ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠬᠢᠪᠡ
ᠨᠡᠶᠢᠲᠡᠯᠡᠭᠰᠡᠨ ᠴᠠᠭ᠄
2024/2/18
    ᠰᠢ ᠶᠢᠨ ᠫᠢᠩ ᠶᠠᠷᠢᠶ᠎ᠠ ᠲᠠᠯᠪᠢᠪᠠ᠃ ᠨᠠᠮ ᠤᠨ ᠲᠦᠪ ᠬᠤᠷᠢᠶ᠎ᠠ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠡᠷ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠡᠷ᠂ ᠲᠠᠶᠢᠸᠠᠨ ᠤ ᠠᠬ᠎ᠠ ᠳᠡᠭᠦᠦ ᠨᠡᠷ ᠪᠣᠯᠤᠨ ᠭᠠᠳᠠᠭᠠᠳᠤ ᠳᠤ ᠪᠠᠶᠢᠭ᠎ᠠ ᠬᠠᠷᠢᠶᠠᠲᠤ ᠠᠬ᠎ᠠ ᠳᠡᠭᠦᠦ ᠨᠡᠷ ᠲᠤ ᠰᠢᠨ᠎ᠡ ᠶᠢᠨ ᠮᠡᠨᠳᠦ ᠬᠦᠷᠭᠡᠵᠡᠢ᠃     ᠯᠢ ᠴᠢᠶᠠᠩ ᠬᠤᠷᠠᠯ ᠢ ᠡᠷᠬᠢᠯᠡᠵᠦ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠪᠠ᠃ 
W020240209393174553121.jpg
    ᠰᠠᠷ᠎ᠠ ᠶᠢᠨ 8᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ 2024 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠬᠢᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠠᠷᠢᠶ᠎ᠠ ᠲᠠᠯᠪᠢᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ᠃      ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 8᠎ ᠤ ᠡᠳᠦᠷ ᠤᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ 8᠎ ᠤ ᠡᠳᠦᠷ ᠤᠨ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ 2024 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠬᠢᠪᠠ᠃    ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠠᠷᠢᠶ᠎ᠠ ᠲᠠᠯᠪᠢᠵᠤ᠂ ᠨᠠᠮ ᠤᠨ ᠲᠥᠪ ᠬᠤᠷᠢᠶ᠎ᠠ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠡᠷ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠡᠷ᠂ ᠲᠠᠶᠢᠸᠠᠨ ᠤ ᠠᠬ᠎ᠠ ᠳᠡᠭᠦᠦ ᠨᠡᠷ ᠪᠣᠯᠤᠨ ᠭᠠᠳᠠᠭᠠᠳᠤ ᠳᠤ ᠪᠠᠶᠢᠭ᠎ᠠ ᠬᠠᠷᠢᠶᠠᠲᠤ ᠠᠬ᠎ᠠ ᠳᠡᠭᠦᠦ ᠨᠡᠷ ᠲᠤ ᠰᠢᠨ᠎ᠡ ᠶᠢᠨ ᠮᠡᠨᠳᠦ ᠬᠦᠷᠭᠡᠵᠡᠢ᠃
W020240209393174618068.jpg
     ᠰᠢ ᠶᠢᠨ ᠫᠢᠩ᠂ ᠤᠳᠠᠯ ᠦᠭᠡᠢ ᠥᠩᠭᠡᠷᠡᠬᠦ ᠭᠡᠵᠦ ᠪᠠᠶᠢᠭ᠎ᠠ ᠬᠠᠷᠠᠭᠴᠢᠨ ᠲᠠᠤᠯᠠᠢ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠪᠣᠯᠤᠨ᠎ᠠ᠃ ᠶᠡᠷᠦ ᠪᠤᠰᠤ ᠶᠢᠨ ᠨᠠᠷᠢᠨ ᠪᠤᠳᠤᠯᠢᠶᠠᠨᠲᠠᠢ ᠳᠡᠯᠡᠬᠡᠢ ᠶᠢᠨ ᠣᠷᠴᠢᠨ ᠲᠣᠭᠤᠷᠢᠨ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ  ᠶᠢᠨ ᠡᠭᠦᠷᠭᠡ ᠶᠢᠨ ᠡᠮᠦᠨ᠎ᠡ᠂ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠡᠷᠡᠯᠬᠡᠭᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠤᠯᠠᠨ ᠵᠦᠢᠯ ᠤᠨ ᠬᠦᠴᠢᠷ ᠪᠡᠷᠬᠡᠰᠢᠶᠡᠯ ᠥᠷᠢᠰᠥᠯᠳᠦᠭᠡᠨ ᠢ ᠢᠯᠠᠨ ᠳᠠᠪᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠠᠭᠠᠨ ᠯᠠᠪᠳᠠᠭᠤᠨ ᠪᠠᠲᠤᠲᠠᠢ ᠤᠷᠤᠭᠰᠢᠯᠠᠪᠠ᠃       ᠯᠢ ᠴᠢᠶᠠᠩ ᠬᠠᠮᠲᠤ ᠶᠢᠨ ᠵᠣᠯᠭᠠᠯᠲᠠ ᠶᠢ ᠡᠷᠬᠢᠯᠡᠵᠦ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠡᠷ ᠣᠷᠣᠯᠴᠠᠪᠠ᠃
W020240209393174664853.jpg
    ᠠᠷᠠᠳ ᠤᠨ ᠶᠡᠭᠡ ᠬᠤᠷᠠᠯ ᠤᠨ ᠲᠠᠩᠬᠢᠮ ᠤᠨ ᠳᠠᠶᠢᠯᠠᠯᠭ᠎ᠠ ᠶᠢᠨ ᠲᠢᠩᠬᠢᠮ ᠳᠤ ᠳ᠋ᠧᠩ ᠤᠨ ᠬᠡᠷᠡᠯ ᠳᠤᠸᠠᠯᠠᠵᠤ᠂ ᠪᠠᠶᠠᠷ ᠪᠠᠭ᠋ᠠᠳᠤᠯ ᠢᠶᠠᠷ ᠪᠢᠯᠬᠠᠵᠤ᠂ ᠡᠯ᠎ᠡ ᠡᠲᠡᠭᠡᠳ ᠤᠨ ᠬᠥᠮᠦᠰ ᠨᠢᠭᠡ ᠲᠠᠩᠬᠢᠮ ᠳᠤ ᠴᠤᠭᠯᠠᠷᠠᠵᠤ᠂ ᠬᠠᠮᠲᠤ ᠪᠠᠷ ᠴᠠᠭᠠᠨ ᠰᠠᠷ᠎ᠠ ᠶᠢ ᠤᠭᠲᠤᠵᠤ᠂ ᠲᠤᠬᠠᠶ ᠶᠢᠨ ᠲᠠᠯᠠᠪᠠᠶ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ ᠦᠳᠡ ᠶᠢᠨ ᠡᠮᠦᠨᠡᠬᠢ 10 ᠴᠠᠭ ᠤᠨ ᠦᠶ᠎ᠡ ᠪᠠᠷ᠂ ᠪᠠᠶᠠᠰᠬᠤᠯᠠᠩᠲᠤ ᠰᠠᠶᠢᠬᠠᠨ ᠬᠥᠭᠵᠢᠮ ᠤᠨ ᠠᠶᠠᠰ ᠳᠤᠮᠳᠠ᠂ ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠶᠡᠭᠡ ᠲᠢᠩᠬᠢᠮ ᠳᠤ ᠠᠯᠬᠤᠨ ᠣᠷᠣᠵᠤ᠂ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ ᠤᠯᠠᠨ ᠲᠠᠢ ᠬᠠᠷᠢᠯᠴᠠᠨ ᠮᠡᠨᠳᠦᠴᠢᠯᠡᠵᠦ᠂ ᠴᠠᠭᠠᠨ ᠰᠠᠷ᠎ᠠ ᠶᠢ ᠵᠥᠩᠨᠡᠬᠦ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ᠃
W020240209393174716171.jpg
     2 ᠰᠠᠷ᠎ᠠ ᠶᠢᠨ 8᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ 2024 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠬᠢᠪᠠ᠃ ᠵᠢᠷᠤᠭ ᠪᠣᠯ ᠰᠢ ᠶᠢᠨ ᠫᠢᠩ ᠵᠡᠷᠭᠡ ᠨᠠᠮ ᠪᠠ ᠲᠥᠷᠥ ᠶᠢᠨ ᠤᠳᠤᠷᠢᠳᠬᠤ ᠬᠥᠮᠦᠰ ᠣᠯᠠᠨ ᠲᠠᠢ ᠭᠠᠷ ᠳᠠᠯᠠᠯᠤᠨ ᠮᠡᠨᠳᠦᠴᠢᠯᠡᠵᠦ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ᠃     ᠰᠢ ᠶᠢᠨ ᠫᠢᠩ ᠶᠠᠷᠢᠶᠠᠨ ᠳᠠᠭᠠᠨ᠂ ᠨᠢᠭᠡ ᠵᠢᠯ ᠤᠨ ᠲᠤᠷᠰᠢ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠢᠯᠵᠢᠯᠲᠡ ᠶᠢᠨ ᠬᠡᠰᠡᠭ ᠢ ᠡᠷᠡᠰ ᠰᠢᠭᠤᠷᠬᠠᠶ ᠬᠡᠷᠡᠭᠵᠢᠭᠦᠯᠵᠦ᠂ ᠠᠵᠤ ᠠᠬᠤᠶ ᠶᠢᠨ ᠰᠡᠷᠭᠦᠯᠲᠡ ᠬᠥᠭᠵᠢᠯᠲᠡ ᠶᠢ ᠠᠬᠢᠭᠤᠯᠵᠤ᠂ ᠠᠵᠤ ᠠᠬᠤᠶ ᠶᠢᠨ ᠶᠡᠷᠦᠩᠬᠡᠶ ᠬᠡᠮᠵᠢᠶ᠎ᠡ 126 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠠᠮᠤ ᠪᠤᠳᠠᠭᠠᠨ ᠤ ᠶᠡᠷᠦᠩᠬᠡᠶ ᠤᠨᠠᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ ᠠᠵᠢᠯ ᠣᠯᠭᠤᠯᠲᠠ᠂ ᠪᠠᠷᠠᠭᠠᠨ ᠤ ᠦᠨ᠎ᠡ ᠶᠡᠷᠦᠩᠬᠡᠶ ᠳᠡᠭᠡᠨ ᠲᠣᠭᠲᠠᠭᠤᠨ‌‍ᠬᠦ᠋ᠭᠵᠢᠯᠲᠡ ᠲᠠᠢ ᠪᠠᠶᠢᠭᠰᠠᠭᠠᠷ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠪᠤᠢ ᠪᠣᠯᠭᠠᠪᠠ᠃ ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠶᠢᠷᠡᠵᠦ᠂ ᠰᠢᠨ᠎ᠡ ᠨᠢᠭᠡ ᠡᠭᠡᠯᠵᠢ ᠶᠢᠨ ᠨᠠᠮ ᠪᠣᠯᠤᠨ ᠲᠥᠷᠦ ᠶᠢᠨ ᠪᠠᠢᠭᠤᠯᠤᠮᠵᠢ ᠶᠢᠨ ᠥᠭᠡᠷᠡᠴᠢᠯᠡᠯᠲᠡ ᠦᠨᠳᠦᠰᠦᠨ ᠳᠡᠭᠡᠨ ᠪᠡᠶᠡᠯᠡᠭᠳᠡᠪᠡ᠃ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠰᠢᠨ᠎ᠡ ᠠᠯᠬᠤᠮ ᠢ ᠠᠯᠬᠤᠪᠠ᠃ ᠴᠧᠩᠳᠦ᠋ ᠶᠢᠨ ᠤᠶᠤᠲᠠᠳ ᠤᠨ ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠣᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠵᠦ᠂ ᠮᠠᠨ ᠤ ᠤᠯᠤᠰ ᠠᠴᠠ ᠲᠠᠮᠢᠷᠴᠢᠳ ᠰᠠᠶᠢᠨ ᠰᠠᠶᠢᠬᠠᠨ ᠬᠢᠷᠢ ᠪᠦᠲᠦᠮᠵᠢ ᠶᠢ ᠡᠭᠦᠳᠪᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠲᠠ ᠦᠭᠡᠢ ᠪᠠᠬᠢᠵᠢᠭᠦᠯᠪᠡ᠃      ᠰᠢ ᠶᠢᠨ ᠫᠢᠩ᠂ 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠪᠢᠳᠡ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠲᠤᠭᠤᠰᠢᠯᠠᠭᠤᠯᠵᠤ᠂ ᠲᠣᠭᠲᠠᠭᠤᠨ ᠪᠠᠶᠢᠳᠠᠯ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠰᠢᠪᠲᠤᠯᠠᠬᠤ ᠱᠠᠭᠠᠷᠳᠠᠯᠭ᠎ᠠ ᠪᠠᠷ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠪᠣᠯᠤᠨ ᠥᠨᠳᠥᠷ ᠲᠦᠪᠰᠢᠨ ᠪᠥᠬᠦᠶ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠭᠤᠤᠯᠳᠠᠯᠭ᠎ᠠ ᠶᠢ ᠳᠣᠪᠤᠶᠢᠯᠭᠠᠵᠤ᠂ ᠵᠠᠩᠭᠢᠯᠠᠭ᠎ᠠ ᠶᠢ ᠡᠵᠡᠮᠳᠡᠵᠦ᠂ ᠡᠷᠡᠮᠡᠬᠡᠶᠢᠯᠡᠨ ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠦᠨᠡᠨ ᠬᠦ ᠴᠢᠩᠭᠠᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠵᠤ᠂ ᠠᠵᠤ ᠠᠬᠤᠶ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠪᠠᠲᠤᠯᠠᠬᠤ ᠬᠡᠷᠡᠭᠲᠡᠶ᠃ ᠰᠢ ᠶᠢᠨ ᠫᠢᠩ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠪᠣᠯᠤᠨ ᠪᠦᠲᠦᠴᠡ ᠶᠢᠨ ᠴᠢᠨᠠᠷᠲᠠᠢ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠪᠦᠬᠦ ᠨᠡᠶᠢᠭᠡᠮ ᠤᠨ ᠦᠢᠯᠡᠰ ᠪᠤᠰᠬᠠᠬᠤ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠰᠢ ᠰᠠᠭᠠᠳ ᠢ ᠢᠯᠠᠨ ᠳᠠᠪᠠᠵᠤ᠂ ᠴᠤᠴᠠᠯᠲᠠ ᠦᠭᠡᠢ ᠤᠷᠤᠭᠰᠢᠯᠠᠭᠤᠯᠬᠤ ᠬᠡᠷᠡᠭᠲᠡᠢ᠃     ᠰᠢ ᠶᠢᠨ ᠫᠢᠩ᠂ ᠯᠣᠣ ᠪᠣᠯ ᠳᠤᠮᠳᠠᠳᠤ ᠶᠢᠨ ᠦᠨᠳᠦᠰᠦᠲᠡᠨ ᠤ ᠲᠣᠲ᠋ᠧᠮ ᠪᠣᠯᠤᠨ᠎ᠠ᠂ ᠢᠳᠡᠷᠡᠭᠦᠨ ᠵᠢᠪᠬᠤᠭᠠᠯᠢᠭ ᠰᠦᠷ ᠰᠦᠯᠳᠡ ᠲᠠᠢ᠂ ᠡᠷᠡᠯᠬᠡᠭ ᠪᠠᠭᠠᠲᠤᠷᠯᠢᠭ ᠰᠥᠰᠥ ᠵᠣᠷᠢᠭ ᠲᠠᠢ᠂ ᠲᠦᠷᠪᠡᠨ ᠵᠦᠭ ᠨᠠᠢᠮᠠᠨ ᠵᠣᠪᠬᠢᠰ ᠤᠨ ᠪᠤᠶᠠᠨᠲᠤ ᠰᠡᠳᠬᠢᠯᠭᠡ᠂ ᠬᠦᠴᠦᠷᠬᠡᠭ ᠶᠡᠭᠡ ᠬᠦᠴᠦᠨ ᠴᠢᠳᠠᠯ ᠲᠠᠢ ᠪᠠᠶᠢᠵᠤ᠂ ᠲᠠᠪᠤᠨ ᠮᠢᠩᠭᠠᠨ ᠵᠢᠯ ᠤᠨ ᠲᠤᠷᠰᠢᠬᠢ ᠳᠤᠮᠳᠠᠳᠤ ᠶᠢᠨ ᠦᠨᠳᠦᠰᠦᠲᠡᠨ ᠤ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠡᠷᠡᠮᠡᠬᠡᠶᠢᠯᠡᠨ ᠲᠡᠮᠡᠴᠡᠵᠦ ᠤᠷᠤᠭᠰᠢᠯᠠᠨ ᠲᠠᠪᠰᠢᠬᠤ ᠤᠶᠤᠨ ᠰᠠᠨᠠᠭᠠᠨ ᠤ ᠠᠮᠢᠨ ᠰᠤᠳᠠᠰᠤ ᠶᠢ ᠪᠡᠯᠭᠡᠳᠡᠵᠦ ᠪᠠᠶᠢᠬᠤ ᠪᠠᠷ ᠪᠠᠷᠠᠬᠤ ᠦᠭᠡᠢ᠂ ᠨᠡᠩ ᠴᠤ ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠳᠠᠬᠢ ᠲᠦᠭ ᠲᠦᠮᠡᠨ ᠳᠤᠮᠳᠠᠳᠤ ᠶᠢᠨ ᠬᠥᠪᠡᠭᠦᠳ ᠥᠬᠢᠳ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠡᠷᠡᠰ ᠪᠠᠲᠤ ᠵᠣᠷᠢᠭ ᠰᠠᠨᠠᠭ᠎ᠠ ᠪᠣᠯᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠨ᠎ᠠ᠃ ᠬᠦᠬᠡ ᠯᠣᠣ ᠵᠢᠯ ᠳᠤ᠂ ᠪᠦᠬᠦ ᠤᠯᠤᠰ ᠤᠨ ᠠᠷᠠᠳ ᠲᠦᠮᠡᠨ ᠡᠶᠢᠮᠦᠷᠬᠦ ᠠᠤᠭ᠎ᠠ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠴᠢᠷᠮᠠᠶᠢᠨ ᠲᠡᠮᠡᠴᠡᠵᠦ ᠬᠤᠪᠢ ᠨᠡᠮᠡᠷᠢ ᠦᠵᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠶᠢ ᠬᠦᠰᠡᠵᠦ ᠪᠠᠶᠢᠨ᠎ᠠ᠃
W020240209393174766542.jpg
     2 ᠰᠠᠷ᠎ᠠ ᠶᠢᠨ 8᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ 2024 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠬᠢᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠴᠢᠶᠠᠩ ᠬᠠᠮᠲᠤ ᠶᠢᠨ ᠵᠣᠯᠭᠠᠯᠲᠠ ᠶᠢ ᠡᠷᠭᠢᠯᠡᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ᠃      ᠬᠠᠮᠲᠤ ᠶᠢᠨ ᠵᠣᠯᠭᠠᠯᠲᠠ ᠳᠡᠭᠡᠷ᠎ᠡ᠂ ᠤᠳᠬ᠎ᠠ ᠤᠷᠠᠯᠢᠭ ᠤᠨ ᠠᠵᠢᠯᠲᠠᠳ ᠭᠤᠶᠢᠳᠠ ᠰᠠᠶᠢᠬᠠᠨ ᠲᠣᠭᠯᠠᠯᠲᠠ ᠭᠠᠷᠭᠠᠪᠠ᠃ ᠨᠠᠮ ᠤᠨ ᠲᠥᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠳᠤᠷᠢᠳᠬᠤ ᠨᠥᠬᠦᠳ ᠪᠣᠯᠤᠨ ᠠᠬᠠᠮᠠᠳ ᠨᠥᠬᠦᠳ ᠬᠠᠮᠲᠤ ᠶᠢᠨ ᠵᠣᠯᠭᠠᠯᠲᠠ ᠳᠤ ᠣᠷᠣᠯᠴᠠᠪᠠ᠃ ᠬᠠᠮᠲᠤ ᠶᠢᠨ ᠵᠣᠯᠭᠠᠯᠲᠠ ᠳᠤ ᠪᠠᠰᠠ ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠡᠯ᠎ᠡ ᠰᠠᠯᠠᠭ᠎ᠠ ᠮᠥᠴᠢᠷ ᠵᠢᠴᠢ ᠪᠡᠭᠡᠵᠢᠩ ᠬᠤᠳᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ᠂ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠤᠨ ᠲᠥᠯᠥᠭᠡᠯᠡᠭᠴᠢ᠂ ᠠᠯᠳᠠᠷᠲᠤ ᠲᠤᠰᠬᠠᠢ ᠮᠡᠷᠭᠡᠵᠢᠯᠲᠡᠨ ᠡᠷᠳᠡᠮᠲᠡᠨ ᠵᠢᠴᠢ ᠨᠡᠶᠢᠰᠯᠡᠯ ᠤᠨ ᠡᠯ᠎ᠡ ᠡᠲᠡᠭᠡᠳ ᠤᠨ ᠬᠥᠮᠦᠰ ᠤᠨ ᠲᠥᠯᠥᠭᠡᠯᠡᠭᠴᠢ ᠣᠷᠣᠯᠴᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号