| | 10 ᠳ᠋ᠤᠭᠠᠷ ᠰᠠᠷ᠎ᠠ ᠶᠢᠨ 24 ᠤ ᠡᠳᠦᠷ ᠥᠪᠡᠷᠲᠡᠭᠡᠨ ᠵᠠᠰᠠᠬᠤ ᠣᠷᠣᠨ ᠤ ᠵᠢᠷᠭᠤᠭᠠᠨ ᠰᠠᠯᠠᠭ᠎ᠠ ᠮᠥᠴᠢᠷ | ᠬᠡᠷᠡᠭᠵᠢᠭᠦᠯᠬᠦ ᠨᠠᠷᠢᠨ ᠲᠦᠷᠢᠮ ᠢ ᠨᠡᠶᠢᠲᠡᠯᠡᠵᠦ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠵᠤ ᠬᠦᠴᠦ ᠪᠠᠨ | ᠬᠠᠮᠳᠤᠳᠬᠠᠨ ︽ᠤᠮᠠᠷᠠᠲᠦ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠬᠦ ᠪᠠᠷ ᠪᠠᠶᠢᠨ᠎ᠠ᠃ ᠬᠡᠷᠡᠭᠵᠢᠭᠦᠯᠬᠦ ᠨᠠᠷᠢᠨ ᠲᠦᠷᠢᠮ ᠳᠤ ᠡᠯ᠎ᠡ ᠲᠠᠯ᠎ᠠ ᠶᠢᠨ ᠬᠢᠨ ᠤ | ᠢᠳᠡᠪᠬᠢᠲᠡᠢ ᠣᠷᠣᠯᠴᠠᠬᠤ ᠶᠢ ᠵᠤᠷᠢᠭᠵᠢᠭᠤᠯᠤᠨ ᠳᠡᠮᠵᠢᠬᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠠᠵᠢᠯᠯᠠᠭᠠᠨ ᠤ ᠵᠠᠭᠪᠤᠷ ᠲᠤ ᠰᠢᠨ᠎ᠡ ᠶᠢ ᠡᠭᠦᠳᠬᠦ᠂ ︽ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ︾ ᠶᠢ | ᠶᠡᠭᠡ ᠪᠠᠷ ᠳᠡᠯᠭᠡᠷᠡᠭᠦᠯᠬᠦ᠂ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠪᠠ ︽ᠤᠷᠢᠳ ᠢᠶᠠᠷ | ᠵᠠᠷᠯᠠᠵᠤ ᠳᠠᠷᠠᠭ᠎ᠠ ᠨᠢ ᠨᠥᠬᠦᠪᠥᠷᠢᠯᠡᠬᠦ︾ ᠵᠠᠭᠪᠤᠷ ᠢ ᠰᠦᠪᠡᠭᠴᠢᠯᠡᠨ ᠦᠷᠨᠢᠭᠦᠯᠬᠦ᠂ ᠨᠡᠶᠢᠲᠡ ᠶᠢᠨ ᠠᠰᠠᠷᠠᠮᠵᠢ ᠪᠠᠷ | ᠡᠯᠡᠰᠦ ᠶᠢ ᠵᠠᠰᠠᠬᠤ ᠠᠷᠭ᠎ᠠ ᠵᠠᠮ ᠢ ᠥᠷᠭᠡᠳᠬᠡᠬᠦ ᠵᠡᠷᠭᠡ 15 ᠲᠠᠯ᠎ᠠ ᠪᠠᠷ 44 ᠵᠤᠷᠪᠤᠰ ᠨᠠᠷᠢᠯᠢᠭᠵᠢᠭᠤᠯᠤᠭᠰᠠᠨ | ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠬᠡᠷᠡᠭᠵᠢᠭᠦᠯᠬᠦ ᠭᠤᠣᠯ ᠴᠣᠭᠴᠠ᠂ ᠠᠵᠢᠯᠯᠠᠬᠤ ᠶᠠᠪᠤᠴᠠ᠂ ᠠᠵᠢᠯ ᠤᠨ | ᠱᠠᠭᠠᠷᠳᠠᠯᠭ᠎ᠠ᠂ ᠬᠦᠴᠦᠨ ᠵᠦᠢᠯ ᠤᠨ ᠪᠠᠲᠤᠯᠠᠭ᠎ᠠ᠂ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠵᠡᠷᠭᠡ ᠲᠠᠯ᠎ᠠ ᠪᠠᠷ | ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠡᠯ᠎ᠡ ᠲᠠᠯ᠎ᠠ ᠶᠢᠨ ᠬᠢᠨ ᠤ ᠬᠦᠴᠦᠨ ᠢ ᠪᠦᠲᠦᠮᠵᠢᠲᠠᠢ ᠨᠢᠭᠲᠠᠷᠠᠭᠤᠯᠵᠤ ︽ | ᠤᠮᠠᠷᠠᠲᠦ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠦᠴᠦ ᠪᠠᠨ | ᠬᠠᠮᠳᠤᠳᠬᠠᠨ ᠰᠠᠶᠢᠲᠤᠷ ᠬᠢᠬᠦ ᠪᠤᠯᠤᠨ᠎ᠠ᠃ ᠡᠨᠡ ᠵᠢᠯ ᠠᠴᠠ ᠨᠠᠭᠠᠰᠢ᠂ ᠮᠠᠨ ᠤ ᠣᠷᠣᠨ ᠤ ᠡᠯᠡᠰᠦᠷᠬᠡᠭᠵᠢᠯ ᠢ | ᠰᠡᠷᠭᠡᠶᠢᠯᠡᠵᠦ ᠡᠯᠡᠰᠦ ᠶᠢ ᠵᠠᠰᠠᠭᠰᠠᠨ ᠲᠠᠯᠠᠪᠠᠶ ᠨᠡᠶᠢᠲᠡ 1954 ᠲᠦᠮᠡᠨ ᠮᠥ ᠪᠠᠶᠢᠵᠦ᠂ ᠣᠨ ᠤ ᠶᠡᠷᠦᠩᠬᠡᠶ | ᠡᠭᠦᠷᠭᠡ ᠶᠢᠨ 1730 ᠲᠦᠮᠡᠨ ᠮᠥ ᠶᠢᠨ 113% ᠶᠢ ᠪᠡᠶᠡᠯᠡᠭᠦᠯᠵᠦ᠂ ᠡᠭᠦᠷᠭᠡ ᠪᠠᠨ ᠤᠷᠢᠳᠴᠢᠯᠠᠨ ᠳᠠᠪᠠᠭᠤᠯᠤᠨ | ᠪᠡᠶᠡᠯᠡᠭᠦᠯᠪᠡ︔ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠴᠢᠬᠤᠯᠠ ᠶᠡᠭᠡ ᠢᠨᠵᠧᠨᠧᠷᠢᠩ ᠢ | ᠬᠡᠷᠡᠭᠵᠢᠭᠦᠯᠬᠦ ᠪᠠᠷ ᠳᠠᠮᠵᠢᠭᠤᠯᠤᠨ ᠬᠥᠳᠡᠭᠡ ᠲᠣᠰᠬᠤᠨ ᠤ ᠬᠥᠳᠡᠯᠮᠦᠷᠢ ᠬᠦᠴᠦᠨ ᠪᠣᠯᠬᠤ 57164 ᠬᠥᠮᠦᠨ ᠢ | ᠲᠠᠲᠠᠨ ᠠᠵᠢᠯᠯᠠᠭᠤᠯᠵᠤ᠂ 39229 ᠲᠦᠮᠡᠨ ᠲᠥᠭᠦᠷᠢᠭ ᠤᠨ ᠬᠥᠳᠡᠯᠮᠦᠷᠢ ᠶᠢᠨ ᠬᠥᠯᠥᠰᠥ ᠣᠯᠭᠤᠮᠵᠢ ᠣᠯᠭᠤᠵᠤ᠂ | ᠬᠥᠮᠦᠨ ᠳᠤᠮᠳᠠᠴᠢ ᠶᠢᠨ ᠣᠷᠣᠯᠭ᠎ᠠ ᠶᠢ 6863 ᠲᠥᠭᠦᠷᠢᠭ ᠨᠡᠮᠡᠭᠳᠡᠭᠦᠯᠪᠡ᠃ ︵ᠣᠢ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ︶ | |