︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠳᠦᠭᠡᠨ ᠪᠠᠶᠢᠭᠤᠯᠬᠤ︾ ᠲᠤᠰᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/18
        11 ᠰᠠᠷ᠎ᠠ ᠶᠢᠨ 14᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ︾ ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ᠂ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠥᠲᠥᠭᠡᠨ ᠪᠠᠶᠢᠭᠤᠯᠬᠤ︾ ᠲᠤᠰᠬᠠᠶ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢᠨ ᠲᠣᠭᠤᠷᠢᠨ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠨᠢᠳᠤᠨᠤᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠲᠤ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ᠂ ᠰᠢᠨ᠎ᠡ ᠴᠠᠭ ᠦᠶ᠎ᠡ ᠶᠢᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦᠷᠬᠡᠭᠵᠢᠯ ᠢ ᠵᠠᠰᠠᠬᠤ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠬᠦ ᠶᠡᠷᠦᠩᠬᠡᠢ ᠲᠠᠶᠢᠴᠢᠯᠠᠯᠳᠠ ᠶᠢᠨ ᠵᠠᠷᠯᠢᠭ ᠪᠠᠭᠤᠯᠭᠠᠪᠠ᠃ ᠥᠪᠥᠷ ᠮᠣᠩᠭᠤᠯ ᠵᠠᠷᠯᠢᠭ ᠢ ᠰᠣᠨᠣᠰᠤᠮᠠᠭᠴᠠ ᠪᠠᠨ ᠬᠥᠳᠡᠯᠦᠯᠴᠡᠵᠦ᠂ ᠵᠠᠷᠯᠢᠭ ᠢ ᠰᠣᠨᠣᠰᠤᠮᠠᠭᠴᠠ ᠪᠠᠨ ᠬᠤᠰᠢᠭᠤᠴᠢᠯᠠᠨ ᠠᠵᠢᠯᠯᠠᠪᠠ᠃ 2023 ᠣᠨ ᠳᠤ᠂ ᠪᠥᠬᠦ ᠣᠷᠣᠨ 950 ᠲᠦᠮᠡᠨ ᠮᠥ ᠡᠯᠡᠰᠦ ᠶᠢ ᠰᠡᠷᠭᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ ᠣᠨ ᠤ ᠡᠭᠦᠷᠭᠡ ᠪᠠᠨ 151 %᠎ ᠪᠠᠷ ᠪᠡᠶᠡᠯᠡᠭᠦᠯᠪᠡ︔ ᠡᠨᠡ ᠵᠢᠯ ᠨᠢᠭᠡᠨᠲᠡ 1954 ᠲᠦᠮᠡᠨ ᠮᠥ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ ᠣᠨ ᠤ ᠡᠭᠦᠷᠭᠡ ᠪᠠᠨ 113 %᠎ ᠪᠠᠷ ᠪᠡᠶᠡᠯᠡᠭᠦᠯᠵᠦ᠂ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ︽ᠬᠤᠷᠳᠤᠴᠠ ᠶᠢ ᠲᠦᠷᠭᠡᠳᠬᠡᠪᠡ︾᠃ ᠲᠠᠷᠠᠭᠠᠴᠢ ᠶᠢᠨ ᠠᠯᠬᠤᠮ ᠳᠤ᠂ 7 ᠲᠠᠯ᠎ᠠ ᠶᠢᠨ ᠲᠣᠭᠲᠠᠴᠠ ᠶᠢᠨ ᠰᠢᠨ᠎ᠡ ᠡᠭᠦᠳᠦᠯᠲᠡ ᠶᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃
W020241115610888954351.jpg
    ᠨᠢᠭᠡ ᠳᠤ ᠵᠣᠬᠢᠶᠠᠨ ᠪᠠᠶᠢᠭᠤᠯᠵᠤ ᠤᠳᠤᠷᠢᠳᠬᠤ ᠲᠠᠯ᠎ᠠ ᠪᠠᠷ ᠰᠢᠨ᠎ᠡ ᠶᠢ ᠡᠭᠦᠳᠬᠦ ᠬᠡᠷᠡᠭᠲᠡᠢ᠃ ᠡᠯ᠎ᠡ ᠭᠠᠵᠠᠷ ᠤᠨ ᠬᠢᠨ ᠢ ᠵᠢᠯᠣᠭᠤᠳᠤᠨ ︽ᠤᠮᠠᠷᠠᠲᠤ ᠶᠢᠨ ᠭᠤᠷᠪᠠᠨ ᠤᠷᠤᠨ︾᠎ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠣᠶ ᠰᠢᠭᠤᠶ ᠶᠢᠨ ᠳᠠᠷᠤᠭ᠎ᠠ ᠶᠢᠨ ᠳᠦᠷᠢᠮ ᠤᠨ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠵᠤ᠂ ᠲᠣᠭᠤᠷᠢᠭ ᠬᠤᠲᠠ ᠰᠢᠶᠠᠨ ᠰᠢᠶᠠᠩ ᠲᠣᠰᠬᠤᠨ ᠤ ︽ᠲᠠᠪᠤᠨ ᠱᠠᠲᠤᠨ ᠤ ᠱᠦᠵᠢ︾᠎ ᠶᠢᠨ ᠡᠯᠡᠰᠦᠷᠬᠡᠭᠵᠢᠯ ᠢ ᠵᠠᠰᠠᠬᠤ ᠠᠵᠢᠯ ᠤᠨ ᠪᠠᠶᠢᠷᠢᠰᠢᠯ ᠢ ᠪᠠᠶᠢᠭᠤᠯᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠣᠶ ᠪᠣᠯᠭᠠᠬᠤ ᠬᠡᠷᠡᠭᠲᠡᠶ᠃ 2030 ᠣᠨ ᠪᠣᠯᠬᠤ ᠳᠤ᠂ ᠪᠥᠬᠦ ᠣᠷᠣᠨ ᠳᠤ ᠵᠠᠰᠠᠵᠤ ᠪᠣᠯᠬᠤ ᠭᠠᠵᠠᠷ ᠰᠢᠷᠣᠶ ᠣᠶ ᠰᠢᠭᠤᠶ ᠡᠪᠡᠰᠦ ᠤᠷᠭᠤᠮᠠᠯ ᠤᠨ ᠬᠤᠴᠢᠯᠭ᠎ᠠ ᠶᠢᠨ ᠪᠥᠲᠥᠭᠡᠨ ᠪᠠᠶᠢᠭᠤᠯᠤᠯᠲᠠ ᠶᠢ 9704 ᠲᠦᠮᠡᠨ ᠮᠥ ᠪᠡᠶᠡᠯᠡᠭᠦᠯᠵᠦ᠂ ᠵᠠᠰᠠᠵᠤ ᠪᠣᠯᠬᠤ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠵᠠᠰᠠᠯᠲᠠ ᠶᠢᠨ ᠨᠣᠷᠮ᠎ᠠ ᠶᠢ 68.48%᠎ ᠳᠤ ᠬᠦᠷᠦᠭᠦᠯᠦᠨ᠎ᠡ᠃
W020241115610888967575.jpg
    ᠬᠤᠶᠠᠷ ᠲᠤ ᠢᠨᠵᠧᠨᠧᠷᠢᠩ ᠢ ᠠᠭᠤᠰᠤᠯᠴᠠᠭᠤᠯᠬᠤ ᠲᠠᠯ᠎ᠠ ᠪᠠᠷ ᠰᠢᠨ᠎ᠡ ᠶᠢ ᠡᠭᠦᠳᠬᠦ ᠬᠡᠷᠡᠭᠳᠡᠢ᠃ ︽ᠤᠮᠠᠷᠠᠲᠤ ᠶᠢᠨ ᠭᠤᠷᠪᠠᠨ ᠤᠷᠤᠨ︾᠎ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠯᠦᠭᠡ ᠣᠷᠭᠠᠨᠢᠭ ᠢᠶᠠᠷ ᠠᠭᠤᠰᠤᠯᠴᠠᠭᠤᠯᠵᠤ᠂ ᠨᠢᠭᠡ ᠴᠣᠠᠠᠴᠠᠵᠢᠭᠤᠯᠥᠨ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠴᠠᠬᠢᠯᠭᠠᠨ ᠤ ᠭᠡᠷᠡᠯᠴᠢ ᠴᠡᠨᠡᠭ ᠢ ᠨᠢᠭᠡ ᠴᠣᠠᠠᠴᠠᠵᠢᠭᠤᠯᠥᠠᠠᠰᠠᠨ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠂ ᠬᠤᠯᠪᠣᠭᠠᠲᠤ ᠴᠣᠭᠴᠠ ᠶᠢᠨ ᠳᠣᠲᠣᠭᠠᠳᠤ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠬᠤ ᠶᠢ ᠨᠢᠭᠡᠳᠦᠯᠲᠡᠶ ᠲᠥᠯᠥᠪᠯᠡᠨ᠂ ᠲᠥᠷᠥᠯ ᠵᠦᠢᠯ ᠤᠨ ᠪᠥᠬᠦ ᠠᠮᠢ ᠨᠠᠰᠤᠨ ᠤ ᠦᠶᠡᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠨᠢᠭᠡ ᠬᠡᠰᠡᠭ ᠢ ᠪᠠᠶᠢᠭᠤᠯᠵᠤ᠂ ᠨᠢᠭᠡ ᠬᠡᠰᠡᠭ ᠢ  ᠲᠤᠰᠢᠶᠠᠬᠤ ᠶᠢ ᠦᠨᠡᠨᠬᠦ ᠪᠠᠲᠤᠯᠠᠨ᠎ᠠ᠃ 2030 ᠣᠨ ᠪᠣᠯᠬᠤ ᠳᠤ᠂ ᠨᠢᠭᠡ ᠴᠣᠭᠴᠠᠵᠢᠭᠤᠯᠤᠭᠰᠠᠨ ᠢᠨᠵᠧᠨᠧᠷᠢᠩ ᠢᠶᠠᠷ ᠳᠠᠮᠵᠢᠭᠤᠯᠤᠨ ᠡᠯᠡᠰᠦᠷᠬᠡᠭᠵᠢᠭᠰᠡᠨ ᠭᠠᠵᠠᠷ ᠰᠢᠷᠣᠶ ᠶᠢ 1151 ᠲᠦᠮᠡᠨ ᠮᠥ ᠵᠠᠰᠠᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1.19 ᠳ᠋ᠦᠩᠰᠢᠭᠤᠷ ᠬᠢᠯᠦᠸᠠᠲ ᠢᠵᠢ ᠪᠦᠷᠢᠳᠦᠭᠦᠯᠦᠨ᠎ᠡ᠃     ᠭᠤᠷᠪᠠ ᠳᠤ ᠣᠯᠠᠨ ᠡᠰᠢᠲᠦ ᠣᠷᠣᠭᠤᠯᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠦᠨ᠎ᠡ᠃ ᠤᠯᠤᠰ ᠤᠨ ᠣᠷᠣᠭᠤᠯᠤᠯᠲᠠ ᠪᠠᠷ ᠭᠤᠣᠯ ᠪᠣᠯᠭᠠᠬᠤ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠠᠷ ᠬᠠᠪᠰᠤᠷᠤᠮᠵᠢ ᠪᠣᠯᠭᠠᠬᠤ᠂ ᠨᠡᠶᠢᠭᠡᠮ ᠤᠨ ᠬᠢᠨ ᠥᠷᠭᠡᠨ ᠢᠶᠠᠷ ᠣᠷᠣᠯᠴᠠᠭᠰᠠᠨ ︽1 + N︾ ᠣᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠤᠯᠤᠰ ᠤᠨ ᠲᠥᠷᠥᠯ ᠵᠦᠢᠯ ᠤᠨ ᠪᠡᠯᠡ ᠮᠥᠩᠭᠦ ᠶᠢ ᠰᠠᠶᠢᠲᠤᠷ ᠭᠦᠢᠴᠡᠳ ᠬᠡᠷᠡᠭᠯᠡᠭᠰᠡᠨ ᠰᠠᠭᠤᠷᠢᠨ ᠳᠡᠭᠡᠷ᠎ᠡ᠂ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠰᠠᠭᠤᠷᠢ ᠮᠥᠩᠭᠦ ᠪᠠᠶᠢᠭᠤᠯᠬᠤ᠂ ᠰᠠᠭᠤᠷᠢ ᠮᠥᠩᠭᠦ ᠶᠢᠨ ᠨᠡᠶᠢᠭᠡᠮᠯᠢᠭ ᠪᠠᠶᠢᠭᠤᠯᠬᠤ᠂ ᠲᠥᠪ ᠤᠨ ᠠᠵᠤ ᠠᠬᠤᠶᠢᠯᠠᠯ ᠢ ᠳᠠᠶᠢᠴᠢᠯᠠᠨ ᠣᠷᠣᠯᠴᠠᠭᠤᠯᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠯᠡᠰᠦᠷᠬᠡᠭᠵᠢᠯ ᠢ ᠵᠠᠰᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠡᠯᠡ ᠮᠥᠩᠭᠦ ᠪᠡᠯᠡᠳᠬᠡᠵᠦ᠂ ᠵᠢᠱᠢᠯᠲᠡ ᠪᠠᠷ 2030 ᠣᠨ ᠪᠣᠯᠬᠤ ᠳᠤ ᠥᠪᠡᠷ ᠲᠡᠭᠡᠨ ᠴᠤᠭᠯᠠᠭᠤᠯᠬᠤ ᠪᠡᠯᠡ ᠮᠥᠩᠭᠦ ᠶᠢ 500 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃    ᠲᠦᠷᠪᠡ ᠳᠤ᠂ ᠵᠠᠰᠠᠯᠲᠠ ᠶᠢᠨ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠬᠦ ᠬᠡᠷᠡᠭᠲᠡᠢ᠃ ︽ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠵᠤ ᠬᠦᠴᠦ ᠪᠠᠨ ᠬᠠᠮᠲᠤᠳᠬᠠᠨ ︿  ᠤᠮᠠᠷᠠᠲᠤ ᠶᠢᠨ ᠭᠤᠷᠪᠠᠨ ᠤᠷᠤᠨ﹀᠎ ᠎ ᠤ ᠢᠨᠵᠧᠨᠧᠷᠢᠩ ᠤᠨ ᠪᠠᠬᠢᠯᠡᠯᠲᠡ ᠳᠠᠭᠠᠷᠢᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠶ ᠰᠠᠨᠠᠯ︾ ᠵᠢᠴᠢ ᠬᠡᠷᠡᠭᠵᠢᠭᠦᠯᠬᠦ ᠨᠠᠷᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾᠂ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾᠂ ︽ᠤᠷᠢᠳᠠᠪᠠᠷ ᠡᠯᠰᠡᠵᠦ ᠳᠠᠷᠠᠭ᠎ᠠ ᠨᠢ ᠨᠥᠬᠦᠪᠥᠷᠢᠯᠡᠬᠦ︾᠂ ︽ᠵᠠᠮ ᠢᠶᠠᠷ ᠡᠯᠡᠰᠦᠷᠬᠡᠭᠵᠢᠯ ᠢ ᠵᠠᠰᠠᠬᠤ︾ ᠵᠡᠷᠭᠡ ᠵᠠᠭᠪᠤᠷ ᠢ ᠰᠦᠪᠡᠭᠴᠢᠯᠡᠨ ᠳᠡᠯᠭᠡᠷᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠳᠤ ᠲᠠᠷᠢᠶᠠᠴᠢᠨ ᠮᠠᠯᠴᠢᠳ ᠤᠨ ᠣᠷᠣᠯᠴᠠᠬᠤ ᠬᠠᠷᠢᠭᠤᠴᠠᠯᠭ᠎ᠠ᠂ ᠡᠭᠦᠷᠭᠡ ᠪᠣᠯᠤᠨ ᠡᠷᠬᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠮᠢᠶ᠎ᠠ ᠪᠦᠬᠦᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ︽ᠨᠠᠶᠢᠷᠠᠯ ᠳᠠᠭᠤᠤ︾᠎ ᠶᠢ ᠴᠤᠤᠷᠢᠶᠠᠲᠤᠭᠤᠯᠬᠤ ᠬᠡᠷᠡᠭᠲᠡᠶ᠃     ᠲᠠᠪᠤ ᠳᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠲᠠᠯ᠎ᠠ ᠪᠠᠷ ᠰᠢᠨ᠎ᠡ ᠶᠢ ᠡᠭᠦᠳᠬᠦ ᠬᠡᠷᠡᠭᠲᠡᠶ᠃ ᠵᠠᠰᠠᠭ ᠵᠠᠬᠢᠷᠭᠠᠨ ᠤ ᠣᠷᠣᠨ ᠤ ᠵᠠᠭᠠᠭ ᠬᠢᠵᠠᠭᠠᠷ ᠢ ᠬᠦᠴᠦᠯᠡᠨ ᠡᠪᠳᠡᠵᠦ᠂ ᠥᠪᠥᠷ ᠮᠣᠩᠭᠤᠯ ᠾᠧᠪᠧᠶ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ᠂ ᠭᠠᠨᠰᠦ ᠥᠪᠥᠷ ᠮᠣᠩᠭᠤᠯ ᠤᠨ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠪᠠ ᠮᠤᠤᠠᠤᠰᠤ ᠶᠢᠨ ᠡᠯᠡᠰᠦᠷᠬᠡᠭ ᠭᠠᠵᠠᠷ ᠢ ᠮᠤᠵᠢ ᠣᠷᠣᠨ ᠠᠯᠤᠰᠯᠠᠨ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠠᠵᠢᠯ ᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠣᠶᠢᠷ᠎ᠠ ᠶᠢᠨ ᠬᠤᠭᠤᠴᠠᠭᠠᠨ ᠳᠤ ᠪᠢᠳᠡ ᠪᠠᠰᠠ ᠨᠢᠩᠰᠢᠶᠠ ᠯᠤᠭ᠎ᠠ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠲᠩᠷᠢ ᠡᠯᠡᠰᠦ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠪᠠᠷ ᠭᠤᠤᠯᠳᠠᠯᠭ᠎ᠠ ᠪᠣᠯᠭᠠᠵᠤ᠂ ᠥᠪᠥᠷ ᠮᠣᠩᠭᠤᠯ ᠨᠢᠩᠰᠢᠶᠠ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠵᠢᠱᠢᠶ᠎ᠡ ᠦᠵᠡᠭᠦᠯᠬᠦ ᠥᠯᠢᠭᠡᠷ ᠳᠠᠭᠤᠷᠢᠶᠠᠯ ᠢ ᠪᠣᠶ ᠪᠣᠯᠭᠠᠨ᠎ᠠ᠃     ᠵᠢᠷᠭᠤᠭ᠎ᠠ ᠳᠤ᠂ ᠡᠯᠧᠮᠧᠨ᠋ᠲ ᠤᠨ ᠪᠠᠲᠤᠯᠠᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠬᠡᠷᠡᠭᠳᠡᠢ᠃ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠪᠲᠤᠯᠤᠯᠲᠠ︾᠎ ᠶᠢᠨ ᠢᠨᠵᠧᠨᠧᠷᠢᠩ ᠢ ᠭᠦᠨᠵᠡᠭᠡᠶ ᠨᠠᠶᠢᠳᠠᠪᠤᠷᠢᠵᠢᠭᠤᠯᠵᠤ᠂ ︽ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ︾ ᠠᠷᠭ᠎ᠠ ᠮᠠᠶ᠋ᠢᠭ ᠢᠶᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ 15 ᠪᠣᠭᠤᠮᠲᠠ ᠰᠢᠪᠲᠤᠯᠬᠤ ᠲᠥᠷᠥᠯ ᠵᠦᠢᠯ ᠢ ᠬᠡᠷᠡᠭᠵᠢᠭᠦᠯᠵᠦ᠂ ︽ᠤᠮᠠᠷᠠᠲᠤ ᠶᠢᠨ ᠭᠤᠷᠪᠠᠨ ᠤᠷᠤᠨ︾᠎ ᠎ ᠤ ᠢᠨᠵᠧᠨᠧᠷᠢᠩ ᠤᠨ ᠰᠢᠨᠵᠢᠯᠡᠬᠦ ᠤᠬᠠᠭᠠᠨ ᠮᠡᠷᠭᠡᠵᠢᠯ ᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠯᠡᠰᠦ ᠶᠢ ᠵᠠᠰᠠᠬᠤ᠂ ᠮᠧᠬᠠᠨᠢᠭ ᠢᠶᠠᠷ ᠡᠯᠡᠰᠦ ᠶᠢ ᠵᠠᠰᠠᠬᠤ ᠡᠷᠴᠢᠮ ᠢ ᠴᠢᠩᠭᠠᠷᠠᠭᠤᠯᠵᠤ᠂ ᠡᠯᠡᠰᠦ ᠶᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠤᠨ ᠬᠢᠨ ᠤ ᠲᠤᠬᠠᠶ ᠶᠢᠨ ᠭᠠᠵᠠᠷ ᠠᠴᠠ ᠮᠠᠲ᠋ᠧᠷᠢᠶᠠᠯ ᠠᠪᠬᠤ᠂ ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ ᠶᠢ ᠵᠣᠷᠢᠭᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ᠂ ᠡᠯᠡᠰᠦᠨ ᠬᠠᠯᠬᠠᠪᠴᠢ ᠶᠢᠨ ᠮᠠᠲ᠋ᠧᠷᠢᠶᠠᠯ ᠵᠡᠷᠭᠡ ᠡᠳ᠋ ᠪᠣᠳᠠᠰ ᠢ ᠵᠣᠬᠢᠰᠲᠠᠶ ᠤᠷᠢᠳᠴᠢᠯᠠᠨ ᠨᠥᠭᠡᠴᠡᠯᠡᠵᠦ᠂ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠦᠷ᠎ᠡ ᠴᠢᠬᠢ ᠶᠢᠨ ᠮᠠᠲ᠋ᠧᠷᠢᠶᠠᠯ ᠤᠨ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃     ᠳᠣᠯᠤᠭ᠎ᠠ ᠳᠤ᠂ ᠦᠷ᠎ᠡ ᠪᠦᠲᠦᠭᠡᠯ ᠢᠶᠠᠨ ᠪᠠᠬᠢᠵᠢᠭᠦᠯᠬᠦ ᠲᠠᠯ᠎ᠠ ᠪᠠᠷ ᠰᠢᠨ᠎ᠡ ᠶᠢ ᠡᠭᠦᠳᠬᠦ ᠬᠡᠷᠡᠭᠲᠡᠶ᠃ ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢ ᠠᠳᠠᠯᠢᠬᠠᠨ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠎ᠠ᠃ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠥᠬᠦ ᠣᠷᠣᠨ ᠤ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠠᠪᠤᠳᠠᠯ ᠢ ᠰᠢᠢᠳᠪᠦᠷᠢᠯᠡᠬᠦ ᠠᠵᠢᠯ ᠤᠨ ᠲᠥᠰᠦᠯ ᠢ ᠲᠣᠭᠲᠠᠭᠠᠨ ᠨᠡᠶᠢᠲᠡᠯᠡᠵᠦ᠂ ᠨᠤᠲᠤᠭ ᠪᠡᠯᠴᠢᠭᠡᠷ ᠢ ᠲᠣᠭᠤᠷᠢᠨ ᠪᠠᠶᠢᠴᠠᠭᠠᠬᠤ ᠬᠢᠨᠠᠯᠲᠠ ᠬᠠᠮᠢᠶᠠᠷᠤᠯᠲᠠ ᠶᠢᠨ ᠶᠡᠭᠡ ᠠᠩᠭᠢ ᠶᠢ ᠪᠠᠶᠢᠭᠤᠯᠤᠨ᠂ ᠬᠢᠯᠢ ᠶᠢᠨ ᠭᠠᠩ ᠬᠠᠭᠤᠷᠠᠢ ᠮᠠᠯᠵᠢᠬᠤ ᠣᠷᠣᠨ ᠳᠤ ᠪᠦᠬᠦᠯᠢ ᠴᠣᠭᠴᠠ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠷᠰᠢᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ 2030 ᠣᠨ ᠪᠣᠯᠬᠤ ᠳᠤ ᠪᠥᠬᠦ ᠣᠷᠣᠨ ᠤ ᠪᠤᠢ ᠪᠥᠬᠦᠢ ᠬᠤᠰᠢᠭᠤ ᠰᠢᠶᠠᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠢᠭᠠᠯᠲᠠ ᠲᠤᠭ᠎ᠠ ᠶᠢ 10 %᠎ ᠠᠴᠠ ᠳᠣᠷᠣᠭᠰᠢ ᠲᠤ ᠲᠣᠭᠲᠠᠭᠤᠨ ᠪᠠᠶᠢᠯᠭᠠᠬᠤ ᠬᠡᠷᠡᠭᠲᠡᠢ᠃ ᠣᠶ ᠰᠢᠭᠤᠶ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮᠵᠢ ᠶᠢ ᠳᠠᠬᠢᠨ ᠪᠠᠶᠢᠭᠤᠯᠵᠤ᠂ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠡᠷᠬᠡ ᠣᠯᠭᠤᠵᠤ ᠣᠶ ᠰᠢᠭᠤᠶ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠲᠣᠷᠭᠠᠭᠤᠯᠢ ᠶᠢᠨ ᠡᠷᠬᠡ ᠶᠢ ᠦᠷᠭᠦᠯᠵᠢᠯᠡᠨ ᠬᠡᠷᠡᠭᠵᠢᠭᠦᠯᠵᠦ᠂ ᠬᠤᠲᠠ ᠰᠢᠶᠠᠨ ᠰᠢᠶᠠᠩ ᠭᠤᠷᠪᠠᠨ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠᠶᠢᠭᠤᠯᠬᠤ ᠶᠢ ᠠᠬᠢᠭᠤᠯᠵᠤ᠂ ᠨᠢᠭᠡ ᠪᠦᠯᠦᠭ ᠦᠨᠳᠦᠰᠦᠨ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠶᠢ ᠲᠦᠷᠭᠡᠳᠬᠡᠨ ᠰᠡᠷᠭᠦᠭᠡᠵᠦ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠦᠨ᠎ᠡ᠃ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠨᠡᠶᠢᠲᠡᠯᠢᠭ ᠬᠡᠷᠡᠭ ᠢ ᠢᠯᠡᠴᠢᠯᠡᠬᠦ ᠡᠷᠴᠢᠮ ᠢᠶᠠᠨ ᠴᠢᠩᠭᠠᠷᠠᠭᠤᠯᠤᠨ᠂ ︽ᠣᠭᠲᠣ ᠠᠭᠤᠴᠢᠯᠠᠬᠤ ᠥᠬᠡᠶ︾ ᠣᠪᠣᠷ ᠢᠶᠠᠷ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠯᠪᠠᠷ ᠪᠤᠰᠤ ᠪᠠᠷ ᠣᠯᠤᠭᠰᠠᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号