ᠲᠦᠯᠦᠭᠡᠯᠡᠭᠴᠢ ᠰᠠᠨ᠎ᠠ᠄ ᠬᠤᠢ ᠭᠤᠣᠯ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠮᠠᠯᠴᠢᠳ ᠤᠨ ᠠᠰᠢᠭ ᠲᠤᠰᠠ ᠶᠢ ᠪᠠᠲᠤᠯᠠᠪᠠᠯ ᠵᠣᠬᠢᠨ᠎ᠠ
ᠨᠡᠶᠢᠲᠡᠯᠡᠭᠰᠡᠨ ᠴᠠᠭ᠄
2024/2/1
    ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠬᠠᠶᠢᠯᠠᠷ ᠲᠤ ᠬᠤᠷᠠᠯᠳᠤᠵᠤ᠂ ᠲᠥᠯᠥᠭᠡᠯᠡᠭᠴᠢᠳ ᠮᠠᠨᠢ ᠮᠠᠨ ᠤ ᠬᠤᠲᠠ ᠶᠢᠨ ᠪᠦᠭᠦ ᠲᠠᠯ᠎ᠠ ᠶᠢᠨ ᠬᠥᠭᠵᠢᠯᠲᠡ ᠳᠤ ᠠᠷᠭ᠎ᠠ ᠤᠬᠠᠭᠠᠨ ᠢᠶᠠᠨ ᠰᠤᠪᠢᠵᠤ᠂ ᠬᠦᠴᠦᠨ ᠴᠢᠳᠠᠯ ᠢᠶᠠᠨ ᠡᠷᠭᠦᠬᠦ ᠪᠠᠷ ᠡᠯ᠎ᠡ ᠭᠠᠵᠠᠷ᠂ ᠡᠯ᠎ᠡ ᠠᠵᠢᠯ ᠤᠨ ᠪᠠᠶᠢᠷᠢ ᠠᠴᠠ ᠪᠠᠨ ᠬᠦᠷᠦᠯᠴᠡᠨ ᠢᠷᠡᠵᠦ ᠬᠤᠷᠠᠯ ᠳᠤ ᠣᠷᠣᠯᠴᠠᠪᠠ᠃ ᠡᠭᠦᠨ ᠤ ᠳᠤᠮᠳᠠ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠤᠢ ᠰᠤᠮᠤᠨ ᠤ ᠵᠠᠰᠠᠭ ᠤᠨ ᠣᠷᠳᠣᠨ ᠳᠤ ᠠᠵᠢᠯ ᠠᠯᠪᠠ ᠲᠠᠢ ᠰᠠᠨ᠎ᠠ ᠠᠴᠠ ︽ᠬᠤᠢ ᠭᠤᠣᠯ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠮᠠᠯᠴᠢᠳ ᠤᠨ ᠠᠰᠢᠭ ᠲᠤᠰᠠ ᠶᠢ ᠪᠠᠲᠤᠯᠠᠪᠠᠯ ᠵᠣᠬᠢᠨ᠎ᠠ︾ ᠬᠡᠮᠡᠬᠦ ᠰᠠᠨᠠᠯ ᠵᠥᠪᠯᠡᠯᠭᠡ ᠲᠠᠢ ᠪᠠᠨ ᠲᠤᠰ ᠤᠳᠠᠭᠠᠨ ᠤ ︽ᠬᠤᠶᠠᠷ ᠬᠤᠷᠠᠯ︾᠎ ᠳᠤ ᠤᠷᠤᠯᠴᠠᠵᠤ ᠪᠢᠯᠡ᠃
6384151479147228008036270.jpg
    ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠤᠢ ᠰᠤᠮᠤ ᠨᠢ ᠮᠠᠯᠵᠢᠬᠤ ᠠᠮᠢᠳᠤᠷᠠᠯ ᠢᠶᠠᠷ ᠭᠤᠣᠯᠯᠠᠭᠰᠠᠨ ᠰᠤᠮᠤ ᠪᠢᠯᠡ᠃ ᠬᠤᠢ ᠭᠤᠣᠯ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ 2002 ᠣᠨ ᠤ 7 ᠰᠠᠷ᠎ᠠ ᠳᠤ ᠪᠠᠶᠢᠭᠤᠯᠤᠭᠳᠠᠵᠤ᠂ ᠶᠡᠷᠦᠩᠬᠡᠢ ᠲᠠᠯᠠᠪᠠᠢ ᠨᠢ 3468.48 ᠲᠡᠭᠰᠢ ᠳᠥᠷᠪᠡᠯᠵᠢᠨ ᠺᠢᠯᠤᠮᠧᠲᠷ᠂ ᠡᠭᠦᠨ ᠳᠤ ᠨᠤᠲᠤᠭ ᠪᠡᠯᠴᠢᠭᠡᠷ ᠵᠢᠴᠢ ᠨᠤᠭᠤ ᠭᠠᠵᠠᠷ ᠤᠨ ᠲᠠᠯᠠᠪᠠᠶ 513 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ ᠬᠤᠶ ᠰᠤᠮᠤ ᠶᠢᠨ ᠠᠰᠢᠭᠯᠠᠵᠤ ᠪᠤᠯᠬᠤ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠶ ᠶᠢᠨ 32.1%᠎ ᠶᠢ ᠡᠵᠡᠯᠡᠵᠦ ᠪᠤᠢ᠃ ᠬᠤᠢ ᠰᠤᠮᠤ ᠶᠢᠨ 12 ᠭᠠᠴᠠᠭ᠎ᠠ ᠨᠡᠶᠢᠭᠡᠮ ᠲᠣᠭᠤᠷᠢᠭ ︵ᠡᠭᠦᠨ ᠳᠤ ᠤᠡᠭᠭᠤᠨᠲᠤᠬᠤᠢ ᠭᠠᠴᠠᠭ᠎ᠠ ᠶᠢᠨ ᠨᠢᠭᠡ ᠬᠡᠰᠡᠭ ᠭᠠᠵᠠᠷ ᠣᠷᠣᠨ ᠨᠢ ᠬᠠᠮᠠᠭᠠᠯᠠᠯᠲᠠ ᠶᠢᠨ ᠣᠷᠣᠨ ᠤ ᠭᠤᠣᠯᠳᠠᠯᠭ᠎ᠠ ᠲᠠᠢ ᠣᠷᠣᠨ ᠤ ᠬᠠᠷᠢᠶᠠᠨ ᠳᠤ ᠪᠠᠭᠲᠠᠬᠤ ᠦᠭᠡᠢ︶᠎ ᠨᠢ ᠴᠥᠮ ᠬᠤᠢ ᠭᠤᠣᠯ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠣᠯᠳᠠᠯᠭ᠎ᠠ ᠲᠠᠢ ᠣᠷᠣᠨ ᠵᠢᠴᠢ ᠵᠠᠪᠰᠠᠷ ᠤᠨ ᠣᠷᠣᠨ ᠤ ᠬᠠᠷᠢᠶᠠᠨ ᠳᠤ ᠣᠷᠣᠵᠤ ᠪᠠᠶᠢᠳᠠᠭ᠃ ᠡᠨᠡ ᠨᠢ ᠬᠤᠢ ᠭᠤᠣᠯ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ  ᠳᠠᠬᠢ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠵᠣᠬᠢᠬᠤ ᠬᠡᠮᠵᠢᠶᠡᠨ ᠤ ᠳᠠᠷᠤᠭᠠᠰᠤ ᠠᠪᠴᠢᠷᠠᠭᠰᠠᠨ ᠪᠠᠶᠢᠨ᠎ᠠ᠃ ᠨᠢᠭᠡ ᠲᠠᠯ᠎ᠠ ᠪᠠᠷ᠂ ᠣᠳᠣᠬᠠᠨ ᠳᠤ ᠬᠤᠢ ᠭᠤᠣᠯ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠣᠯᠳᠠᠯᠭ᠎ᠠ ᠲᠠᠢ ᠣᠷᠣᠨ ᠳᠤ ᠵᠠᠮ᠂ ᠴᠠᠭᠢᠯᠭᠠᠨ ᠤ ᠪᠦᠲᠦᠭᠡᠨ ᠪᠠᠶᠢᠭᠤᠯᠤᠯᠲᠠ ᠶᠢ ᠴᠠᠭᠠᠵᠠᠯᠠᠵᠤ ᠪᠠᠶᠢᠬᠤ ᠤᠴᠢᠷ ᠠᠴᠠ ᠮᠠᠯᠴᠢᠳ ᠤᠨ ᠵᠠᠮ ᠬᠠᠷᠢᠯᠴᠠᠭᠠᠨ ᠤ ᠨᠡᠪᠲᠡᠷᠡᠯᠭᠡ ᠵᠢᠴᠢ ᠴᠠᠭᠢᠯᠭᠠᠨ ᠬᠠᠩᠭᠠᠯᠭ᠎ᠠ ᠶᠢ ᠠᠳᠠᠯᠢ ᠪᠤᠰᠤ ᠶᠢᠨ ᠬᠡᠮᠵᠢᠶ᠎ᠡ ᠪᠠᠷ ᠬᠢᠵᠠᠭᠠᠷᠯᠠᠵᠤ᠂ ᠮᠠᠯᠴᠢᠳ ᠤᠨ ᠡᠳᠦᠷ ᠳᠤᠲᠤᠮ ᠤᠨ ᠦᠢᠯᠡᠳᠪᠦᠷᠢᠯᠡᠯ ᠠᠮᠢᠳᠤᠷᠠᠯ ᠢ ᠬᠦᠨᠳᠦ ᠨᠣᠴᠢᠲᠠᠢ ᠨᠥᠯᠥᠭᠡᠯᠡᠵᠦ ᠪᠤᠢ᠃ ᠨᠦᠭᠦᠭᠡ ᠲᠠᠯ᠎ᠠ ᠪᠠᠷ᠂ ᠬᠤᠶ ᠭᠤᠣᠯ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠣᠯᠳᠠᠯᠭ᠎ᠠ ᠲᠠᠢ ᠣᠷᠣᠨ ᠳᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠬᠦ ᠶᠢ ᠴᠠᠭᠠᠵᠠᠯᠠᠵᠤ ᠪᠠᠶᠢᠬᠤ ᠶᠢᠨ ᠤᠴᠢᠷ ᠮᠠᠰᠢ ᠤᠯᠠᠨ ᠣᠳᠣᠬᠢᠴᠢᠯᠠᠭᠰᠠᠨ ᠲᠦᠷᠦᠯ ᠵᠦᠢᠯ ᠢ ᠮᠠᠯᠴᠢᠳ ᠲᠤ ᠦᠨᠡᠨ ᠬᠦ ᠨᠠᠶᠢᠳᠠᠪᠤᠷᠢᠵᠢᠭᠤᠯᠬᠤ ᠶᠢ ᠬᠠᠷᠰᠢᠯᠠᠵᠤ ᠪᠠᠶᠢᠳᠠᠭ᠂ ᠡᠨᠡ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ᠂ ᠣᠳᠣᠬᠢᠴᠢᠯᠠᠭᠰᠠᠨ ᠮᠠᠯ ᠲᠡᠵᠢᠭᠡᠪᠦᠷᠢ ᠶᠢᠨ ᠦᠢᠯᠡᠰ ᠤᠨ ᠬᠥᠭᠵᠢᠯᠲᠡ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠴᠥᠮ ᠠᠰᠢᠭ ᠦᠭᠡᠢ ᠦᠢᠯᠡᠳᠦᠯ ᠦᠵᠡᠭᠦᠯᠵᠦ ᠪᠤᠢ᠃ ᠡᠳᠡᠭᠡᠷ ᠪᠠᠶᠢᠳᠠᠯ ᠳᠤ ᠬᠠᠨᠳᠤᠭᠤᠯᠤᠨ ᠲᠥᠯᠥᠭᠡᠯᠡᠭᠴᠢ ᠰᠠᠨ᠎ᠠ ᠦᠨᠳᠦᠰᠦᠨ ᠱᠠᠲᠤᠨ ᠳᠤ ᠭᠦᠨᠵᠡᠭᠡᠶᠢᠷᠡᠨ᠂ ᠪᠣᠳᠠᠲᠤ ᠪᠠᠶᠢᠳᠠᠯ ᠢ ᠣᠶᠢᠯᠠᠭᠠᠨ᠂ ᠬᠢᠨᠠᠮᠠᠭᠠᠢ ᠰᠦᠪᠡᠭᠴᠢᠯᠡᠭᠰᠡᠨ ᠤ ᠳ᠋ᠦᠩ ᠳᠤ ᠲᠤᠰ ᠰᠠᠨᠠᠯ ᠵᠥᠪᠯᠡᠯᠭᠡ ᠪᠠᠨ ᠳᠡᠪᠰᠢᠭᠦᠯᠦᠭᠰᠡᠨ ᠪᠠᠶᠢᠨ᠎ᠠ᠃      ᠰᠠᠨ᠎ᠠ ᠰᠤᠷᠪᠤᠯᠵᠢᠯᠠᠬᠴᠢ ᠳᠤ᠄ ︽ᠨᠢᠭᠡ ᠳᠤ᠂ ᠬᠤᠶ ᠰᠤᠮᠤ ᠶᠢᠨ ᠰᠤᠮᠤᠨ ᠲᠥᠪ ᠤᠨ ᠪᠠᠶᠢᠭ᠎ᠠ ᠭᠠᠵᠠᠷ ᠪᠠ 11 ᠭᠠᠴᠠᠭᠠᠨ ᠤ ᠤᠤᠯ ᠤᠨ ᠰᠠᠭᠤᠭ᠎ᠠ ᠭᠠᠵᠠᠷ ᠢ ᠬᠠᠮᠠᠭᠠᠯᠠᠯᠲᠠ ᠶᠢᠨ ᠣᠷᠣᠨ ᠤ ᠭᠤᠣᠯᠳᠠᠯᠭ᠎ᠠ ᠲᠠᠢ ᠣᠷᠣᠨ ᠪᠠ ᠵᠠᠪᠰᠠᠷ ᠤᠨ ᠣᠷᠣᠨ ᠠᠴᠠ ᠰᠠᠯᠭᠠᠨ ᠭᠠᠷᠭᠠᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠭᠠᠵᠠᠷ ᠪᠣᠯᠭᠠᠨ᠂ ᠪᠡᠯᠴᠢᠭᠡᠷᠯᠡᠭᠦᠯᠬᠦ ᠶᠢ ᠵᠣᠭᠰᠤᠭᠠᠬᠤ ᠴᠠᠭ ᠢ ᠬᠠᠷᠢᠮᠠᠬᠠᠢ ᠡᠵᠡᠮᠳᠡᠪᠡᠯ ᠵᠣᠬᠢᠨ᠎ᠠ᠃ ᠬᠤᠶᠠᠷ ᠲᠤ᠂ ᠬᠠᠮᠠᠭᠠᠯᠠᠯᠲᠠ ᠶᠢᠨ ᠣᠷᠣᠨ ᠤ ᠭᠤᠣᠯᠳᠠᠯᠭ᠎ᠠ  ᠲᠠᠢ ᠣᠷᠣᠨ ᠳᠠᠬᠢ ᠮᠠᠯᠵᠢᠬᠤ ᠡᠷᠦᠭᠡ ᠶᠢᠨ ᠵᠣᠬᠢᠬᠤ ᠠᠮᠢ ᠠᠬᠤᠢ ᠶᠢᠨ ᠨᠥᠬᠦᠪᠦᠷᠢ ᠮᠥᠩᠭᠦ ᠶᠢ ᠨᠡᠮᠡᠭᠳᠡᠭᠦᠯᠬᠦ ᠪᠤᠶᠤ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠨᠥᠬᠦᠪᠦᠷᠢ ᠶᠢ ᠲᠥᠷᠥᠯ ᠬᠤᠪᠢᠶᠠᠨ ᠲᠣᠭᠲᠠᠭᠠᠨ᠂ ᠡᠭᠦᠨ ᠤ ᠤᠯᠠᠮ ᠠᠴᠠ ᠭᠤᠣᠯᠳᠠᠯᠭ᠎ᠠ ᠲᠠᠢ ᠣᠷᠣᠨ ᠤ ᠮᠠᠯᠴᠢᠳ ᠢ ᠪᠤᠰᠤᠳ ᠠᠵᠤ ᠦᠢᠯᠡᠰ ᠵᠦᠭ ᠰᠢᠯᠵᠢᠭᠦ ᠶᠢ ᠬᠥᠲᠥᠯᠥᠨ ᠵᠢᠯᠣᠭᠤᠳᠪᠠᠯ ᠵᠣᠬᠢᠨ᠎ᠠ︾ ᠬᠡᠮᠡᠨ ᠶᠠᠷᠢᠵᠤ ᠪᠠᠶᠢᠯ᠎ᠠ᠃ ᠡᠭᠦᠨ ᠤ ᠬᠠᠮᠲᠤ᠂ ᠰᠠᠨ᠎ᠠ ᠪᠠᠰᠠ ︽ᠮᠠᠯ ᠤᠨ ᠦᠨ᠎ᠡ ᠶᠡᠭᠡ ᠪᠠᠷ ᠪᠠᠭᠤᠷᠠᠭᠰᠠᠨ ᠠᠴᠠ ᠪᠣᠯᠤᠭᠰᠠᠨ ᠮᠠᠯᠴᠢᠳ ᠤᠨ ᠳᠠᠷᠤᠭᠠᠰᠤ ᠨᠡᠮᠡᠭᠳᠡᠭᠰᠡᠨ ᠲᠤᠬᠠᠢ︾ ᠬᠡᠮᠡᠬᠦ ᠮᠠᠯᠴᠢᠳ ᠤᠨ ᠠᠮᠢᠳᠤᠷᠠᠯ ᠦᠢᠯᠡᠳᠪᠦᠷᠢᠯᠡᠯ ᠳᠤ ᠶᠠᠭ ᠲᠤᠯᠭᠠᠷᠠᠵᠤ ᠪᠠᠶᠢᠭ᠎ᠠ ᠪᠣᠳᠠᠲᠠᠢ ᠠᠰᠠᠭᠤᠳᠠᠯ ᠢ ᠲᠤᠰᠬᠠᠭᠰᠠᠨ ᠬᠤᠶᠠᠳᠠᠭᠢ ᠰᠠᠨᠠᠯ ᠵᠥᠪᠯᠡᠯᠭᠡ ᠪᠠᠨ ᠳᠡᠪᠰᠢᠭᠦᠯᠵᠦ ᠪᠢᠯᠡ᠃      ᠰᠠᠨ᠎ᠠ ᠰᠤᠷᠪᠤᠯᠵᠢᠯᠠᠬᠴᠢ ᠳᠤ᠄ ︽ᠮᠠᠯᠴᠢᠨ ᠬᠥᠮᠥᠨ ᠮᠠᠯ ᠢᠶᠠᠨ ᠯᠡ ᠲᠦᠰᠢᠵᠦ ᠠᠮᠢᠳᠤᠷᠠᠳᠠᠭ᠂ ᠮᠠᠯᠵᠢᠬᠤ ᠦᠢᠯᠡᠳᠪᠦᠷᠢᠯᠡᠯ ᠪᠣᠯ ᠮᠠᠯᠵᠢᠬᠤ ᠣᠷᠣᠨ ᠤ ᠭᠡᠷ ᠪᠦᠯᠢ ᠶᠢᠨ ᠡᠵᠡᠩᠨᠡᠯᠲᠡ ᠶᠢᠨ ᠤᠷᠤᠯᠭ᠎ᠠ ᠶᠢᠨ ᠭᠤᠣᠯ ᠢᠷᠡᠯᠲᠡ ᠪᠣᠯᠣᠨ᠎ᠠ᠃ ᠥᠨᠥ ᠵᠢᠯ ᠤᠨ ᠬᠤᠪᠢ ᠳᠤ ᠮᠠᠯ ᠤᠨ ᠦᠨ᠎ᠡ ᠬᠠᠩᠰᠢ ᠶᠡᠭᠡ ᠪᠠᠷ ᠪᠠᠭᠤᠷᠠᠵᠤ ᠡᠪᠡᠰᠦ ᠪᠣᠷᠳᠣᠭᠠᠨ ᠤ ᠦᠨ᠎ᠡ ᠬᠠᠩᠰᠢ ᠦᠰᠦᠨ ᠮᠠᠯᠴᠢᠳ ᠤᠨ ᠡᠯ᠎ᠡ ᠵᠦᠢᠯ ᠤᠨ ᠵᠠᠷᠤᠯᠭ᠎ᠠ ᠨᠡᠮᠡᠭᠳᠡᠨ᠂ ᠵᠢᠭᠡᠯᠡᠯᠭᠡ ᠴᠦ ᠨᠡᠮᠡᠭᠳᠡᠵᠡᠢ᠃ ᠡᠨᠡ ᠨᠢ ᠮᠠᠯᠴᠢᠳ ᠲᠤ ᠠᠪᠴᠤ ᠬᠡᠯᠡᠪᠡᠯ ᠲᠦᠢᠯ ᠤᠨ ᠬᠦᠨᠳᠦ ᠨᠣᠴᠢᠲᠠᠢ ᠶᠠᠪᠤᠳᠠᠯ ᠪᠠᠶᠢᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢ ᠶᠡᠬᠡᠳᠡ ᠨᠥᠯᠥᠭᠡᠯᠡᠪᠡ᠃ ᠡᠨᠡ ᠬᠦ ᠪᠠᠶᠢᠳᠠᠯ ᠳᠤ ᠬᠠᠨᠳᠤᠭᠤᠯᠤᠨ᠂ ᠳᠡᠭᠡᠳᠦ ᠱᠠᠲᠤᠨ ᠠᠴᠠ ᠮᠠᠯ ᠠᠵᠤ ᠠᠬᠤᠢ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠡᠵᠡᠩᠨᠡᠯᠲᠡ ᠬᠠᠮᠢᠶᠠᠷᠤᠯᠲᠠ ᠪᠠᠨ ᠴᠢᠩᠭᠠᠳᠬᠠᠨ᠂ ᠲᠡᠵᠢᠭᠡᠯ ᠪᠣᠷᠳᠣᠭᠠᠨ ᠤ ᠦᠨ᠎ᠡ ᠬᠠᠩᠰᠢ ᠶᠢ ᠵᠣᠬᠢᠰᠲᠠᠢ ᠪᠠᠶᠢᠯᠭᠠᠬᠤ ᠵᠡᠷᠭᠡ ᠲᠠᠯ᠎ᠠ ᠪᠠᠷ ᠢᠯᠡᠭᠦᠬᠡᠨ ᠬᠦᠴᠦ ᠣᠷᠣᠭᠤᠯᠵᠤ ᠮᠠᠯᠴᠢᠨ ᠲᠦᠮᠡᠨ ᠤ ᠤᠷᠤᠯᠭ᠎ᠠ ᠶᠢᠨ ᠨᠡᠮᠡᠭᠳᠡᠯ ᠢ ᠪᠠᠲᠤᠯᠠᠵᠤ᠂ ᠮᠠᠯᠴᠢᠳ ᠤᠨ ᠳᠠᠷᠤᠭᠠᠰᠤ ᠶᠢ ᠬᠥᠩᠭᠡᠯᠡᠬᠦ ᠶᠢ ᠬᠦᠰᠡᠵᠦ ᠪᠠᠶᠢᠨ᠎ᠠ︾ ᠭᠡᠯ᠎ᠡ᠃      ᠲᠥᠯᠥᠭᠡᠯᠡᠭᠴᠢ ᠰᠠᠨ᠎ᠠ ᠶᠢᠨ ᠳᠤᠷᠠᠳᠤᠭᠰᠠᠨ ᠰᠠᠨᠠᠯ ᠵᠥᠪᠯᠡᠯᠭᠡ ᠨᠢ ᠡᠷᠲᠡ ᠡᠳᠦᠷ ᠪᠡᠶᠡᠯᠡᠯ ᠢᠶᠠᠨ ᠣᠯᠵᠤ᠂ ᠥᠷᠭᠡᠨ ᠤᠯᠠᠨ ᠮᠠᠯᠴᠢᠳ ᠲᠤ ᠨᠡᠩ ᠤᠯᠠᠨ ᠠᠰᠢᠭ ᠬᠦᠷᠲᠡᠭᠡᠬᠦ ᠶᠢ ᠬᠦᠰᠡᠶ᠎ᠡ︕    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号