ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/1
    ᠵᠠᠬ᠎ᠠ ᠳᠡᠯᠭᠡᠭᠦᠷ ᠲᠤ ᠰᠠᠭᠤᠷᠢᠯᠠᠨ᠂ ᠠᠵᠤ ᠦᠢᠯᠡᠰ ᠲᠤ ᠬᠠᠨᠳᠤᠭᠤᠯᠵᠤ᠂ ᠠᠵᠤ ᠠᠬᠤᠶᠢᠯᠠᠯ ᠳᠤ  ᠦᠢᠯᠡᠴᠢᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 28᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠶ ᠰᠢᠭᠤᠶ ᠶᠢᠨ ᠠᠵᠤ  ᠦᠢᠯᠡᠳᠪᠦᠷᠢ ᠶᠢᠨ ᠪᠦᠯᠦᠭᠯᠡᠯ᠂  ᠱᠠ ᠮᠦᠸᠧ ᡁᠢ ᠬᠤᠸᠠ ᠠᠵᠦ ᠠᠬᠤᠶᠢᠯᠠᠯ᠂ ᠢᠦᠢ ᠬᠠᠩ ᠷᠧᠨ ᠠᠵᠤ ᠠᠬᠤᠶᠢᠯᠠᠯ᠂ ᠼᠤᠤ ᠳ᠋ᠦ᠋ ᠡᠪᠡᠰᠦᠨ ᠤ ᠠᠵᠤ ᠠᠬᠤᠶ᠂ ᠮᠠᠨᠳᠤᠯ᠎ᠠ ᠠᠮᠢᠳᠤ ᠪᠣᠳᠠᠰ ᠤᠨ ᠠᠵᠤ ᠠᠬᠤᠶᠢᠯᠠᠯ ᠵᠡᠷᠭᠡ 16 ᠭᠤᠤᠯᠳᠠᠯᠭ᠎ᠠ ᠲᠠᠢ ᠣᠶ ᠰᠢᠭᠤᠶ ᠨᠤᠲᠤᠭ ᠪᠡᠯᠴᠢᠭᠡᠷ ᠤᠨ ᠠᠵᠤ ᠠᠬᠤᠶᠢᠯᠠᠯ ᠤᠨ ᠲᠥᠯᠥᠭᠡᠯᠡᠭᠴᠢ ᠣᠷᠣᠯᠴᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠠᠵᠤ ᠦᠢᠯᠡᠰᠵᠢᠯᠲᠡ ᠶᠢᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠰᠠᠨᠠᠯ ᠬᠤᠷᠢᠶᠠᠬᠤ ᠨᠤᠤᠷᠠᠭ︶ ᠪᠣᠯᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠲᠣᠭᠤᠷᠢᠨ ᠳᠤ ᠶᠠᠷᠢᠯᠴᠠᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃
W020241029647413238430.png
    ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠯᠧᠦ ᠪᠥᠸᠧ ᠵᠢᠶᠦ᠋ᠨ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠭᠡᠷᠡᠴᠢᠯᠡᠯᠲᠡ ᠬᠦᠭᠵᠢᠬᠦᠯᠦᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠰ ᠤᠨ ᠭᠠᠵᠠᠷ᠂ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠭᠠᠵᠠᠷ ᠤᠨ ᠬᠤᠯᠪᠣᠭᠳᠠᠯ ᠪᠦᠬᠦᠢ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ ᠳᠡᠳ᠋ ᠲᠣᠪᠴᠢᠶᠠᠨ ᠳᠠᠷᠤᠭ᠎ᠠ ᠯᠧᠦ ᠪᠥᠸᠧ ᠵᠢᠶᠦ᠋ᠨ ᠶᠠᠷᠢᠶᠠᠨ ᠳᠠᠭᠠᠨ᠂ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠡᠯᠪᠡᠭ  ᠪᠠᠶᠢᠵᠤ᠂ ᠴᠢᠨᠠᠷ ᠰᠠᠶᠢᠲᠠᠶ ᠤᠨᠴᠠᠯᠢᠭᠳᠤ ᠣᠶ ᠰᠢᠭᠤᠢ ᠶᠢᠨ ᠵᠢᠮᠢᠰ᠂ ᠣᠶ ᠰᠢᠭᠤᠶ ᠨᠤᠲᠤᠭ ᠪᠡᠯᠴᠢᠭᠡᠷ ᠤᠨ ᠬᠢᠲᠠᠳ ᠡᠮ ᠤᠨ ᠮᠠᠲ᠋ᠧᠷᠢᠶᠠᠯ᠂ ᠣᠶ ᠰᠢᠭᠤᠶ ᠶᠢᠨ ᠢᠳᠡᠭᠡᠨ᠂ ᠮᠣᠳᠣᠯᠢᠭ ᠤᠷᠭᠤᠮᠠᠯ ᠤᠨ ᠠᠮᠤ ᠲᠣᠰᠣ ᠵᠡᠷᠭᠡ ᠠᠮᠢ ᠠᠬᠤᠶ ᠶᠢᠨ ᠪᠦᠲᠦᠭᠡᠭᠳᠡᠬᠦᠨ ᠢ ᠪᠤᠢ ᠪᠤᠯᠭᠠᠪᠠ᠂ 2023 ᠣᠨ ᠳᠤ᠂ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠠᠵᠤ ᠦᠢᠯᠡᠰ ᠤᠨ ᠦᠢᠯᠡᠳᠬᠦᠨ ᠤ ᠶᠡᠷᠦᠩᠬᠡᠶ ᠥᠷᠲᠡᠭ 871.8 ᠳ᠋ᠦᠩᠰᠢᠭᠤᠷ ᠲᠥᠭᠦᠷᠢᠭ ᠲᠤ ᠬᠦᠷᠴᠡᠶ᠂ ᠡᠨᠡ ᠵᠢᠯ᠂ ᠪᠥᠬᠦ ᠣᠷᠣᠨ ᠤ ᠣᠶ ᠰᠢᠭᠤᠶ  ᠨᠤᠲᠤᠭ ᠪᠡᠯᠴᠢᠭᠡᠷ ᠤᠨ ᠠᠵᠦ ᠦᠢᠯᠡᠰ ᠤᠨ ᠦᠢᠯᠡᠳᠬᠦᠨ ᠤ ᠶᠡᠷᠦᠩᠬᠡᠶ ᠥᠷᠲᠡᠭ ᠵᠢᠱᠢᠯᠲᠡ ᠪᠠᠷ 1000 ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠤᠨ᠎ᠠ᠃ ᠭᠡᠪᠡᠴᠦ ᠪᠠᠰᠠ ᠶᠠᠰᠤ ᠴᠢᠨᠠᠷ ᠲᠠᠢ᠂ ᠨᠡᠷᠡᠲᠦ ᠲᠡᠮᠳᠡᠭ ᠦᠭᠡᠶ ᠪᠠᠶᠢᠳᠠᠯ ᠣᠷᠣᠰᠢᠵᠤ᠂ ᠳᠠᠭᠠᠭᠤᠯᠤᠭᠴᠢ ᠠᠵᠤ ᠠᠬᠤᠶᠢᠯᠠᠯ ᠢᠶᠠᠷ ᠵᠢᠯᠣᠭᠤᠳᠤᠮᠵᠢ ᠪᠣᠯᠭᠠᠨ᠂ ᠣᠶ ᠰᠢᠭᠤᠶ ᠠᠴᠠ ᠢᠳᠡᠭᠡᠨ ᠤ ᠪᠦᠲᠦᠭᠡᠭᠳᠡᠬᠦᠨ ᠪᠤᠯᠪᠠᠰᠤᠷᠠᠭᠤᠯᠬᠤ ᠶᠢ ᠭᠦᠨᠵᠡᠭᠡᠶᠢᠷᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠨᠡᠷᠡᠲᠦ ᠲᠡᠮᠳᠡᠭ ᠤᠨ ᠪᠠᠶᠢᠭᠤᠯᠤᠯᠲᠠ ᠶᠢ ᠠᠬᠢᠭᠤᠯᠬᠤ ᠨᠢ ᠶᠠᠭ ᠴᠠᠭ ᠲᠠᠭᠠᠨ ᠳᠣᠭᠢᠷᠬᠠᠰᠠᠨ ᠪᠠᠶᠢᠨ᠎ᠠ ᠭᠡᠵᠡᠢ᠃
W020241029647413314616.png
    ᠥᠭᠡᠷᠡᠴᠢᠯᠡᠯᠲᠡ ᠬᠦᠭᠵᠢᠬᠦᠯᠦᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠭᠠᠵᠠᠷ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠣᠰ ᠤᠳᠠᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠠᠵᠤ ᠦᠶᠯᠡᠰᠵᠢᠯᠲᠡ ᠶᠢᠨ ᠭᠤᠤᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠰᠠᠨᠠᠯ ᠬᠤᠷᠢᠶᠠᠬᠤ ᠨᠤᠤᠷᠠᠭ︶᠎ ᠳᠤ ᠵᠠᠰᠠᠪᠤᠷᠢ ᠣᠷᠣᠭᠤᠯᠵᠤ᠂ ᠨᠤᠲᠤᠭ ᠪᠡᠯᠴᠢᠭᠡᠷ ᠤᠨ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠬᠡᠪᠴᠢᠶᠡᠨ ᠳᠤ ᠣᠷᠣᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠪᠠᠷᠢᠮᠵᠢᠶ᠎ᠠ ᠶᠢᠨ ᠬᠦᠰᠦᠨᠦᠭᠲᠦ ᠶᠢ ᠲᠡᠭᠦᠯᠳᠡᠷᠵᠢᠭᠦᠯᠵᠦ᠂ ᠵᠠᠬᠢᠳᠠᠯ ᠢᠶᠠᠷ ᠠᠰᠠᠭᠤᠬᠤ ᠨᠥᠬᠦᠴᠡᠯ ᠢ ᠪᠦᠷᠢᠯᠳᠦᠭᠦᠯᠦᠭᠰᠡᠨ ᠭᠤᠶᠤᠴᠢᠯᠠᠨ ᠮᠡᠳᠡᠭᠦᠯᠬᠦ ᠬᠦᠴᠦᠨ ᠵᠦᠢᠯ ᠳᠤ ᠵᠠᠬᠢᠳᠠᠯ ᠢᠶᠠᠷ ᠠᠰᠠᠭᠤᠬᠤ ᠠᠷᠭ᠎ᠠ ᠮᠠᠶ᠋ᠢᠭ ᠢᠶᠠᠷ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠠᠵᠤ ᠠᠬᠤᠶᠢᠯᠠᠯ ᠢ ᠳᠤᠲᠠᠭᠤ ᠭᠦᠶᠦᠯᠭᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠠᠷᠠᠭᠠᠴᠢ ᠶᠢᠨ ᠠᠯᠬᠤᠮ ᠳᠤ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠦᠨᠳᠦᠰᠦᠯᠡᠨ᠂ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠬᠦᠯᠦᠨ᠎ᠡ᠃ ᠠᠵᠤ ᠠᠬᠤᠶᠢᠯᠠᠯ ᠤᠨ ᠲᠥᠯᠥᠭᠡᠯᠡᠭᠴᠢᠳ ᠢᠳᠡᠪᠬᠢᠲᠡᠶ ᠪᠠᠷ ᠶᠠᠷᠢᠯᠴᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠠᠵᠤ ᠦᠶᠯᠡᠰᠵᠢᠯᠲᠡ ᠶᠢᠨ ᠭᠤᠤᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠰᠠᠨᠠᠯ ᠬᠤᠷᠢᠶᠠᠬᠤ ᠨᠤᠤᠷᠠᠭ︶᠎ ᠶᠢᠨ ᠲᠣᠭᠤᠷᠢᠨ ᠳᠤ ᠰᠢᠨ᠎ᠡ ᠶᠢ ᠡᠭᠦᠳᠦᠨ ᠰᠤᠳᠤᠯᠤᠨ ᠨᠡᠭᠡᠭᠡᠬᠦ ᠴᠢᠳᠠᠪᠤᠷᠢ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠵᠥᠭᠡᠯᠡᠨ ᠪᠣᠳᠠᠲᠤ ᠬᠦᠴᠦᠨ ᠢ ᠭᠤᠶᠤᠴᠢᠯᠠᠨ ᠮᠡᠳᠡᠭᠦᠯᠬᠦ ᠪᠠᠷᠢᠮᠵᠢᠶ᠎ᠠ ᠶᠢ ᠨᠡᠮᠡᠭᠳᠡᠭᠦᠯᠬᠦ ᠪᠠᠷ ᠰᠠᠨᠠᠭᠤᠯᠪᠠ᠃ ᠲᠦᠷᠦᠯ ᠲᠡᠮᠳᠡᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠮᠠᠲ᠋ᠧᠷᠢᠶᠠᠯ ᠲᠣᠬᠢᠷᠠᠭᠤᠯᠬᠤ ᠬᠦᠰᠦᠨᠦᠭᠲᠦ ᠶᠢ ᠳᠥᠭᠦᠮᠴᠢᠯᠡᠨ᠂ ᠲᠦᠷᠦᠯ ᠲᠡᠮᠳᠡᠭ ᠤᠨ ᠦᠯᠢᠭᠡᠷ ᠢ ᠰᠠᠶᠢᠲᠤᠷ ᠶᠠᠷᠢᠵᠤ᠂ ᠣᠯᠠᠨ ᠡᠰᠢᠵᠢᠭᠰᠡᠨ ᠤᠬᠠᠭᠤᠯᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠡᠬᠢ ᠪᠠᠶᠠᠯᠢᠭ ᠤᠨ ᠬᠠᠮᠲᠤᠷᠠᠨ ᠬᠥᠳᠡᠯᠦᠯᠴᠡᠬᠦ᠂ ᠠᠵᠢᠯ ᠲᠥᠷᠥᠯ ᠠᠯᠤᠰᠯᠠᠨ ᠬᠤᠷᠰᠢᠯᠴᠠᠬᠤ ᠶᠢ ᠴᠢᠩᠭᠠᠷᠠᠭᠤᠯᠤᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠦᠢᠯᠡᠳᠬᠦᠨ ᠢᠶᠠᠨ ᠳᠡᠰ ᠳᠡᠪᠰᠢᠭᠦᠯᠬᠦ ᠬᠡᠷᠡᠭᠲᠡᠶ᠃     ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠣᠰ ᠤᠳᠠᠭᠠᠨ ᠤ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠨ᠂ ᠢᠳᠡᠭᠡᠨ ᠤ ᠲᠣᠮᠣ ᠦᠵᠡᠯᠲᠡ ᠶᠢ ᠦᠢᠯᠡᠳᠦᠯᠭᠡᠵᠢᠬᠦᠯᠵᠦ᠂ ᠣᠶ ᠰᠢᠭᠤᠶ ᠠᠴᠠ ᠢᠳᠡᠭᠡᠨ ᠤ ᠪᠦᠲᠦᠭᠡᠭᠳᠡᠬᠦᠨ ᠪᠤᠯᠪᠠᠰᠤᠷᠠᠭᠤᠯᠬᠤ ᠶᠢ ᠭᠦᠨᠵᠡᠭᠡᠶᠢᠷᠡᠭᠦᠯᠦᠨ᠂ ᠣᠶ ᠶᠢᠨ ᠬᠤᠷᠮᠣᠶ ᠶᠢᠨ ᠠᠵᠤ ᠠᠬᠤᠶ ᠶᠢ ᠬᠥᠭᠵᠢᠭᠦᠯᠬᠦ ᠪᠠᠷ ᠭᠤᠤᠯ ᠭᠠᠷᠳᠠᠴᠠ ᠪᠣᠯᠭᠠᠵᠤ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠨ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠨᠢᠭᠡᠳᠦᠯᠲᠡᠶ ᠨᠠᠷᠠᠲᠤ ᠲᠥᠷᠥᠯ ᠲᠡᠮᠳᠡᠭᠲᠦ ᠶᠢ ᠡᠭᠦᠳᠬᠦ ᠪᠠᠷ ᠤᠳᠤᠷᠢᠳᠤᠮᠵᠢ ᠪᠣᠯᠭᠠᠵᠤ᠂ ᠥᠪᠥᠷ ᠮᠣᠩᠭᠤᠯ ᠤᠨ ᠣᠶ ᠰᠢᠭᠤᠢ ᠶᠢᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠢ ᠬᠦᠴᠦᠯᠡᠨ ᠳᠡᠭᠡᠭᠰᠢᠯᠡᠭᠦᠯᠦᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号