ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ︽ᠨᠠᠮ ᠤᠨ ᠪᠠᠶᠢᠭᠤᠯᠤᠯᠲᠠ ᠪᠠᠷ ᠦᠨᠳᠦᠰᠦ ᠶᠢ ᠪᠠᠲᠤᠳᠬᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠᠷ ᠬᠥᠭᠵᠢᠯᠲᠡ ᠶᠢ ᠠᠬᠢᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/31
         ᠨᠠᠮ ᠤᠨ ᠪᠠᠶᠢᠭᠤᠯᠤᠯᠲᠠ ᠶᠢᠨ ᠠᠵᠢᠯ ᠢ ᠣᠶ ᠰᠢᠭᠤᠶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠲᠠᠢ ᠭᠦᠨ ᠠᠭᠤᠰᠤᠯᠴᠠᠭᠤᠯᠬᠤ ᠶᠢᠨ ᠲᠥᠯᠥᠭᠡ᠂ ᠴᠦᠯᠯᠡᠷᠭᠡᠭᠵᠢᠯ ᠢ ᠵᠠᠰᠠᠬᠤ ᠪᠠᠷᠢᠮᠵᠢᠶ᠎ᠠ ᠶᠢ ᠤᠬᠠᠭᠤᠯᠤᠨ ᠲᠤᠤᠱᠯᠠᠭᠤᠯᠬᠤ ᠵᠢᠴᠢ ᠤᠮᠠᠷᠠᠲᠤ ᠶᠢᠨ ᠭᠤᠷᠪᠠᠨ ᠣᠷᠣᠨ ᠤ ᠢᠨᠵᠧᠨᠧᠷᠢᠩ ᠤᠨ ᠣᠷᠣᠨ ᠤ ᠦᠷ᠎ᠡ ᠪᠦᠲᠦᠮᠵᠢ ᠶᠢ ᠬᠢᠨᠠᠨ ᠬᠡᠮᠵᠢᠬᠦ ᠮᠡᠷᠭᠡᠵᠢᠯ ᠤᠨ ᠲᠤᠯᠭᠠᠭᠤᠷᠢᠯᠠᠯ ᠤᠨ ᠰᠤᠳᠤᠯᠤᠨ ᠶᠠᠷᠢᠯᠴᠠᠬᠤ ᠬᠤᠷᠠᠯ ᠲᠠᠢ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠣᠶ ᠰᠢᠭᠤᠶ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠣᠶᠢᠷ᠎ᠠ ᠳᠤ᠂ ᠥᠪᠥᠷ ᠮᠣᠩᠭᠤᠯ ᠤᠨ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠤ ᠰᠤᠳᠤᠯᠭᠠᠨ ᠬᠢᠭᠡᠳ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠭᠠᠵᠠᠷ ᠤᠨ ᠨᠠᠮ ᠤᠨ ᠡᠭᠦᠷ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠳᠤ ︽ᠨᠠᠮ ᠤᠨ ᠪᠠᠶᠢᠭᠤᠯᠤᠯᠲᠠ ᠪᠠᠷ ᠦᠨᠳᠦᠰᠦ ᠶᠢ ᠪᠠᠲᠤᠳᠬᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠᠷ ᠬᠥᠭᠵᠢᠯᠲᠡ ᠶᠢ ᠠᠬᠢᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠨᠠᠮ ᠤᠨ ᠡᠭᠦᠷ ᠤᠬᠠᠭᠤᠯᠭ᠎ᠠ ᠶᠢᠨ ᠤᠷᠢᠶ᠎ᠠ ᠡᠯᠭᠦᠬᠦ᠂ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠲᠡᠭᠦᠪᠦᠷᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠣᠶᠢᠲᠤ ᠭᠠᠵᠠᠷ ᠨᠤᠲᠤᠭ ᠪᠡᠯᠴᠢᠭᠡᠷ ᠲᠤ ᠪᠠᠶᠢᠩᠭᠤ ᠬᠡᠷᠡᠭᠯᠡᠳᠡᠭ ᠲᠥᠷᠥ ᠶᠢᠨ ᠪᠣᠳᠣᠯᠭ᠎ᠠ ᠶᠢᠨ ᠭᠠᠷ ᠠᠪᠤᠯᠭ᠎ᠠ︾ ᠵᠢᠴᠢ ︽ᠬᠠᠷ᠎ᠠ ᠵᠢᠮᠢᠰᠲᠤ ᠴᠢᠨ᠋ᠸ᠎ᠠ ᠶᠢᠨ ᠬᠠᠷᠮᠠᠭ ᠢ ᠪᠤᠶᠢᠵᠢᠭᠤᠯᠬᠤ ᠵᠢᠴᠢ ᠳᠠᠷᠢᠵᠤ ᠪᠤᠶᠢᠵᠢᠭᠤᠯᠬᠤ ᠮᠡᠷᠭᠡᠵᠢᠯ ᠤᠨ ᠭᠠᠷ ᠠᠪᠤᠯᠭ᠎ᠠ︾ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠣᠶ ᠰᠢᠭᠤᠶ ᠨᠤᠲᠤᠭ ᠪᠡᠯᠴᠢᠭᠡᠷ ᠤᠨ ᠲᠥᠷᠥ ᠶᠢᠨ ᠪᠣᠳᠣᠯᠭ᠎ᠠ᠂ ᠣᠳᠣᠬᠢ ᠪᠠᠶᠢᠳᠠᠯ ᠤᠨ ᠲᠤᠬᠠᠶ ᠲᠠᠨᠢᠯᠲᠠ ᠶᠢ ᠳᠡᠭᠡᠭᠰᠢᠯᠡᠬᠦᠯᠵᠦ᠂ ᠣᠯᠠᠨ ᠨᠡᠶᠢᠲᠡ ᠳᠤ ᠣᠶ ᠰᠢᠭᠤᠶ ᠨᠤᠲᠤᠭ ᠪᠡᠯᠴᠢᠭᠡᠷ ᠤᠨ ᠬᠠᠮᠢᠶ᠎ᠠ ᠪᠥᠬᠦᠶ ᠮᠡᠳᠡᠯᠭᠡ ᠪᠠ ᠮᠡᠳᠡᠭᠡ ᠵᠠᠩᠭᠢ ᠶᠢ ᠢᠳᠡᠪᠬᠢᠲᠡᠶ ᠳᠠᠮᠵᠢᠭᠤᠯᠪᠠ᠃     ᠲᠤᠬᠠᠶ ᠶᠢᠨ ᠲᠠᠯᠠᠪᠠᠶ ᠳᠤ ᠬᠠᠷᠢᠯᠴᠠᠨ ᠰᠤᠳᠤᠯᠤᠨ ᠶᠠᠷᠢᠯᠴᠠᠵᠤ᠂ ᠨᠠᠮ ᠤᠨ ᠭᠡᠰᠢᠭᠦᠳ ᠣᠶ ᠰᠢᠭᠤᠶ  ᠨᠤᠲᠤᠭ ᠪᠡᠯᠴᠢᠭᠡᠷ ᠤᠨ ᠲᠤᠬᠠᠶ ᠲᠥᠷᠥ ᠶᠢᠨ ᠪᠣᠳᠣᠯᠭ᠎ᠠ᠂ ᠣᠳᠣᠬᠢ ᠪᠠᠶᠢᠳᠠᠯ ᠵᠡᠷᠭᠡ ᠡᠯ᠎ᠡ ᠵᠦᠢᠯ ᠤᠨ ᠠᠰᠠᠭᠤᠳᠠᠯ ᠢ ᠬᠠᠯᠠᠭᠤᠮᠰᠤᠭ ᠢᠶᠠᠷ ᠬᠠᠷᠢᠭᠤᠯᠵᠤ᠂ ᠣᠯᠠᠨ ᠲᠦᠮᠡᠨ ᠳᠤ ᠣᠶ ᠰᠢᠭᠤᠶ ᠨᠤᠲᠤᠭ ᠪᠡᠯᠴᠢᠭᠡᠷ ᠤᠨ ᠦᠢᠯᠡᠰ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠪᠠ᠃ ᠲᠣᠰ ᠤᠳᠠᠭᠠᠨ ᠤ ︽ᠨᠠᠮ ᠤᠨ ᠪᠠᠶᠢᠭᠤᠯᠤᠯᠲᠠ ᠪᠠᠷ ᠦᠨᠳᠦᠰᠦ ᠶᠢ ᠪᠠᠲᠤᠳᠬᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠᠷ ᠬᠥᠭᠵᠢᠯᠲᠡ ᠪᠠᠨ ᠠᠬᠢᠭᠤᠯᠬᠤ︾ ᠠᠵᠢᠯᠯᠠᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠢᠯᠡᠷᠡᠭᠦᠯᠬᠦ ᠠᠴᠢᠶᠠᠯᠠᠪᠤᠷᠢ ᠪᠣᠯᠬᠤ ᠪᠠᠷ ᠪᠠᠷᠠᠬᠤ ᠥᠬᠡᠶ᠂ ᠨᠠᠩ ᠴᠤ ᠨᠠᠮ ᠤᠨ ᠪᠠᠶᠢᠭᠤᠯᠤᠯᠲᠠ ᠶᠢᠨ ᠠᠵᠢᠯ ᠢ ᠣᠶ ᠰᠢᠭᠤᠶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠲᠠᠢ ᠭᠦᠨᠵᠡᠭᠡᠶ ᠠᠭᠤᠰᠤᠯᠴᠠᠭᠤᠯᠬᠤ ᠠᠮᠢᠳᠤᠯᠢᠭ ᠢᠯᠡᠷᠡᠯ ᠪᠣᠯᠬᠤ ᠶᠤᠮ᠃ ᠡᠨᠡᠬᠦ ᠠᠵᠢᠯᠯᠠᠭ᠎ᠠ ᠨᠢ ᠤᠯᠠᠨ ᠨᠡᠶᠢᠲᠡ ᠶᠢᠨ ᠤᠢ ᠰᠢᠭᠤᠢ ᠨᠤᠲᠤᠭ ᠪᠡᠯᠴᠢᠭᠡᠷ ᠤᠨ ᠮᠡᠳᠡᠯᠭᠡ ᠶᠢᠨ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠬᠡᠢ᠂ ᠨᠡᠩ ᠴᠤ ᠪᠦᠬᠦ ᠨᠡᠶᠢᠭᠡᠮ ᠳᠤ ᠤᠢ ᠰᠢᠭᠤᠢ ᠨᠤᠲᠤᠭ ᠪᠡᠯᠴᠢᠭᠡᠷ ᠢ ᠠᠩᠬᠠᠷᠴᠤ᠂ ᠤᠢ ᠰᠢᠭᠤᠢ  ᠨᠤᠲᠤᠭ ᠪᠡᠯᠴᠢᠭᠡᠷ ᠢ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠠᠢ᠃ ᠨᠠᠮ ᠤᠨ ᠪᠠᠶᠢᠭᠤᠯᠤᠯᠲᠠ ᠶᠢᠨ ᠬᠦᠴᠦᠲᠡᠶ ᠳᠠᠭᠠᠭᠤᠯᠭ᠎ᠠ ᠳᠤᠤᠷ᠎ᠠ᠂ ᠣᠶ ᠰᠢᠭᠤᠶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠲᠠᠰᠤᠷᠠᠯᠲᠠ ᠥᠬᠡᠶ ᠭᠦᠨᠵᠡᠭᠡᠶᠢᠷᠡᠵᠦ᠂ ᠣᠶ ᠰᠢᠭᠤᠶ ᠨᠤᠲᠤᠭ ᠪᠡᠯᠴᠢᠭᠡᠷ ᠤᠨ ᠦᠢᠯᠡᠰ ᠤᠨ ᠠᠯᠤᠰ ᠬᠡᠲᠦ ᠶᠢᠨ ᠬᠥᠭᠵᠢᠯᠲᠡ ᠳᠤ ᠰᠠᠭᠤᠷᠢ ᠲᠠᠯᠪᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号