| ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠣᠯᠬᠤ ᠶᠡᠷᠦᠩᠬᠡᠶ ᠤᠢ ᠰᠢᠭᠤᠢ ᠶᠢᠨ ᠳᠠᠷᠤᠭ᠎ᠠ 2024 ᠣᠨ ᠤ 1 | ᠳ᠋ᠦ᠋ᠭᠡᠷ ᠲᠣᠭᠠᠲᠤ ᠶᠡᠷᠦᠩᠬᠡᠶ ᠣᠶ ᠰᠢᠭᠤᠢ ᠶᠢᠨ ᠳᠠᠷᠤᠭ᠎ᠠ ᠶᠢᠨ ᠵᠠᠷᠯᠢᠭ ᠲᠤ ᠭᠠᠷ ᠤᠨ ᠥᠰᠥᠭ ᠵᠢᠷᠤᠵᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠣᠶ ᠰᠢᠭᠤᠢ ᠶᠢᠨ ᠳᠠᠷᠤᠭ᠎ᠠ ᠶᠢᠨ ᠲᠦᠷᠢᠮ ᠤᠨ | ᠠᠵᠢᠯ ᠤᠨ ᠭᠤᠤᠯᠳᠠᠯᠭ᠎ᠠ︾ ᠶᠢ ᠳᠠᠷᠤᠮᠠᠯᠯᠠᠨ ᠲᠠᠷᠬᠠᠭᠠᠵᠤ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ᠂ | ᠵᠠᠰᠠᠯᠲᠠ ᠬᠠᠮᠠᠭᠠᠯᠠᠯᠲᠠ ᠶᠢ ᠴᠢᠩᠭᠠᠳᠬᠠᠬᠤ᠂ ᠪᠠᠲᠤᠯᠠᠭ᠎ᠠ ᠶᠢᠨ ᠠᠵᠢᠯ ᠢ ᠲᠡᠭᠦᠯᠳᠡᠷᠵᠢᠭᠦᠯᠬᠦ ᠵᠡᠷᠭᠡ 3 ᠲᠠᠯ᠎ᠠ ᠠᠴᠠ | 2024 ᠣᠨ ᠤ ᠣᠶ ᠰᠢᠭᠤᠢ ᠶᠢᠨ ᠳᠠᠷᠤᠭ᠎ᠠ ᠶᠢᠨ ᠲᠦᠷᠢᠮ ᠤᠨ 17 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ | ᠲᠣᠳᠣᠷᠬᠠᠶᠢᠯᠠᠪᠠ᠃ | ᠶᠡᠷᠦᠩᠬᠡᠶ ᠤᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠲᠠᠯᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠲᠤᠬᠠᠶ ᠰᠠᠨᠠᠯ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠴᠢᠩᠭ᠎ᠠ ᠡᠵᠡᠮᠳᠡᠵᠦ᠂ | ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ | ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠᠷ ᠭᠤᠤᠯ | ᠰᠢᠪᠲᠤᠯᠬᠤ ᠴᠢᠭᠯᠡᠯ ᠪᠣᠯᠭᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠢ ᠨᠠᠷᠢᠨ ᠨᠢᠮᠪᠠᠶ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ | ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠲᠦᠪᠰᠢᠨ ᠤ | ᠬᠠᠮᠠᠭᠠᠯᠠᠯᠲᠠ ᠶᠢ ᠬᠠᠮᠵᠢᠯᠴᠠᠨ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠶᠡᠷᠦᠩᠬᠡᠢ ᠤᠢ ᠰᠢᠭᠤᠢ ᠶᠢᠨ | ᠳᠠᠷᠤᠭ᠎ᠠ ᠶᠢᠨ ᠵᠠᠷᠯᠢᠭ ᠲᠤ᠂ ᠤᠢ ᠰᠢᠭᠤᠢ ᠶᠢᠨ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠵᠢᠷᠤᠮᠵᠢᠭᠤᠯᠤᠨ | ᠭᠦᠢᠴᠡᠳᠬᠡᠬᠦ ᠶᠢ ᠦᠷᠭᠦᠯᠵᠢᠯᠡᠨ ᠠᠬᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ | ᠬᠥᠭᠵᠢᠭᠦᠯᠬᠦ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠤᠯᠤᠰ ᠤᠨ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︽ᠣᠶ ᠰᠢᠭᠤᠶ | ᠨᠤᠲᠤᠭ ᠪᠡᠯᠴᠢᠭᠡᠷ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ | ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠣᠷᠣᠨ ᠵᠠᠶ ᠶᠢ ᠬᠠᠮᠤᠭ ᠤᠨ ᠶᠡᠭᠡ | ᠬᠡᠮᠵᠢᠶ᠎ᠡ ᠪᠠᠷ ᠰᠦᠪᠡᠭᠴᠢᠯᠡᠵᠦ᠂ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠪᠠᠳᠠᠷᠠᠭᠤᠯᠤᠨ᠎ᠠ᠃ ᠦᠨᠳᠦᠰᠦᠨ | ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠪᠠᠷᠢᠮᠵᠢᠶᠠᠵᠢᠭᠤᠯᠤᠭᠰᠠᠨ ᠪᠥᠲᠥᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠦᠨᠳᠦᠰᠦᠨ | ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠶ ᠰᠢᠭᠤᠶ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ | ᠦᠨᠳᠦᠰᠦᠨ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ | ᠵᠣᠯᠭᠠᠭᠤᠯᠬᠤ ᠶᠢ ᠰᠠᠶᠢᠲᠤᠷ ᠬᠢᠨ᠎ᠡ᠃ ᠶᠡᠷᠦᠩᠬᠡᠶ ᠣᠶ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ᠤᠯᠤᠰ ᠤᠨ | ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠪᠥᠬᠦ ᠵᠢᠯ ᠳᠤ 300 | ᠲᠦᠮᠡᠨ ᠮᠥ ᠠᠴᠠ ᠳᠡᠭᠡᠭᠰᠢ ᠮᠣᠳᠣ ᠳᠠᠷᠢᠵᠤ᠂ 1300 ᠲᠦᠮᠡᠨ ᠮᠥ ᠠᠴᠠ ᠳᠡᠭᠡᠭᠰᠢ ᠡᠪᠡᠰᠦ ᠳᠠᠷᠢᠵᠤ᠂ 1500 | ᠲᠦᠮᠡᠨ ᠮᠥ ᠠᠴᠠ ᠳᠡᠭᠡᠭᠰᠢ ᠡᠯᠡᠰᠦ ᠶᠢ ᠰᠡᠷᠭᠡᠶᠢᠯᠡᠨ ᠵᠠᠰᠠᠵᠤ᠂ 3000 ᠲᠦᠮᠡᠨ ᠰᠠᠭᠤᠷᠢ ᠠᠴᠠ ᠳᠡᠭᠡᠭᠰᠢ ᠠᠯᠪᠠᠨ | ᠵᠢᠷᠤᠮ ᠤᠨ ᠮᠣᠳᠣ ᠳᠠᠷᠢᠬᠤ ᠶᠢ ᠪᠡᠶᠡᠯᠡᠬᠦᠯᠦᠨ᠎ᠡ᠃ ᠭᠤᠷᠪᠠᠨ ᠶᠡᠭᠡ ᠳᠠᠶᠢᠯᠠᠯᠳᠤᠭᠠᠨ ᠤ ᠣᠷᠣᠨ ᠤ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠬᠠᠲᠤᠨ ᠭᠤᠤᠯ ᠤᠨ ︽ ᠶᠡᠭᠡ ᠲᠣᠬᠤᠶ︾ ᠶᠢᠨ | ᠰᠢᠪᠲᠤᠯᠤᠯᠲᠠ ᠶᠢᠨ ᠳᠠᠶᠢᠯᠠᠯᠳᠤᠭᠠᠨ ᠢ 758 ᠲᠦᠮᠡᠨ ᠮᠥ ᠪᠡᠶᠡᠯᠡᠭᠦᠯᠵᠦ᠂ ᠬᠤᠷᠴᠢᠨ ᠪᠣᠯᠤᠨ ᠬᠤᠯᠠᠨ ᠰᠢᠷᠭ᠎ᠠ | ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠢ 549 ᠲᠦᠮᠡᠨ ᠮᠥ ᠪᠡᠶᠡᠯᠡᠭᠦᠯᠵᠦ᠂ ᠬᠠᠲᠤᠨ | ᠭᠤᠤᠯ ᠤᠨ ᠪᠠᠷᠠᠭᠤᠨ ᠬᠤᠩᠭᠢᠯ ᠲᠠᠺᠯᠢᠮᠠᠺᠠᠨ ᠡᠯᠡᠰᠦᠨ ᠴᠥᠯ ᠤᠨ ᠬᠥᠪᠡᠭᠡ ᠵᠠᠬ᠎ᠠ ᠶᠢᠨ ᠬᠤᠷᠢᠭᠯᠠᠨ ᠴᠣᠬᠢᠬᠤ | ᠳᠠᠶᠢᠯᠠᠯᠳᠤᠭᠠᠨ ᠢ 131 ᠲᠦᠮᠡᠨ ᠮᠥ ᠪᠡᠶᠡᠯᠡᠭᠦᠯᠪᠡ᠃ ᠣᠶ ᠰᠢᠭᠤᠶ ᠨᠤᠲᠤᠭ ᠪᠡᠯᠴᠢᠭᠡᠷ ᠤᠨ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ 2024 ᠣᠨ ᠤ ᠡᠴᠦᠰ ᠪᠣᠯᠬᠤ ᠳᠤ᠂ ᠣᠨᠴᠠᠯᠢᠭᠲᠤ ᠣᠶ ᠰᠢᠭᠤᠶ | ᠵᠢᠮᠢᠰ᠂ ᠣᠶ ᠰᠢᠭᠤᠶ ᠶᠢᠨ ᠢᠳᠡᠭᠡᠨ ᠤ ᠵᠦᠢᠯ᠂ ᠣᠶ ᠰᠢᠭᠤᠶ ᠨᠤᠲᠤᠭ ᠪᠡᠯᠴᠢᠭᠡᠷ ᠤᠨ ᠬᠢᠲᠠᠳ ᠡᠮ ᠤᠨ ᠮᠠᠲ᠋ᠧᠷᠢᠶᠠᠯ | ᠂ ᠮᠣᠳᠣᠯᠢᠭ ᠠᠮᠤ ᠲᠣᠰᠣ ᠵᠡᠷᠭᠡ ᠠᠵᠤ ᠠᠬᠤᠶ ᠶᠢᠨ ᠣᠶ ᠶᠢᠨ ᠲᠠᠯᠠᠪᠠᠶ ᠶᠢ 2850 ᠲᠦᠮᠡᠨ ᠮᠥ ᠳᠤ ᠬᠦᠷᠦᠭᠦᠯᠵᠦ | ᠂ ᠡᠯ᠎ᠡ ᠲᠥᠷᠥᠯ ᠤᠨ ᠠᠵᠤ ᠠᠬᠤᠶ ᠶᠢᠨ ᠣᠶ ᠶᠢᠨ ᠪᠦᠲᠦᠭᠡᠭᠳᠡᠬᠦᠨ ᠤ ᠭᠠᠷᠤᠯᠲᠠ ᠶᠢ 120 ᠲᠦᠮᠡᠨ ᠲᠣᠨ ᠳᠤ | ᠬᠦᠷᠦᠭᠦᠯᠬᠦ ᠪᠠᠷ ᠴᠢᠷᠮᠠᠶᠢᠨ᠎ᠠ︔ ᠪᠦᠬᠦ ᠣᠷᠣᠨ ᠤ ᠲᠡᠵᠢᠭᠡᠯ ᠡᠪᠡᠰᠦ ᠲᠠᠷᠢᠬᠤ ᠲᠠᠯᠠᠪᠠᠶ ᠶᠢ 2000 ᠲᠦᠮᠡᠨ | ᠮᠦ ᠠᠴᠠ ᠳᠡᠭᠡᠭᠰᠢ ᠪᠠᠶᠢᠯᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠠᠵᠤ ᠦᠢᠯᠡᠰ ᠤᠨ ᠦᠢᠯᠡᠳᠬᠦᠨ ᠤ | ᠥᠷᠲᠡᠭ ᠢ 1000 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ | ᠶᠡᠷᠦᠩᠬᠡᠶ ᠣᠶ ᠰᠢᠭᠤᠢ ᠶᠢᠨ ᠳᠠᠷᠤᠭ᠎ᠠ ᠶᠢᠨ ᠵᠠᠷᠯᠢᠭ ᠲᠤ ᠱᠠᠭᠠᠷᠳᠠᠭᠰᠠᠨ ᠨᠢ᠂ ᠣᠶ ᠰᠢᠭᠤᠶ ᠨᠤᠲᠤᠭ | ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠣᠭᠲᠠᠷᠭᠤᠶ ᠠᠴᠠ | ᠠᠵᠢᠭᠯᠠᠬᠤ᠂ ᠭᠠᠵᠠᠷ ᠳᠡᠭᠡᠷ᠎ᠡ ᠠᠴᠠ ᠪᠠᠶᠢᠴᠠᠭᠠᠬᠤ︾ ᠶᠢ ᠨᠡᠶᠢᠳᠡᠮ ᠪᠥᠷᠬᠦᠭᠦᠯᠬᠦ ᠬᠡᠯᠪᠡᠷᠢ ᠶᠢᠨ ᠣᠶ ᠰᠢᠭᠤᠶ ᠶᠢᠨ | ᠬᠢᠨᠠᠨ ᠪᠠᠶᠢᠴᠠᠭᠠᠯᠳᠠ ᠪᠠ ᠨᠤᠲᠤᠭ ᠪᠡᠯᠴᠢᠭᠡᠷ ᠤᠨ ᠬᠤᠪᠢᠷᠠᠯᠲᠠ ᠶᠢᠨ ᠵᠢᠷᠤᠭ ᠲᠣᠯᠪᠤ ᠶᠢ ᠬᠠᠷᠭᠤᠭᠤᠯᠤᠨ ᠪᠠᠶᠢᠴᠠᠭᠠᠨ | ᠰᠢᠢᠳᠪᠦᠷᠢᠯᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠠᠶᠢᠭᠠᠯᠢ ᠶᠢᠨ ᠣᠶ ᠶᠢ ᠬᠠᠮᠠᠭᠠᠯᠠᠬᠤ ᠪᠠ ᠨᠡᠶᠢᠲᠡ ᠶᠢᠨ | ᠠᠰᠠᠷᠠᠮᠵᠢ ᠶᠢᠨ ᠣᠶ ᠶᠢ ᠬᠠᠮᠢᠶᠠᠷᠬᠤ ᠶᠢ ᠨᠢᠭᠡᠳᠬᠡᠵᠦ᠂ ᠪᠠᠶᠢᠭᠠᠯᠢ ᠶᠢᠨ ᠨᠤᠲᠤᠭ ᠪᠡᠯᠴᠢᠭᠡᠷ ᠮᠠᠯ ᠪᠡᠯᠴᠢᠭᠡᠷ ᠤᠨ | ᠲᠡᠩᠴᠡᠭᠦᠷᠢ ᠶᠢᠨ ᠢᠯᠡᠳᠬᠡᠭᠴᠢ ᠲᠤᠭ᠎ᠠ ᠶᠢ 10 % ᠠᠴᠠ ᠳᠣᠷᠣᠭᠰᠢ ᠪᠣᠯᠲᠠᠯ᠎ᠠ ᠪᠠᠭᠤᠷᠠᠭᠤᠯᠤᠨ᠎ᠠ᠃ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ | ᠠᠬᠢᠭᠤᠯᠵᠤ᠂ ᠠᠯᠠᠱᠠ ᠠᠭᠤᠯᠠ᠂ ᠳᠠᠯᠠᠨ ᠬᠠᠷ᠎ᠠ ᠠᠭᠤᠯᠠ ᠶᠢᠨ ᠤᠯᠤᠰ ᠤᠨ ᠴᠡᠴᠡᠷᠯᠢᠭ ᠢ ᠢᠳᠡᠪᠬᠢᠲᠡᠶ ᠪᠠᠷ | ᠡᠭᠦᠳᠦᠨ ᠪᠠᠶᠢᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠰᠠᠶᠢᠲᠤᠷ | ᠠᠳᠬᠤᠵᠤ᠂ ᠭᠠᠯ ᠰᠡᠷᠭᠡᠶᠢᠯᠡᠬᠦ ᠲᠤᠤᠷᠴᠢᠯᠠᠭᠰᠠᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠭᠠᠯ ᠲᠦᠢᠮᠡᠷ ᠢ | ᠳᠠᠷᠤᠵᠤ ᠠᠶᠤᠯ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ | ︾ ᠶᠢ ᠶᠡᠭᠡ ᠪᠠᠷ ᠪᠠᠳᠠᠷᠠᠭᠤᠯᠵᠤ᠂ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢᠨ ᠠᠭᠤᠯᠤᠭᠳᠠᠬᠤᠨ ᠪᠠ ᠴᠠᠭ | ᠦᠶ᠎ᠡ ᠶᠢᠨ ᠦᠨ᠎ᠡ ᠥᠷᠲᠡᠭ ᠢ ᠭᠦᠨᠵᠡᠭᠡᠶ ᠰᠤᠳᠤᠯᠤᠨ ᠲᠠᠶᠢᠯᠪᠤᠷᠢᠯᠠᠵᠤ᠂ ᠡᠯ᠎ᠡ ᠭᠠᠵᠠᠷ ᠤᠨ ᠣᠶ ᠰᠢᠭᠤᠢ ᠶᠢᠨ | ᠳᠠᠷᠤᠭ᠎ᠠ ᠶᠢᠨ ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠪᠠ ᠨᠡᠶᠢᠲᠡᠯᠢᠭ ᠠᠷᠭ᠎ᠠ ᠬᠢᠳᠡᠯ ᠢ | ᠲᠥᠪᠯᠡᠷᠡᠭᠦᠯᠦᠨ ᠤᠬᠠᠭᠤᠯᠤᠨ ᠮᠡᠳᠡᠭᠡᠯᠡᠵᠦ᠂ ᠣᠶ ᠰᠢᠭᠤᠢ ᠶᠢᠨ ᠳᠠᠷᠤᠭ᠎ᠠ ᠶᠢᠨ ᠲᠦᠷᠢᠮ ᠤᠨ ᠪᠣᠯᠪᠠᠰᠤᠷᠠᠭᠤᠯᠤᠯ ᠢ | ᠱᠠᠲᠤ ᠬᠤᠪᠢᠶᠠᠨ ᠥᠷᠨᠢᠭᠦᠯᠵᠦ᠂ ᠣᠶ ᠰᠢᠭᠤᠢ ᠶᠢᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠪᠠ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠬᠦᠯᠦᠨ᠎ᠡ᠃ | ︽ᠣᠶ ᠰᠢᠭᠤᠢ ᠶᠢᠨ ᠳᠠᠷᠤᠭ᠎ᠠ + ᠭᠤᠤᠯᠳᠠᠯᠭ᠎ᠠ ᠲᠠᠢ ᠠᠵᠢᠯ︾ ᠢ ᠭᠦᠨᠵᠡᠭᠡᠶᠢᠷᠡᠭᠦᠯᠵᠦ᠂ ᠣᠶ ᠰᠢᠭᠤᠢ ᠶᠢᠨ | ᠳᠠᠷᠤᠭ᠎ᠠ ᠶᠢᠨ ᠵᠠᠷᠯᠢᠭ ᠪᠠᠭᠤᠯᠭᠠᠬᠤ᠂ ᠰᠢᠮᠳᠠᠭᠤᠯᠤᠨ ᠭᠦᠢᠴᠡᠳᠬᠡᠬᠦ᠂ ᠮᠡᠳᠡᠭᠡᠯᠡᠬᠦ᠂ ᠪᠣᠯᠵᠣᠨ ᠶᠠᠷᠢᠯᠴᠠᠬᠤ ᠵᠡᠷᠭᠡ | ᠲᠣᠭᠲᠠᠴᠠ ᠶᠢ ᠰᠠᠶᠢᠲᠤᠷ ᠬᠡᠷᠡᠭᠯᠡᠨ᠎ᠡ᠃ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠰᠢᠰᠲ᠋ᠧᠮᠵᠢ ᠶᠢ | ᠲᠡᠭᠦᠯᠳᠡᠷᠵᠢᠭᠦᠯᠵᠦ᠂ ᠰᠢᠯᠭᠠᠨ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠂ ᠡᠯ᠎ᠡ ᠭᠠᠵᠠᠷ ᠤᠨ | ᠣᠶ ᠰᠢᠭᠤᠢ ᠶᠢᠨ ᠳᠠᠷᠤᠭ᠎ᠠ ᠶᠢᠨ ᠲᠦᠷᠢᠮ ᠤᠨ ᠰᠢᠯᠭᠠᠨ ᠬᠢᠨᠠᠭᠰᠠᠨ ᠦᠷ᠎ᠡ ᠳ᠋ᠦᠩ ᠠᠴᠠ ᠠᠰᠠᠭᠤᠳᠠᠯ ᠡᠷᠢᠬᠦ ᠶᠢ | ᠰᠢᠮᠳᠠᠭᠤᠯᠤᠨ ᠵᠢᠯᠣᠭᠤᠳᠴᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠳᠤᠲᠠᠭᠤᠳᠠᠯ ᠢ ᠨᠥᠬᠦᠪᠥᠷᠢᠯᠡᠨ᠂ ᠠᠷᠭ᠎ᠠ | ᠬᠡᠮᠵᠢᠶ᠎ᠡ ᠶᠢ ᠨᠠᠷᠢᠯᠢᠬᠵᠢᠭᠤᠯᠤᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠪᠦᠬᠦᠯᠢ ᠴᠣᠭᠴᠠ ᠶᠢᠨ ᠠᠵᠢᠯ ᠤᠨ | ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ |