ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠦᠭᠵᠢᠬᠦᠯᠦᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠰᠢᠷᠭᠤᠯᠵᠢ ᠶᠢᠨ ᠤᠢ ᠶᠢᠨ ᠲᠦᠷᠦᠯ ᠵᠦᠢᠯ ᠤᠨ ᠣᠷᠣᠨ ᠤ ᠲᠤᠷᠰᠢᠯᠭ᠎ᠠ ᠰᠣᠯᠢᠯᠴᠠᠬᠤ ᠬᠤᠷᠠᠯ ᠬᠥᠬᠡᠬᠤᠲᠠ ᠳᠤ ᠤᠷᠤᠭᠰᠢᠲᠠᠢ ᠬᠤᠷᠠᠯᠳᠤᠪᠠ
ᠨᠡᠶᠢᠲᠡᠯᠡᠭᠰᠡᠨ ᠴᠠᠭ᠄
2024/10/8
       9 ᠰᠠᠷ᠎ᠠ ᠶᠢᠨ 26᠎ ᠤ ᠡᠳᠦᠷ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠦᠭᠵᠢᠭᠦᠯᠦᠯᠳᠡ ᠶᠢᠨ ᠰᠠᠭᠤᠷᠢ ᠮᠥᠩᠭᠦᠨ ᠤ ᠨᠡᠶᠢᠭᠡᠮᠯᠢᠭ ᠬᠥᠬᠡᠬᠤᠲᠠ ᠳᠤ ᠬᠤᠶᠠᠳᠤᠭᠠᠷ ᠬᠤᠭᠤᠴᠠᠭᠠᠨ ᠤ ︽2024 ᠣᠨ ᠤ ᠰᠢᠷᠭᠤᠯᠵᠢ ᠶᠢᠨ ᠣᠶ ᠶᠢᠨ ᠲᠥᠷᠥᠯ ᠵᠦᠢᠯ ᠤᠨ ᠲᠣᠭᠤᠷᠢᠭ ᠤᠨ ᠲᠤᠷᠰᠢᠯᠭ᠎ᠠ ᠰᠣᠯᠢᠯᠴᠠᠬᠤ ᠬᠤᠷᠠᠯ︾᠎ ᠢ ᠡᠷᠭᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠦᠭᠵᠢᠬᠦᠯᠦᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠸᠠᠩ ᠵᠢᠶᠦ᠋ᠨ᠂ ᠱᠠᠩᠬᠠᠶ ᠶᠢᠨ ᠰᠢᠷᠭᠤᠯᠵᠢ ᠶᠢᠨ ᠣᠶ ᠶᠢᠨ ᠠᠮᠢ ᠠᠬᠤᠶ ᠶᠢᠨ ᠨᠤᠭᠤᠭᠠᠨᠯᠢᠭ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠳ᠋ᠧᠦ ᠷᠦᠢ ᠭᠤᠤᠯ ᠰᠡᠳᠦᠪᠲᠦ ᠦᠭᠡ ᠬᠡᠯᠡᠵᠡᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠭᠠᠵᠠᠷ ᠬᠡᠷ᠂ ᠨᠢᠭᠡᠴᠢ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠦᠭᠵᠢᠬᠦᠯᠦᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠰᠢᠷᠭᠤᠯᠵᠢ ᠶᠢᠨ ᠣᠶ ᠶᠢᠨ ᠲᠥᠷᠥᠯ ᠵᠦᠢᠯ ᠤᠨ ᠲᠤᠰᠬᠠᠶ ᠮᠡᠷᠭᠡᠵᠢᠯᠲᠡᠨ᠂ ᠥᠪᠥᠷ ᠮᠣᠩᠭᠤᠯ᠂ ᠭᠠᠨᠰᠦ᠂ ᠱᠠᠨ ᠰᠢ ᠶᠢᠨ ᠬᠠᠮᠢᠶ᠎ᠠ ᠪᠥᠬᠦᠶ ᠬᠤᠰᠢᠭᠤ᠂ ᠰᠢᠶᠠᠨ᠂ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
W020240930533467171204_ORIGIN.jpg
    ᠮᠠ ᠴᠢᠶᠠᠩ᠂ ᠨᠢᠳᠤᠨᠤᠨ ᠤ 6 ᠰᠠᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠳᠠᠬᠢᠨᠲᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠪᠥᠭᠡᠳ ᠮᠠᠨ ᠤ ᠣᠷᠣᠨ ᠳᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠲᠤ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ᠂ ᠰᠢᠨ᠎ᠡ ᠴᠠᠭ ᠦᠶ᠎ᠡ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠬᠦ ᠶᠡᠷᠦᠩᠬᠡᠶ ᠳᠠᠶᠢᠴᠢᠯᠠᠯᠲᠠ ᠶᠢᠨ ᠵᠠᠷᠯᠢᠭ ᠪᠠᠭᠤᠯᠭᠠᠪᠠ᠃ ︽ᠤᠮᠠᠷᠠᠲᠤ ᠶᠢᠨ ᠭᠤᠷᠪᠠᠨ ᠣᠷᠣᠨ︾᠎ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ᠂ ᠥᠪᠥᠷ ᠮᠣᠩᠭᠤᠯ ᠪᠥᠬᠦ ᠤᠯᠤᠰ ᠤᠨ 60 %᠎ ᠶᠢᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠬᠤ ᠡᠭᠦᠷᠭᠡ ᠶᠢ ᠡᠭᠦᠷᠭᠡᠯᠡᠵᠦ ᠪᠣᠶ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠤ ︽ᠬᠤᠶᠠᠷ ᠬᠠᠭᠠᠰ︾᠎ ᠨᠢ ᠥᠪᠥᠷ ᠮᠣᠩᠭᠤᠯ ᠳᠤ ᠪᠣᠶ᠂ ᠪᠢᠳᠡᠨ ᠤ ᠵᠠᠰᠠᠯᠲᠠ ᠶᠢᠨ ᠡᠭᠦᠷᠭᠡ ᠲᠦᠢᠯ ᠤᠨ ᠬᠦᠨᠳᠦ᠂ ᠪᠣᠭᠤᠮᠲᠠ ᠰᠢᠪᠲᠤᠯᠬᠤ ᠬᠠᠷᠢᠭᠤᠴᠠᠯᠭ᠎ᠠ ᠲᠦᠢᠯ ᠤᠨ ᠶᠡᠭᠡ ᠶᠤᠮ᠃ ᠡᠶᠢᠮᠦ ᠬᠠᠲᠠᠭᠤ ᠪᠡᠷᠬᠡ ᠡᠭᠦᠷᠭᠡ ᠶᠢᠨ ᠡᠮᠦᠨ᠎ᠡ᠂ ᠪᠥᠬᠦ ᠣᠷᠣᠨ ᠳᠠᠶᠠᠭᠠᠷ ᠢᠶᠠᠨ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠤᠬᠠᠮᠰᠠᠷ ᠠᠴᠠ ᠪᠠᠨ ᠭᠤᠤᠯ ᠲᠠᠭᠠᠷᠢᠯᠲᠠ ᠬᠢᠵᠦ᠂ ᠡᠮᠦᠨ᠎ᠡ ᠨᠢ ᠭᠠᠪᠰᠢᠭᠠᠶᠢᠯᠠᠵᠤ᠂ ᠲᠦᠷᠭᠡᠨ ᠮᠣᠷᠢᠨ ᠳᠤ ᠲᠠᠰᠢᠭᠤᠷ ᠨᠡᠮᠡᠵᠦ ᠵᠠᠰᠠᠯᠲᠠ ᠶᠢ ᠠᠬᠢᠭᠤᠯᠪᠠ᠃ ᠣᠳᠣᠬᠠᠨ ᠪᠣᠯᠲᠠᠯ᠎ᠠ᠂ ᠪᠥᠬᠦ ᠣᠷᠣᠨ ᠨᠢᠭᠡᠨᠲᠡ 2522 ᠲᠦᠮᠡᠨ ᠮᠥ ᠡᠯᠡᠰᠦᠷᠬᠡᠭᠵᠢᠯ ᠢ ᠰᠡᠷᠭᠡᠶᠢᠯᠡᠨ ᠵᠠᠰᠠᠵᠤ᠂ ᠡᠳᠦᠷ ᠳᠤᠮᠳᠠᠴᠢ ᠶᠢᠨ ᠡᠯᠡᠰᠦᠷᠬᠡᠭᠵᠢᠯ ᠢ ᠵᠠᠰᠠᠭᠰᠠᠨ ᠲᠠᠯᠠᠪᠠᠶ 5 ᠲᠦᠮᠡᠨ ᠮᠥ ᠶᠢ ᠳᠠᠪᠠᠵᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ︽ᠬᠤᠷᠳᠤᠴᠠ ᠪᠠᠨ ᠲᠦᠷᠭᠡᠳᠬᠡᠪᠡ︾᠃ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠠᠴᠠ ᠪᠣᠯᠤᠭᠰᠠᠨ ᠶᠤᠮ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠠᠴᠠ ᠪᠣᠯᠤᠭᠰᠠᠨ ᠶᠤᠮ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠦᠭᠵᠢᠬᠦᠯᠦᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠪᠣᠯᠤᠨ ᠰᠢᠷᠭᠤᠯᠵᠢ ᠶᠢᠨ ᠪᠦᠯᠦᠭᠯᠡᠯ ᠤᠨ ᠬᠦᠴᠦᠲᠡᠢ ᠳᠡᠮᠵᠢᠯᠭᠡ ᠠᠴᠠ ᠪᠣᠯᠤᠭᠰᠠᠨ ᠶᠤᠮ ᠭᠡᠵᠡᠢ᠃
W020240930533467198129_ORIGIN.jpg
     2018 ᠣᠨ ᠠᠴᠠ ᠨᠠᠭᠠᠰᠢ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠦᠭᠵᠢᠬᠦᠯᠦᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠤᠷᠢᠳ ᠬᠤᠵᠢᠳ ᠮᠠᠨ ᠤ ᠣᠷᠣᠨ ᠤ 7 ᠠᠶᠢᠮᠠᠭ ᠬᠤᠳᠠ᠂ 13 ᠬᠤᠰᠢᠭᠤ ᠰᠢᠶᠠᠨ ᠳᠤ 39 ︽ᠰᠢᠷᠭᠤᠯᠵᠢ ᠶᠢᠨ ᠤᠢ︾ ᠨᠡᠶᠢᠲᠡ ᠶᠢᠨ ᠠᠰᠠᠷᠠᠮᠵᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠵᠥᠪᠯᠡᠯᠴᠡᠭᠡᠷ ᠢᠶᠠᠷ 3 ᠳ᠋ᠦᠩᠰᠢᠭᠤᠷ ᠲᠥᠭᠦᠷᠢᠭ ᠬᠠᠨᠳᠢᠪᠯᠠᠵᠤ᠂ ᠡᠯᠡᠰᠦ ᠶᠢ ᠵᠠᠰᠠᠭᠰᠠᠨ ᠲᠠᠯᠠᠪᠠᠢ 37 ᠲᠦᠮᠡᠨ ᠮᠦ ᠶᠢ ᠳᠠᠪᠠᠪᠠ᠃     2023 ᠣᠨ ᠤ 11 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠬᠢᠭᠤᠯᠤᠯ ᠳᠤᠤᠷ᠎ᠠ᠂ ᠰᠢᠷᠭᠤᠯᠵᠢ ᠪᠦᠯᠦᠭᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ 5 ᠵᠢᠯ ᠤᠨ ᠴᠠᠭ ᠢ ᠠᠰᠢᠭᠯᠠᠨ᠂ ᠮᠠᠨ ᠤ ᠣᠷᠣᠨ ᠳᠤ 200 ᠲᠦᠮᠡᠨ ᠮᠥ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠡᠨᠡ ᠵᠢᠯ ᠤᠨ 6 ᠰᠠᠷ᠎ᠠ ᠳᠤ᠂ ᠰᠢᠷᠭᠤᠯᠵᠢ ᠶᠢᠨ ᠪᠦᠯᠦᠭᠯᠡᠯ ᠪᠠᠰᠠ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ ︽ᠤᠮᠠᠷᠠᠲᠤ ᠶᠢᠨ ᠭᠤᠷᠪᠠᠨ ᠣᠷᠣᠨ ᠢ ᠤᠶᠢᠵᠢᠭᠤᠯᠤᠶ᠎ᠠ︾ ᠭᠡᠬᠦ ᠲᠤᠰᠬᠠᠶ ᠠᠵᠢᠯᠯᠠᠭ᠎ᠠ ᠥᠷᠨᠢᠭᠦᠯᠵᠦ᠂ 3100 ᠲᠦᠮᠡᠨ ᠬᠥᠮᠦᠨ ᠢ ᠣᠷᠣᠯᠴᠠᠭᠤᠯᠵᠤ᠂ ᠰᠦᠯᠵᠢᠶᠡᠨ ᠳᠡᠭᠡᠷ᠎ᠡ 340 ᠲᠦᠮᠡᠨ ᠰᠠᠭᠤᠷᠢ ᠮᠣᠳᠣ ᠳᠠᠷᠢᠵᠤ᠂ ᠨᠤᠭᠤᠯᠤᠨ ᠪᠤᠳᠤᠪᠠᠯ 2600 ᠲᠦᠮᠡᠨ ᠲᠥᠭᠦᠷᠢᠭ ᠬᠠᠨᠳᠢᠪᠯᠠᠵᠤ᠂ ᠨᠡᠶᠢᠭᠡᠮ ᠳᠠᠶᠠᠭᠠᠷ ᠲᠤ ︽ᠬᠥᠮᠦᠨ ᠪᠦᠬᠦᠨ ︿ᠤᠮᠠᠷᠠᠲᠤ ᠶᠢᠨ ᠭᠤᠷᠪᠠᠨ ᠣᠷᠣᠨ﹀᠎ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠵᠤ᠂ ᠬᠥᠮᠦᠨ ᠪᠦᠬᠦᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠭᠤᠤᠯ ᠳᠦᠷᠢ︾᠎ ᠶᠢᠨ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠷᠬᠡᠭ ᠶᠡᠭᠡ ᠬᠦᠴᠦᠨ ᠴᠢᠳᠠᠯ ᠨᠡᠮᠡᠷᠢᠯᠡᠭᠰᠡᠨ ᠪᠠᠶᠢᠨ᠎ᠠ᠃     ᠸᠠᠩ ᠵᠢᠶᠦ᠋ᠨ᠂ ︽ᠤᠮᠠᠷᠠᠲᠤ ᠶᠢᠨ ᠭᠤᠷᠪᠠᠨ ᠣᠷᠣᠨ︾᠎ ᠤ ᠰᠡᠷᠭᠡᠶᠢᠯᠡᠯᠲᠡ ᠶᠢᠨ ᠱᠤᠭᠤᠮ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠨᠢ ᠰᠢᠷᠭᠤᠯᠵᠢ ᠶᠢᠨ ᠤᠢ ᠶᠢᠨ ᠲᠦᠷᠦᠯ ᠵᠦᠢᠯ ᠢ ᠭᠦᠨᠵᠡᠭᠡᠢ ᠬᠡᠷᠡᠭᠵᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠪᠥᠭᠡᠳ ᠰᠢᠶᠠᠩ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠰᠢᠷᠭᠤᠯᠵᠢ ᠶᠢᠨ ᠤᠢ ᠶᠢᠨ ᠲᠦᠷᠦᠯ ᠵᠦᠢᠯ ᠢ ᠦᠷᠭᠦᠯᠵᠢᠯᠡᠨ ᠴᠢᠨᠠᠷ ᠰᠠᠶᠢᠲᠠᠢ ᠬᠡᠷᠡᠭᠵᠢᠭᠦᠯᠬᠦ ᠳᠤ ᠴᠣ᠋ ᠰᠢᠨ᠎ᠡ ᠱᠠᠭᠠᠷᠳᠠᠯᠭ᠎ᠠ ᠳᠤᠷᠠᠳᠴᠠᠢ᠃ ᠡᠭᠦᠨ ᠤ ᠲᠤᠯᠠᠳᠠ᠂ ᠰᠢᠶᠠᠩ ᠤᠨ ᠰᠠᠭᠤᠷᠢ ᠮᠥᠩᠭᠦᠨ ᠤ ᠨᠡᠶᠢᠭᠡᠮᠯᠢᠭ ᠨᠢ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠦ᠂ ᠤᠮᠠᠷᠠᠲᠤ ᠶᠢᠨ ᠭᠤᠷᠪᠠᠨ ᠣᠷᠣᠨ ᠤ ᠰᠠᠯᠬᠢ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠠᠮᠢ ᠠᠬᠤᠢ ᠶᠢ ᠵᠠᠰᠠᠨ ᠰᠡᠷᠭᠦᠭᠡᠬᠦ ᠠᠵᠢᠯ ᠢ ᠥᠷᠭᠡᠨ ᠢᠶᠠᠷ ᠥᠷᠨᠢᠭᠦᠯᠵᠦ᠂ ᠰᠢᠷᠭᠤᠯᠵᠢ ᠶᠢᠨ ᠣᠢ ᠰᠢᠭᠤᠢ ᠶᠢᠨ ᠡᠭᠦᠷᠭᠡ ᠶᠢ ᠤᠯᠤᠰ ᠤᠨ ︽ᠤᠮᠠᠷᠠᠲᠤ ᠶᠢᠨ ᠭᠤᠷᠪᠠᠨ ᠣᠷᠣᠨ︾᠎ ᠤ ᠰᠡᠷᠭᠡᠶᠢᠯᠡᠯᠲᠡ ᠶᠢᠨ ᠱᠤᠭᠤᠮ ᠤᠨ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠳᠤ ᠠᠭᠤᠰᠤᠯᠴᠠᠭᠤᠯᠪᠠ᠃     ᠳ᠋ᠧᠦ ᠷᠦᠢ ᠢᠯᠡᠷᠬᠡᠶᠢᠯᠡᠬᠦ ᠳᠡᠭᠡᠨ᠂ 2024 ᠣᠨ ᠤ 8 ᠰᠠᠷ᠎ᠠ ᠪᠣᠯᠲᠠᠯ᠎ᠠ ᠰᠢᠷᠭᠤᠯᠵᠢ ᠶᠢᠨ ᠣᠶ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠨᠡᠶᠢᠲᠡ 3768 ᠲᠦᠮᠡᠨ ᠲᠣᠨ ᠪᠠᠭᠠᠰᠬᠠᠵᠤ᠂ 7 ᠳ᠋ᠦᠩᠰᠢᠭᠤᠷ ᠭᠠᠷᠤᠶ ᠬᠥᠮᠦᠨ ᠤ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠢ ᠳᠥᠯᠭᠢᠨ ᠠᠬᠢᠭᠤᠯᠵᠤ᠂ 24 ᠮᠤᠵᠢ ᠣᠷᠣᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠬᠢᠬᠦ ᠳᠤ ᠨᠡᠶᠢᠲᠡ ᠶᠢᠨ ᠠᠰᠠᠷᠠᠮᠵᠢ ᠶᠢᠨ ᠳᠡᠮᠵᠢᠯᠭᠡ ᠦᠵᠡᠭᠦᠯᠪᠡ᠃ ᠨᠣᠭᠤᠭᠠᠷᠠᠭᠤᠯᠤᠯᠲᠠ ᠶᠢ ᠬᠠᠮᠠᠭᠠᠯᠠᠬᠤ ᠨᠢ ᠣᠶᠢᠵᠢᠭᠤᠯᠵᠤ ᠨᠣᠭᠤᠭᠠᠷᠠᠭᠤᠯᠬᠤ ᠠᠴᠠ ᠨᠡᠩ ᠬᠦᠴᠢᠷ ᠶᠤᠮ᠂ ᠰᠢᠷᠭᠤᠯᠵᠢ ᠶᠢᠨ ᠤᠢ ᠨᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠣᠯᠴᠠᠭᠰᠠᠨ ᠨᠡᠶᠢᠭᠡᠮ ᠤᠨ ᠬᠦᠴᠦᠨ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠡᠴᠦᠰ ᠤᠨ ᠭᠤᠭᠴᠤᠭ᠎ᠠ ᠪᠣᠯᠤᠭᠰᠠᠨ ᠤ ᠬᠤᠪᠢ ᠳᠤ᠂ ᠡᠯ᠎ᠡ ᠲᠠᠯ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠬᠦ ᠶᠢ ᠨᠡᠩ ᠢᠯᠡᠭᠦᠦ ᠱᠠᠭᠠᠷᠳᠠᠵᠤ ᠪᠠᠶᠢᠨ᠎ᠠ᠃ ᠬᠤᠷᠠᠯ ᠳᠡᠭᠡᠷ᠎ᠡ᠂ ᠭᠤᠤᠯᠯᠠᠨ ᠡᠷᠭᠢᠯᠡᠭᠰᠡᠨ ᠲᠠᠯ᠎ᠠ ᠠᠴᠠ ᠮᠠᠨ ᠤ ᠣᠷᠣᠨ ᠤ ︽ᠰᠢᠶᠠᠩ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠰᠢᠷᠭᠤᠯᠵᠢ ᠶᠢᠨ ᠣᠶ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠤᠨ ᠰᠢᠯᠢᠳᠡᠭ ᠬᠠᠮᠲᠤᠷᠠᠯᠴᠠᠭᠠᠨ ᠤ ᠬᠠᠨᠢᠲᠠᠨ︾᠎ ᠳᠤ ᠢᠷᠠᠭᠤ ᠠᠯᠳᠠᠷ ᠤᠨ ᠦᠨᠡᠮᠯᠡᠯ ᠣᠯᠭᠤᠪᠠ᠃ ᠣᠯᠭᠤᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠣᠶ ᠰᠢᠭᠤᠶ ᠶᠢᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠰᠠᠷᠠᠭᠤᠯ ᠣᠶ ᠰᠢᠭᠤᠶ ᠶᠢᠨ ᠦᠷᠭᠦᠯᠵᠢᠯᠡᠬᠦ ᠡᠵᠡᠩᠨᠡᠯᠲᠡ ᠶᠢᠨ ᠣᠶᠢᠯᠠᠭᠠᠭᠳᠠᠬᠤᠨ ᠪᠠ  ᠦᠢᠯᠡᠳᠦᠯᠭᠡ ᠶᠢ ᠲᠠᠶᠢᠯᠪᠤᠷᠢᠯᠠᠵᠠᠶ᠃ ᠭᠠᠨᠰᠦ ᠮᠤᠵᠢ ᠶᠢᠨ ᠦ᠋ ᠸᠧᠶ ᠬᠤᠲᠠ ᠶᠢᠨ ᠯᠢᠶᠠᠩᠵᠸᠤ ᠲᠣᠭᠤᠷᠢᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠵᠣᠣ ᠰᠢᠶᠠᠩ ᠵᠢᠤᠢ ᠪᠣᠯᠤᠨ ᠥᠪᠥᠷ ᠮᠣᠩᠭᠤᠯ ᠤᠨ ᠬᠤᠯᠠᠨ ᠰᠢᠷᠭ᠎ᠠ ᠳᠠᠭ᠎ᠠ ᠶᠢᠨ ᠣᠶ ᠰᠢᠭᠤᠶ ᠶᠢᠨ ᠲᠠᠯᠠᠪᠠᠶ ᠶᠢᠨ ᠬᠡᠰᠢᠭᠲᠡᠨ ᠬᠤᠰᠢᠭᠤᠨ ᠤ ᠬᠤᠪᠢᠶᠠᠷᠢ ᠲᠠᠯᠠᠪᠠᠶ ᠶᠢᠨ ᠳᠠᠷᠤᠭ᠎ᠠ ᠹᠦ᠋ ᠬᠤᠩ ᠹᠧᠩ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠭᠰᠠᠨ ᠲᠤᠷᠰᠢᠯᠭ᠎ᠠ ᠠᠷᠭ᠎ᠠ ᠬᠢᠳᠡᠯ ᠪᠠ ᠣᠯᠤᠯᠲᠠ ᠲᠥᠷᠥᠭᠳᠡᠯ ᠢᠶᠠᠨ ᠬᠤᠪᠢᠶᠠᠯᠴᠠᠪᠠ᠃ ᠬᠤᠷᠠᠯ ᠠᠴᠠ ᠪᠠᠰᠠ ᠢᠦᠢ ᠬᠠᠩ ᠷᠧᠨ ᠴᠢᠴᠠᠷᠭᠠᠨ᠎ᠠ ᠶᠢᠨ ᠠᠵᠤ ᠦᠢᠯᠡᠰ ᠤᠨ ᠰᠠᠭᠤᠷᠢᠨ ᠪᠣᠯᠤᠨ ᠮᠧᠩ ᠼᠤᠤ ᠦᠷ᠎ᠡ ᠶᠢᠨ ᠦᠢᠯᠡᠰ ᠤᠨ ᠲᠥᠪ ᠢ ᠰᠢᠨᠵᠢᠯᠡᠨ ᠪᠠᠶᠢᠴᠠᠭᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号