ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ︾  ᠪᠤᠯᠪᠠᠰᠤᠷᠠᠭᠤᠯᠤᠯ ᠴᠢᠩᠬᠤᠸᠠ ᠶᠡᠭᠡ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2024/11/14
         11 ᠰᠠᠷ᠎ᠠ ᠶᠢᠨ 6᠎ ᠤ ᠡᠳᠦᠷ ᠠᠴᠠ 8᠎ ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠪᠥᠬᠦ ᠣᠷᠣᠨ ᠤ ᠨᠡᠭᠦᠷᠡᠰᠦᠲᠥ᠋ᠷᠥᠭᠴᠢ ᠬᠤᠷᠠᠭᠤᠯᠬᠤ ᠠᠵᠢᠯ ᠲᠥᠷᠥᠯ ᠤᠨ ᠬᠥᠮᠦᠰ ᠢ ᠵᠣᠬᠢᠶᠠᠨ ᠪᠠᠶᠢᠭᠤᠯᠵᠤ ᠴᠢᠩᠬᠤᠸᠠ ᠶᠡᠭᠡ ᠰᠤᠷᠭᠠᠭᠤᠯᠢ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ ᠶᠢᠨ ᠪᠥᠬᠦ ᠪᠥᠮᠪᠥᠷᠴᠡᠭ ᠤᠨ ᠬᠠᠮᠲᠤ ᠶᠢᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ᠂ ᠡᠨᠧᠷᠭᠢ ᠶᠢᠨ ᠰᠠᠭᠤᠷᠢ ᠮᠥᠩᠭᠦᠨ ᠤ ᠨᠡᠶᠢᠭᠡᠮᠯᠢᠭ ᠪᠠ ᠥᠪᠥᠷ ᠮᠣᠩᠭᠤᠯ ᠤᠨ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠠᠮᠲᠤᠷᠠᠨ ᠡᠷᠭᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠴᠢᠳᠠᠪᠤᠷᠢ︾᠎ ᠶᠢ ᠳᠡᠭᠡᠭᠰᠢᠯᠡᠭᠦᠯᠬᠦ ᠪᠤᠯᠪᠠᠰᠤᠷᠠᠭᠤᠯᠤᠯ ᠳᠤ ᠣᠷᠣᠯᠴᠠᠪᠠ᠃
W020241113543141675797.jpg
    ᠲᠣᠰ ᠤᠳᠠᠭᠠᠨ ᠤ ᠪᠣᠯᠪᠠᠰᠤᠷᠠᠭᠤᠯᠤᠯ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ ᠪᠦᠯᠬᠦᠮ ᠳᠠᠭᠠᠭᠤᠯᠤᠨ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠶᠡᠷᠦᠩᠬᠡᠶ ᠢᠨᠵᠧᠨᠧᠷ ᠺᠠᠩ ᠬᠤᠩ᠂ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠡᠯ᠎ᠡ ᠠᠶᠢᠮᠠᠭ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠣᠶ ᠰᠢᠭᠤᠶ ᠨᠤᠲᠤᠭ ᠪᠡᠯᠴᠢᠭᠡᠷ ᠤᠨ ᠠᠵᠢᠯ ᠲᠥᠷᠥᠯ ᠤᠨ ᠬᠠᠷᠢᠭᠤᠴᠠᠯᠭᠠᠲᠠᠨ ᠨᠥᠬᠦᠳ ᠨᠡᠶᠢᠲᠡ 50 ᠭᠠᠷᠤᠶ ᠬᠥᠮᠦᠨ ᠪᠣᠯᠪᠠᠰᠤᠷᠠᠭᠤᠯᠤᠯ ᠳᠤ ᠣᠷᠣᠯᠴᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠤᠪᠴᠢᠶᠠᠨ ᠳᠠᠷᠤᠭ᠎ᠠ ᠮᠠ ᠴᠢᠶᠠᠩ᠂ ᠴᠢᠩᠬᠤᠸᠠ ᠶᠡᠭᠡ ᠰᠤᠷᠭᠠᠭᠤᠯᠢ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠯᠢ ᠵᠢᠶ ᠵᠧᠨ ᠬᠢᠴᠢᠶᠡᠯ ᠡᠬᠢᠯᠡᠬᠦ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠪᠡ᠃ ᠯᠢ ᠵᠢᠶ ᠵᠧᠨ᠂ ᠥᠪᠥᠷ ᠮᠣᠩᠭᠤᠯ ᠤᠯᠤᠰ ᠢ ᠬᠠᠪᠰᠤᠷᠤᠨ ︽ᠬᠤᠤᠰ ᠨᠡᠭᠦᠷᠡᠰᠦᠲᠥ᠋ᠷᠥᠭᠴᠢ︾᠎ ᠶᠢᠨ ᠬᠠᠷᠠᠯᠲᠠ ᠶᠢ ᠪᠡᠶᠡᠯᠡᠭᠦᠯᠬᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠂ ᠴᠢᠩᠬᠤᠸᠠ ᠠᠵᠤ ᠠᠬᠤᠶ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠣᠨᠴᠠᠯᠢᠭ ᠢᠯᠡ ᠲᠣᠳᠣ᠂ ᠴᠢᠳᠠᠪᠤᠷᠢᠲᠠᠨ ᠤ ᠳᠠᠪᠠᠭᠤᠯᠢᠭ ᠲᠣᠪᠤᠶᠢᠮ᠎ᠠ ᠪᠠᠶᠢᠨ᠎ᠠ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠥᠪᠥᠷ ᠮᠣᠩᠭᠤᠯ ᠤᠨ ᠬᠤᠤᠰ ᠨᠡᠭᠦᠷᠡᠰᠦᠲᠥ᠋ᠷᠥᠭᠴᠢ ᠶᠢᠨ ᠬᠦᠷᠢᠶᠡᠨ ᠳᠠᠬᠢ ᠴᠢᠳᠠᠪᠤᠷᠢᠲᠠᠨ ᠢ ᠬᠥᠮᠦᠵᠢᠭᠦᠯᠬᠦ ᠪᠠᠷ ᠬᠠᠮᠲᠤ ᠪᠠᠷ ᠴᠢᠷᠮᠠᠶᠢᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃     ᠮᠠ ᠴᠢᠶᠠᠩ᠂ ᠡᠨᠡ ᠤᠳᠠᠭ᠎ᠠ ᠶᠢᠨ ᠪᠤᠯᠪᠠᠰᠤᠷᠠᠭᠤᠯᠤᠯ ᠢ ᠡᠷᠬᠢᠯᠡᠬᠦ ᠨᠢ ᠮᠠᠰᠢ ᠴᠢᠬᠤᠯᠠ ᠪᠠᠶᠢᠵᠤ᠂ ᠪᠢᠳᠡᠨ ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠳᠤ ᠨᠢᠭᠡ ᠤᠳᠠᠭ᠎ᠠ ᠶᠢᠨ ᠴᠢᠬᠤᠯᠠ ᠰᠤᠷᠤᠯᠴᠠᠬᠤ ᠠᠵᠠ ᠲᠣᠬᠢᠶᠠᠯ ᠬᠠᠩᠭᠠᠪᠠ᠂ ᠨᠥᠬᠦᠳ ᠨᠡᠷ ᠰᠤᠷᠤᠯᠴᠠᠯᠭ᠎ᠠ ᠶᠢᠨ ᠰᠠᠬᠢᠯᠭ᠎ᠠ ᠪᠠᠲᠤ ᠪᠣᠯᠤᠨ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠤᠷᠤᠯᠴᠠᠵᠦ᠂ ︽ᠬᠤᠣᠰ ᠨᠡᠭᠦᠷᠡᠰᠦᠲᠥ᠋ᠷᠥᠭᠴᠢ︾᠎ ᠶᠢᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠥᠪᠥᠷ ᠮᠣᠩᠭᠤᠯ ᠤᠨ ᠳᠣᠣᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠳᠤ ᠨᠡᠩ ᠤᠯᠠᠨ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃   
W020241113543141836352.jpg
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠮᠠ ᠴᠢᠶᠠᠩ᠃   
W020241113543142016174.jpg
   ᠴᠢᠩᠬᠤᠸᠠ ᠶᠡᠭᠡ ᠰᠤᠷᠭᠠᠭᠤᠯᠢ ᠶᠢᠨ ᠡᠵᠡᠩᠨᠡᠯᠲᠡ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠯᠢ ᠵᠢᠶ ᠵᠧᠨ     ᠪᠤᠯᠪᠠᠰᠤᠷᠠᠭᠤᠯᠤᠯ ᠨᠢ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠶᠢ ᠤᠷᠢᠪᠠ᠂ ᠴᠢᠩᠬᠤᠸᠠ ᠶᠡᠭᠡ ᠰᠤᠷᠭᠠᠭᠤᠯᠢ ᠶᠢᠨ ᠣᠷᠴᠢᠨ ᠲᠣᠭᠤᠷᠢᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ ᠾᠧ ᠺᠧ ᠪᠢᠨ᠂ ᠴᠢᠩᠬᠤᠸᠠ ᠶᠡᠭᠡ ᠰᠤᠷᠭᠠᠭᠤᠯᠢ ᠶᠢᠨ ᠠᠵᠤ ᠠᠬᠤᠶ ᠶᠢᠨ ᠰᠠᠯᠪᠤᠷᠢ ᠶᠢᠨ ᠫᠷᠤᠹᠧᠰᠰᠤᠷ ᠯᠦ ᠢ᠂ ᠴᠢᠩᠬᠤᠸᠠ ᠶᠡᠭᠡ ᠰᠤᠷᠭᠠᠭᠤᠯᠢ ᠶᠢᠨ ᠡᠨᠧᠷᠭᠢ ᠬᠢᠭᠡᠳ ᠬᠥᠳᠡᠯᠭᠡᠬᠦ ᠬᠦᠴᠦᠨ ᠤ ᠢᠨᠵᠧᠨᠧᠷᠢᠩ ᠤᠨ ᠰᠠᠯᠪᠤᠷᠢ ᠶᠢᠨ ᠫᠷᠤᠹᠧᠰᠰᠤᠷ ᠱᠢ ᠢ ᠰᠢᠶᠠᠩ᠂ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠶᠢᠨ ᠠᠮᠢ ᠠᠬᠤᠶ ᠬᠢᠭᠡᠳ ᠪᠠᠶᠢᠭᠠᠯᠢ ᠶᠢᠨ ᠬᠠᠮᠠᠭᠠᠯᠠᠯᠲᠠ ᠶᠢᠨ ᠳᠡᠭᠡᠳᠦ ᠰᠤᠷᠭᠠᠭᠤᠯᠢ  ᠶᠢᠨ ᠫᠷᠤᠹᠧᠰᠰᠤᠷ ᠦ᠋ ᠱᠤ᠋ ᠬᠤᠩ᠂ ᠴᠢᠩᠬᠤᠸᠠ ᠶᠡᠭᠡ ᠰᠤᠷᠭᠠᠭᠤᠯᠢ ᠶᠢᠨ ᠡᠨᠧᠷᠭᠢ ᠶᠢᠨ ᠰᠤᠷᠪᠤᠯᠵᠢ ᠣᠷᠴᠢᠨ ᠠᠬᠤᠶ ᠶᠢᠨ ᠠᠵᠤ ᠠᠬᠤᠶ ᠰᠤᠳᠤᠯᠬᠤ ᠭᠠᠵᠠᠷ ᠤᠨ ᠳᠡᠳ᠋ ᠳᠠᠷᠤᠭ᠎ᠠ ᠳ᠋ᠤᠸᠠᠨ ᠮᠤᠤ ᠱᠧᠩ᠂ ᠴᠢᠩᠬᠤᠸᠠ ᠶᠡᠭᠡ ᠰᠤᠷᠭᠠᠭᠤᠯᠢ ᠶᠢᠨ ᠴᠠᠬᠢᠯᠭᠠᠨ ᠮᠠᠰᠢᠨ ᠤ ᠰᠠᠯᠪᠤᠷᠢ ᠶᠢᠨ ᠳᠠᠷᠤᠭ᠎ᠠ ᠯᠦ ᠽᠦᠩ ᠢ ᠤᠷᠢᠵᠤ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ᠣᠢ ᠰᠢᠭᠤᠶ ᠶᠢᠨ ᠨᠡᠭᠦᠷᠡᠰᠦᠲᠥ᠋ᠷᠥᠭᠴᠢ ᠬᠤᠷᠠᠭᠤᠯᠬᠤ ᠠᠵᠠ ᠲᠣᠬᠢᠶᠠᠯ ᠪᠠ ᠥᠷᠢᠰᠥᠯᠳᠦᠭᠡᠨ᠂ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ ᠪᠠᠶᠢᠭᠤᠯᠤᠯᠲᠠ ᠵᠡᠷᠭᠡ ᠭᠤᠤᠯ ᠰᠡᠳᠦᠪᠲᠦ ᠲᠠᠶᠢᠯᠤᠮᠵᠢ ᠬᠢᠯᠭᠡᠪᠡ᠃
W020241113543142086586.jpg
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ︽ᠬᠤᠤᠰ ᠨᠡᠭᠦᠷᠡᠰᠦᠲᠥ᠋ᠷᠥᠭᠴᠢ︾᠎ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠃ 2023 ᠣᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠢᠯ ᠪᠠ ᠴᠢᠳᠠᠪᠤᠷᠢᠲᠠᠨ ᠤ ᠰᠢᠰᠲ᠋ᠧᠮᠵᠢ ᠶᠢ ᠢᠳᠡᠪᠬᠢᠲᠡᠶ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠪᠠ ᠴᠢᠳᠠᠪᠤᠷᠢᠲᠠᠨ ᠬᠥᠮᠦᠵᠢᠭᠦᠯᠬᠦ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ  ᠬᠤᠷᠠᠭᠤᠯᠬᠤ ᠲᠤᠰᠬᠠᠶ ᠮᠡᠷᠭᠡᠵᠢᠯᠲᠡᠨ ᠤ ᠯᠠᠪᠯᠠᠭ᠎ᠠ ᠶᠢᠨ ᠺᠣᠮᠢᠰ ᠢ ᠪᠠᠶᠢᠭᠤᠯᠵᠤ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠬᠠᠮᠢᠶ᠎ᠠ ᠪᠥᠬᠦᠶ ᠠᠺᠠᠳᠧᠮᠢᠴᠢ ᠶᠢᠨ ᠯᠠᠪᠯᠠᠭ᠎ᠠ ᠶᠢᠨ ᠲᠥᠷᠥᠯ  ᠵᠦᠢᠯ ᠤᠨ ᠠᠵᠢᠯ ᠥᠷᠨᠢᠭᠦᠯᠬᠦ ᠶᠢ ᠠᠬᠢᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠪᠣᠯᠪᠠᠰᠤᠷᠠᠭᠤᠯᠤᠯ ᠢ ᠣᠯᠠᠨ ᠤᠳᠠᠭ᠎ᠠ ᠵᠣᠬᠢᠶᠠᠨ ᠪᠠᠶᠢᠭᠤᠯᠤᠨ ᠣᠷᠣᠯᠴᠠᠵᠤ᠂ ᠮᠠᠨ ᠤ ᠣᠷᠣᠨ ᠤ ︽ᠬᠤᠤᠰ ᠨᠡᠭᠦᠷᠡᠰᠦᠲᠥ᠋ᠷᠥᠭᠴᠢ︾᠎ ᠶᠢᠨ ᠪᠠᠶᠢᠯᠳᠤᠬᠤ ᠪᠣᠳᠣᠯᠭ᠎ᠠ ᠪᠠ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠬᠥᠭᠵᠢᠯᠲᠡ ᠳᠤ ᠴᠢᠳᠠᠪᠤᠷᠢᠲᠠᠨ ᠤ ᠬᠦᠴᠦᠨ ᠢ ᠨᠡᠮᠡᠷᠢᠯᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号