| 2024 ᠣᠨ ᠤ 11 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢ | ᠬᠤᠷᠠᠭᠤᠯᠬᠤ ᠠᠵᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠩᠬᠠᠳᠤᠭᠠᠷ ᠬᠤᠷᠠᠯ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ ᠬᠤᠷᠠᠯ ᠢ ᠡᠷᠭᠢᠯᠡᠭᠰᠡᠨ ᠪᠥᠭᠡᠳ | ᠶᠠᠷᠢᠶ᠎ᠠ ᠲᠠᠯᠪᠢᠵᠤ᠂ ᠶᠡᠷᠦᠩᠬᠡᠶ ᠢᠨᠵᠧᠨᠧᠷ ᠺᠠᠩ ᠬᠤᠩ 2024 ᠣᠨ ᠤ ᠪᠥᠬᠦ ᠣᠷᠣᠨ ᠤ ᠣᠶ ᠰᠢᠭᠤᠶ ᠨᠤᠲᠤᠭ | ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠣᠯᠤᠭᠰᠠᠨ ᠦᠷ᠎ᠡ | ᠪᠦᠲᠦᠭᠡᠯ ᠢ ᠵᠠᠷᠯᠠᠨ ᠮᠡᠳᠡᠭᠳᠡᠵᠦ᠂ 2025 ᠣᠨ ᠤ ᠠᠵᠢᠯ ᠤᠨ ᠭᠤᠤᠯᠳᠠᠯᠭ᠎ᠠ ᠲᠠᠢ ᠴᠢᠭᠯᠡᠯ ᠢ ᠲᠣᠳᠣᠷᠬᠠᠶᠢᠯᠠᠪᠠ᠂ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ | ᠨᠡᠭᠦᠷᠡᠰᠦᠲᠥ᠋ᠷᠥᠭᠴᠢ ᠶᠢᠨ ᠳᠠᠯᠳᠠ ᠬᠦᠴᠦᠨ ᠢ ᠦᠨᠡᠯᠡᠨ ᠵᠢᠱᠢᠭᠰᠡᠨ ᠮᠡᠳᠡᠭᠦᠯᠦᠯᠲᠡ︾ ᠶᠢ ᠬᠢᠨᠠᠨ ᠵᠥᠪᠯᠡᠵᠦ | ᠪᠠᠲᠤᠯᠠᠪᠠ᠃ ᠡᠯ᠎ᠡ ᠪᠦᠷᠢᠯᠳᠦᠬᠦᠨ ᠨᠢᠭᠡᠴᠢ ᠲᠤᠰ ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠢᠯ ᠢ | ᠥᠷᠨᠢᠭᠦᠯᠦᠭᠰᠡᠨ ᠪᠠᠶᠢᠳᠠᠯ ᠢᠶᠠᠨ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ | ᠲᠣᠭᠤᠷᠢᠨ ᠤ ᠲᠢᠩᠬᠢᠮ ᠤᠨ ᠳᠡᠳ᠋ ᠲᠢᠩᠬᠢᠮ ᠤᠨ ᠳᠠᠷᠤᠭ᠎ᠠ ᠸᠧᠶ ᠾᠧ ᠵᠠᠩ᠂ ᠡᠳ᠋ ᠤᠨ ᠵᠠᠰᠠᠭ ᠤᠨ ᠲᠢᠩᠬᠢᠮ ᠤᠨ | ᠳᠡᠳ᠋ ᠲᠢᠩᠬᠢᠮ ᠤᠨ ᠳᠠᠷᠤᠭ᠎ᠠ ᠸᠠᠩ ᠹᠧᠩ ᠴᠢ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠮᠧᠩ ᠴᠢᠶᠠᠩ᠂ ᠣᠶ ᠰᠢᠭᠤᠶ ᠶᠢᠨ ᠠᠵᠤ ᠦᠢᠯᠡᠳᠪᠦᠷᠢ ᠶᠢᠨ | ᠪᠦᠯᠦᠭᠯᠡᠯ ᠤᠨ ᠳᠡᠳ᠋ ᠶᠡᠷᠦᠩᠬᠡᠶ ᠳᠠᠭᠠᠭᠠᠮᠠᠯ ᠵᠠᠩ ᠲᠢᠶᠧ ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠰᠠᠨᠠᠯ ᠢᠶᠠᠨ | ᠰᠣᠯᠢᠯᠴᠠᠬᠤ ᠦᠭᠡ ᠬᠡᠯᠡᠵᠦ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠠᠮᠢᠶ᠎ᠠ ᠪᠥᠬᠦᠶ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | | | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ | ᠨᠡᠭᠦᠷᠡᠰᠦᠲᠥ᠋ᠷᠥᠭᠴᠢ ᠶᠢᠨ ᠳᠠᠯᠳᠠ ᠬᠦᠴᠦᠨ ᠢ ᠦᠨᠡᠯᠡᠨ ᠵᠢᠱᠢᠭᠰᠡᠨ ᠮᠡᠳᠡᠭᠦᠯᠦᠯᠲᠡ︾ ᠶᠢ ᠰᠤᠳᠤᠯᠤᠨ ᠪᠠᠲᠤᠯᠠᠪᠠ᠂ | ᠲᠣᠰ ᠮᠡᠳᠡᠭᠦᠯᠦᠯᠲᠡ ᠨᠢ IPCC ᠬᠦᠯᠡᠮᠵᠢ ᠶᠢᠨ ᠬᠡᠶ ᠪᠡᠶᠡᠲᠦ ᠶᠢᠨ ᠨᠠᠷᠢᠨ ᠲᠠᠩᠰᠠ ᠶᠢᠨ ᠠᠷᠭ᠎ᠠ ᠳᠤ ᠰᠠᠭᠤᠷᠢᠯᠠᠨ᠂ | ᠣᠶ ᠰᠢᠭᠤᠶ ᠨᠤᠲᠤᠭ ᠪᠡᠯᠴᠢᠭᠡᠷ ᠴᠢᠭᠢᠭᠯᠢᠭ ᠭᠠᠵᠠᠷ ᠤᠨ ᠨᠡᠭᠦᠷᠡᠰᠦᠲᠥ᠋ᠷᠥᠭᠴᠢ ᠶᠢ ᠬᠡᠮᠵᠢᠬᠦ ᠵᠠᠭᠪᠤᠷ ᠵᠢᠴᠢ | ᠨᠡᠭᠦᠷᠡᠰᠦᠲᠥ᠋ᠷᠥᠭᠴᠢ ᠶᠢ ᠬᠤᠷᠠᠭᠤᠯᠬᠤ ᠡᠬᠢ ᠪᠠᠶᠠᠯᠢᠭ ᠤᠨ ᠳ᠋ᠠᠶᠢᠲ᠋ᠠ ᠬᠥᠮᠥᠷᠭᠡ ᠶᠢ ᠪᠠᠶᠢᠭᠤᠯᠬᠤ ᠶᠢᠨ ᠬᠠᠮᠲᠤ | ᠨᠡᠭᠦᠷᠡᠰᠦᠲᠥ᠋ᠷᠥᠭᠴᠢ ᠶᠢᠨ ᠬᠠᠳᠠᠭᠠᠯᠠᠭᠳᠠᠴᠠ ᠪᠠ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠬᠡᠮᠵᠢᠶ᠎ᠡ ᠶᠢ | ᠲᠥᠰᠦᠭᠡᠯᠡᠨ ᠪᠤᠳᠤᠭᠰᠠᠨ ᠪᠠᠶᠢᠨ᠎ᠠ᠃ | 2024 ᠣᠨ ᠳᠤ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ | ᠨᠢᠭᠡᠴᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠬᠠᠮᠵᠢᠯᠴᠠᠨ ᠠᠬᠢᠭᠤᠯᠵᠤ᠂ ᠣᠶ | ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠵᠤ᠂ ᠨᠡᠭᠡᠭᠡᠨ ᠬᠥᠭᠵᠢᠭᠦᠯᠵᠦ ᠠᠷᠠᠯᠵᠢᠶᠠᠯᠠᠬᠤ | ᠵᠡᠷᠭᠡ ᠠᠵᠢᠯ ᠳᠤ ᠢᠯᠡᠳᠲᠡ ᠦᠷ᠎ᠡ ᠪᠦᠲᠦᠮᠵᠢ ᠣᠯᠵᠠᠶ᠃ ᠨᠡᠭᠦᠷᠡᠰᠦᠲᠥ᠋ᠷᠥᠭᠴᠢ ᠶᠢᠨ ᠬᠤᠷᠠᠮᠠᠯ ᠢ ᠨᠡᠭᠡᠭᠡᠨ | ᠠᠰᠢᠭᠯᠠᠬᠤ ᠠᠷᠠᠯᠵᠢᠶᠠᠨ ᠤ ᠲᠠᠯ᠎ᠠ ᠪᠠᠷ᠂ ᠪᠥᠬᠦ ᠣᠷᠣᠨ ᠳᠤ ᠨᠡᠶᠢᠲᠡ 83 . 4 ᠲᠦᠮᠡᠨ ᠲᠣᠨ᠂ 3323 . 4 | ᠲᠦᠮᠡᠨ ᠲᠥᠭᠦᠷᠢᠭ ᠤᠨ ᠠᠷᠠᠯᠵᠢᠶᠠᠨ ᠤ ᠬᠡᠮᠵᠢᠶ᠎ᠡ ᠶᠢ ᠪᠡᠶᠡᠯᠡᠭᠦᠯᠵᠦ᠂ CCER ᠤᠨ ᠨᠡᠭᠦᠷᠡᠰᠦᠲᠥ᠋ᠷᠥᠭᠴᠢ ᠶᠢᠨ | ᠬᠤᠷᠠᠮᠠᠯ ᠤᠨ 18 ᠲᠥᠷᠥᠯ ᠵᠦᠢᠯ ᠢ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠪᠡ᠂ ᠡᠭᠦᠨ ᠳᠤ ᠣᠶ ᠰᠢᠭᠤᠶ ᠶᠢᠨ | ᠠᠵᠤ ᠦᠢᠯᠡᠳᠪᠦᠷᠢ ᠶᠢᠨ ᠪᠦᠯᠦᠭᠯᠡᠯ ᠤᠨ 2 ᠲᠥᠷᠥᠯ ᠵᠦᠢᠯ ᠨᠢ ᠪᠥᠬᠦ ᠤᠯᠤᠰ ᠤᠨ CCER ᠤᠨ ᠲᠦᠷᠦᠭᠦᠦ | ᠪᠦᠯᠦᠭ ᠤᠨ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠪᠡ᠃ ᠨᠡᠭᠦᠷᠡᠰᠦᠲᠥ᠋ᠷᠥᠭᠴᠢ ᠶᠢ ᠬᠤᠷᠠᠭᠤᠯᠬᠤ ᠬᠡᠷᠡᠭᠯᠡᠭᠡᠨ ᠤ | ᠪᠠᠶᠢᠳᠠᠯ ᠤᠨ ᠲᠠᠯ᠎ᠠ ᠪᠠᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ ᠢ ᠮᠠᠨ ᠤ ᠤᠯᠤᠰ ᠤᠨ ᠠᠩᠬᠠᠳᠠᠭᠴᠢ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ︽ | ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠪᠣᠯᠭᠠᠨ ᠠᠮᠵᠢᠯᠲᠠ ᠲᠠᠢ ᠪᠠᠶᠢᠭᠤᠯᠵᠤ᠂ ᠣᠯᠠᠨ ᠠᠵᠢᠯᠯᠠᠭ᠎ᠠ | ᠵᠢᠴᠢ ᠬᠤᠷᠠᠯ ᠢ ᠳᠠᠭᠠᠭᠤᠯᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠵᠦ᠂ | ᠨᠡᠭᠦᠷᠡᠰᠦᠲᠥ᠋ᠷᠥᠭᠴᠢ ᠶᠢ 5 ᠲᠦᠮᠡ ᠭᠠᠷᠤᠶ ᠲᠣᠨ ᠰᠢᠩᠭᠡᠭᠡᠨ ᠠᠪᠴᠠᠶ᠃ ᠡᠭᠦᠨ ᠤ ᠬᠠᠮᠲᠤ ᠠᠮᠢ ᠠᠬᠤᠶ ᠶᠢᠨ | ᠥᠷᠲᠡᠭ ᠤᠨ ᠬᠤᠬᠢᠷᠠᠯ ᠤᠨ ︽ᠨᠡᠭᠦᠷᠡᠰᠦᠲᠥ᠋ᠷᠥᠭᠴᠢ ᠪᠠᠷ ᠲᠥᠯᠥᠪᠦᠷᠢ ᠶᠢ ᠣᠷᠣᠯᠠᠭᠤᠯᠬᠤ︾ ᠵᠠᠭᠪᠤᠷ ᠢ | ᠳᠡᠯᠭᠡᠷᠡᠭᠦᠯᠵᠦ᠂ 39 ᠬᠡᠷᠡᠭ ᠢ ᠰᠢᠳᠬᠡᠵᠦ᠂ ᠠᠮᠢ ᠠᠬᠤᠶ ᠶᠢᠨ ᠥᠷᠲᠡᠭ ᠤᠨ ᠨᠥᠬᠦᠪᠥᠷᠢ ᠶᠢ 21 . 3 ᠲᠦᠮᠡᠨ | ᠲᠥᠭᠦᠷᠢᠭ ᠪᠡᠶᠡᠯᠡᠭᠦᠯᠪᠡ᠃ ᠨᠡᠭᠦᠷᠡᠰᠦᠲᠥ᠋ᠷᠥᠭᠴᠢ ᠬᠤᠷᠠᠭᠤᠯᠬᠤ ᠶᠢ ᠬᠢᠨᠠᠨ ᠬᠡᠮᠵᠢᠬᠦ ᠰᠢᠰᠲ᠋ᠧᠮᠵᠢ ᠶᠢᠨ | ᠪᠠᠶᠢᠭᠤᠯᠤᠯᠲᠠ ᠶᠢᠨ ᠲᠠᠯ᠎ᠠ ᠪᠠᠷ᠂ ︽ᠳᠥᠷᠪᠡᠨ ᠬᠦᠷᠢᠶᠡᠯᠡᠩ᠂ ᠬᠤᠶᠠᠷ ᠲᠥᠪ᠂ ᠳᠥᠷᠪᠡᠨ ᠲᠤᠷᠰᠢᠯᠲᠠ︾ ᠪᠠᠷ | ᠭᠤᠤᠯ ᠴᠣᠭᠴᠠ ᠪᠣᠯᠭᠠᠭᠰᠠᠨ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠴᠢᠭᠢᠭᠯᠢᠭ ᠭᠠᠵᠠᠷ ᠤᠨ | ᠨᠡᠭᠦᠷᠡᠰᠦᠲᠥ᠋ᠷᠥᠭᠴᠢ ᠬᠤᠷᠠᠭᠤᠯᠬᠤ ᠶᠢ ᠬᠢᠨᠠᠨ ᠬᠡᠮᠵᠢᠬᠦ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠵᠦ᠂ ᠪᠥᠬᠦ | ᠣᠷᠣᠨ ᠤ ᠣᠶ ᠰᠢᠭᠤᠶ ᠨᠤᠲᠤᠭ ᠪᠡᠯᠴᠢᠭᠡᠷ ᠴᠢᠭᠢᠭᠯᠢᠭ ᠭᠠᠵᠠᠷ ᠤᠨ ᠨᠡᠭᠦᠷᠡᠰᠦᠲᠥ᠋ᠷᠥᠭᠴᠢ ᠶᠢᠨ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠠᠪᠴᠠᠩ ᠢ ᠲᠡᠭᠦᠯᠳᠡᠷᠵᠢᠭᠦᠯᠦᠨ᠂ ᠣᠶ ᠰᠢᠭᠤᠶ ᠨᠤᠲᠤᠭ ᠪᠡᠯᠴᠢᠭᠡᠷ ᠴᠢᠭᠢᠭᠯᠢᠭ ᠭᠠᠵᠠᠷ ᠤᠨ | ᠨᠡᠭᠦᠷᠡᠰᠦᠲᠥ᠋ᠷᠥᠭᠴᠢ ᠶᠢᠨ ᠳᠠᠯᠳᠠ ᠬᠦᠴᠦᠨ ᠢ ᠦᠨᠡᠯᠡᠨ ᠵᠢᠱᠢᠭᠰᠡᠨ ᠦᠷ᠎ᠡ ᠪᠦᠲᠦᠭᠡᠯ᠂ 12 ᠠᠶᠢᠮᠠᠭ ᠬᠤᠲᠠ ᠶᠢᠨ | ᠨᠡᠭᠦᠷᠡᠰᠦᠲᠥ᠋ᠷᠥᠭᠴᠢ ᠶᠢᠨ ᠬᠠᠳᠠᠭᠠᠯᠠᠭᠳᠠᠴᠠ᠂ ᠨᠡᠭᠦᠷᠡᠰᠦᠲᠥ᠋ᠷᠥᠭᠴᠢ ᠶᠢᠨ ᠬᠤᠷᠠᠮᠳᠤᠴᠠ ᠵᠢᠴᠢ CCER ᠲᠥᠷᠥᠯ | ᠵᠦᠢᠯ ᠵᠡᠷᠭᠡ ᠲᠤᠭ᠎ᠠ ᠪᠠᠷᠢᠮᠲᠠ ᠶᠢ ᠣᠷᠣᠭᠤᠯᠬᠤ ᠪᠠ ᠰᠢᠨᠡᠳᠬᠡᠬᠦ ᠶᠢ ᠥᠷᠨᠢᠭᠦᠯᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ 2025 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠢᠯ ᠨᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ | ᠬᠥᠳᠡᠯᠭᠡᠬᠦ ᠬᠦᠴᠦᠨ ᠪᠣᠯᠭᠠᠵᠤ᠂ ᠭᠤᠤᠯᠳᠠᠭᠤ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ | ᠬᠤᠷᠠᠭᠤᠯᠬᠤ ᠥᠷᠲᠡᠭ ᠢ ᠣᠯᠠᠨ ᠡᠰᠢᠵᠢᠭᠦᠯᠬᠦ ᠪᠠᠷ ᠣᠷᠣᠨ ᠪᠦᠰᠡ ᠶᠢᠨ ᠨᠡᠭᠦᠷᠡᠰᠦᠲᠥ᠋ᠷᠥᠭᠴᠢ ᠪᠠ ᠣᠶ ᠮᠣᠳᠣ | ᠳᠠᠷᠢᠬᠤ ᠶᠢ ᠪᠡᠶᠡᠯᠡᠭᠦᠯᠬᠦ ᠪᠠ ᠠᠬᠢᠭᠤᠯᠬᠤ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠲᠥᠷᠥ ᠶᠢᠨ | ᠪᠣᠳᠣᠯᠭ᠎ᠠ ᠲᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ 2024 ᠣᠨ ᠳᠤ ᠨᠠᠶᠢᠷᠠᠭᠤᠯᠤᠨ ᠵᠣᠬᠢᠶᠠᠭᠰᠠᠨ | ᠬᠡᠷᠡᠭᠵᠢᠭᠦᠯᠬᠦ ᠲᠥᠰᠦᠯ ᠪᠠ ᠬᠠᠮᠢᠶᠠᠷᠤᠯᠲᠠ ᠶᠢᠨ ᠠᠷᠭ᠎ᠠ ᠶᠢ ᠨᠠᠶᠢᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠶᠢ | ᠰᠢᠩᠭᠡᠭᠡᠨ ᠠᠪᠬᠤ ᠡᠬᠢ ᠪᠠᠶᠠᠯᠢᠭ ᠤᠨ ᠪᠦᠲᠦᠮᠵᠢᠲᠡᠶ ᠬᠠᠮᠢᠶᠠᠷᠤᠯᠲᠠ ᠪᠠ ᠲᠥᠷᠥᠯ ᠵᠦᠢᠯ ᠢ ᠲᠦᠷᠭᠡᠳᠬᠡᠨ ᠨᠡᠭᠡᠭᠡᠨ | ᠠᠰᠢᠭᠯᠠᠬᠤ ᠶᠢ ᠠᠬᠢᠭᠤᠯᠤᠨ᠎ᠠ︔ ᠠᠵᠢᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠴᠢᠩᠭᠠᠷᠠᠭᠤᠯᠵᠤ᠂ | ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ | ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠢᠯ ᠢ | ᠬᠠᠮᠵᠢᠯᠴᠠᠨ ᠠᠬᠢᠭᠤᠯᠬᠤ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠥᠷᠥᠯ ᠵᠦᠢᠯ ᠤᠨ | ᠲᠤᠭ᠎ᠠ ᠪᠠᠷᠢᠮᠲᠠ ᠶᠢᠨ ᠬᠠᠮᠢᠶᠠᠷᠤᠯᠲᠠ ᠪᠠ ᠲᠣᠬᠢᠷᠠᠭᠤᠯᠭ᠎ᠠ ᠶᠢ ᠴᠢᠩᠭᠠᠳᠬᠠᠨ᠎ᠠ︔ ᠬᠢᠨᠠᠨ ᠬᠡᠮᠵᠢᠬᠦ ᠰᠢᠰᠲ᠋ᠧᠮᠵᠢ ᠶᠢ | ᠪᠦᠷᠢᠨᠰᠢᠭᠦᠯᠦᠨ᠂ ︽ᠥᠪᠥᠷ ᠮᠣᠩᠭᠤᠯ ᠤᠨ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ | ᠬᠡᠮᠵᠢᠯᠲᠡ ᠪᠠᠷ ᠬᠢᠨᠠᠨ ᠬᠡᠮᠵᠢᠬᠦ ᠰᠢᠰᠲ᠋ᠧᠮᠵᠢ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠪᠡᠶᠡᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ ᠨᠡᠭᠦᠷᠡᠰᠦᠲᠥ᠋ᠷᠥᠭᠴᠢ ᠶᠢᠨ ᠬᠤᠷᠠᠮᠠᠯ ᠤᠨ | ᠬᠡᠮᠵᠢᠯᠲᠡ ᠪᠠᠷ ᠬᠢᠨᠠᠨ ᠬᠡᠮᠵᠢᠬᠦ ᠰᠢᠰᠲ᠋ᠧᠮᠵᠢ ᠶᠢ ᠴᠣᠭᠴᠠᠯᠠᠨ ᠪᠠᠶᠢᠭᠤᠯᠤᠨ᠎ᠠ︔ ᠲᠤᠯᠭᠠᠭᠤᠷᠢᠯᠠᠨ ᠪᠠᠲᠤᠯᠠᠬᠤ | ᠰᠢᠰᠲ᠋ᠧᠮᠵᠢ ᠶᠢ ᠰᠠᠶᠢᠲᠤᠷ ᠬᠡᠷᠡᠭᠯᠡᠵᠦ᠂ ᠣᠢ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ | ᠲᠤᠰᠬᠠᠶ ᠮᠡᠷᠭᠡᠵᠢᠯᠲᠡᠨ ᠤ ᠯᠠᠪᠯᠠᠭ᠎ᠠ ᠶᠢᠨ ᠺᠣᠮᠢᠰ᠂ ᠠᠺᠠᠳᠧᠮᠢᠴᠢ ᠶᠢᠨ ᠠᠵᠢᠯ ᠤᠨ ᠥᠷᠲᠡᠭᠡ ᠵᠡᠷᠭᠡ ᠰᠢᠨᠵᠢᠯᠡᠬᠦ | ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠰᠢᠨᠵᠢᠯᠡᠬᠦ | ᠤᠬᠠᠭᠠᠨ ᠮᠡᠷᠭᠡᠵᠢᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠷᠠᠯ ᠠᠴᠠ ᠡᠨᠡ ᠵᠢᠯ ᠤᠨ ᠠᠵᠢᠯ ᠤᠨ ᠦᠷ᠎ᠡ ᠪᠦᠲᠦᠭᠡᠯ ᠢ ᠨᠤᠲᠠᠯᠠᠵᠤ ᠪᠠᠶᠢᠬᠤ ᠪᠠᠨ ᠢᠯᠡᠳᠬᠡᠭᠰᠡᠨ ᠪᠥᠭᠡᠳ | ᠲᠠᠷᠠᠭᠠᠴᠢ ᠶᠢᠨ ᠠᠯᠬᠤᠮ ᠤᠨ ᠠᠵᠢᠯ ᠳᠤ ᠭᠤᠷᠪᠠᠨ ᠱᠠᠭᠠᠷᠳᠠᠯᠭ᠎ᠠ ᠳᠤᠷᠠᠳᠪᠠ᠄ ᠨᠢᠭᠡ ᠳᠤ ᠰᠢᠯᠭᠠᠯᠲᠠ ᠲᠤᠰᠢᠶᠠᠬᠤ | ᠤᠬᠠᠮᠰᠠᠷ ᠢ ᠪᠣᠶ ᠪᠣᠯᠭᠠᠵᠤ᠂ ᠪᠥᠬᠦ ᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠶ︔ ᠬᠤᠶᠠᠷ ᠲᠤ ᠨᠠᠶᠢᠳᠠᠪᠤᠷᠢᠵᠢᠭᠤᠯᠬᠤ ᠤᠬᠠᠮᠰᠠᠷ ᠢ ᠪᠣᠶ ᠪᠣᠯᠭᠠᠵᠤ᠂ 2025 ᠣᠨ ᠢ | ᠲᠦᠷᠢᠮ ᠢ ᠨᠠᠶᠢᠳᠠᠪᠤᠷᠢᠵᠢᠭᠤᠯᠬᠤ ᠣᠨ ᠪᠣᠯᠭᠠᠵᠤ᠂ ︽ᠨᠢᠭᠡ ᠢᠵᠢ ᠲᠦᠷᠢᠮ ᠲᠣᠭᠲᠠᠭᠠᠬᠤ︾ ᠶᠢ ᠲᠦᠷᠭᠡᠳᠬᠡᠨ᠂ | ᠥᠪᠡᠷᠲᠡᠭᠡᠨ ᠵᠠᠰᠠᠬᠤ ᠣᠷᠣᠨ ᠳᠤ ᠨᠠᠩ ᠶᠡᠭᠡ ᠦᠭᠡ ᠬᠡᠯᠡᠬᠦ ᠡᠷᠬᠡ ᠣᠯᠵᠤ ᠥᠭᠭᠦᠨ᠎ᠡ︔ ᠭᠤᠷᠪᠠ ᠳᠤ᠂ ᠰᠢᠨ᠎ᠡ ᠶᠢ | ᠡᠭᠦᠳᠬᠦ ᠤᠬᠠᠮᠰᠠᠷ ᠢᠶᠠᠨ ᠴᠢᠩᠭᠠᠳᠬᠠᠵᠤ᠂ ᠢᠮᠠᠭᠲᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ | ᠬᠦᠴᠦᠨ ᠪᠣᠯᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠢᠯ ᠤᠨ | ᠦᠷᠭᠦᠯᠵᠢᠯᠡᠨ ᠳᠡᠭᠡᠭᠰᠢᠯᠡᠬᠦ ᠶᠢ ᠪᠡᠶᠡᠯᠡᠭᠦᠯᠵᠦ᠂ ᠥᠪᠥᠷ ᠮᠣᠩᠭᠤᠯ ᠤᠨ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃ |