᠭᠦᠨ ᠳᠤ ᠭᠠᠭ᠋ᠠᠢ ᠶᠢᠨ ᠮᠢᠬ᠎ᠠ᠂ ᠦᠬᠡᠷ ᠤᠨ ᠮᠢᠬ᠎ᠠ᠂ | ᠵᠢᠭᠦᠷᠲᠡᠨ ᠤ ᠮᠢᠬᠠᠨ ᠤ ᠭᠠᠷᠤᠯᠲᠠ ᠲᠣᠰ ᠲᠣᠰ 6.1%᠂ 12.7% ᠪᠠ 17.3% ᠪᠠᠷ ᠨᠡᠮᠡᠭᠳᠡᠵᠦ᠂ ᠬᠤᠨᠢ | ᠪᠠ ᠢᠮᠠᠭᠠᠨ ᠮᠢᠬᠠᠨ ᠤ ᠭᠠᠷᠤᠯᠲᠠ 2.8% ᠪᠠᠷ ᠪᠠᠭᠤᠷᠠᠭᠰᠠᠨ ᠪᠠᠶᠢᠨ᠎ᠠ᠃ | |