| ᠣᠶᠢᠷ᠎ᠠ ᠳᠤ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠲᠠᠪᠤᠳᠤᠭᠠᠷ | ᠪᠦᠯᠦᠭ ᠤᠨ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠦᠭᠰᠡᠨ ᠴᠢᠳᠠᠪᠤᠷᠢᠲᠠᠨ ᠪᠠ ᠪᠦᠯᠬᠦᠮ ᠨᠡᠶᠢᠲᠡ ᠶᠢᠨ ᠬᠢᠨᠠᠨ ᠲᠣᠭᠲᠠᠭᠠᠭᠰᠠᠨ ᠦᠷ᠎ᠡ ᠳ᠋ᠦᠩ ᠢ ᠨᠡᠶᠢᠲᠡᠯᠡᠪᠡ᠃ | ᠮᠠᠨ ᠤ ᠣᠷᠣᠨ ᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠷᠧᠨ ᠬᠠᠶ ᠶᠠᠨ ᠫᠷᠤᠹᠧᠰᠰᠤᠷ | ᠲᠠᠪᠤᠳᠤᠭᠠᠷ ᠪᠦᠯᠦᠭ ᠤᠨ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠦᠭᠰᠡᠨ ᠳᠠᠭᠠᠭᠤᠯᠤᠭᠴᠢ ᠴᠢᠳᠠᠪᠤᠷᠢᠲᠠᠨ ᠢᠶᠠᠷ ᠦᠨᠡᠯᠡᠭᠳᠡᠵᠦ᠂ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ︽ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠪᠠ ᠡᠯᠡᠰᠦᠷᠬᠡᠭ ᠣᠷᠣᠨ ᠤ | ᠬᠠᠮᠠᠭᠠᠯᠠᠯᠲᠠ ᠶᠢᠨ ᠡᠬᠢ ᠪᠠᠶᠠᠯᠢᠭ ᠢ ᠠᠰᠢᠭᠯᠠᠬᠤ ᠰᠢᠨ᠎ᠡ ᠶᠢ ᠡᠭᠦᠳᠬᠦ ᠪᠦᠯᠬᠦᠮ︾ ᠲᠠᠪᠤᠳᠤᠭᠠᠷ ᠪᠦᠯᠦᠭ ᠤᠨ | ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ | ᠪᠦᠯᠬᠦᠮ ᠢᠶᠠᠷ ᠦᠨᠡᠯᠡᠭᠳᠡᠪᠡ᠃ | ᠣᠳᠣᠬᠠᠨ ᠪᠣᠯᠲᠠᠯ᠎ᠠ᠂ ᠮᠠᠨ ᠤ ᠣᠷᠣᠨ ᠤ 4 ᠪᠦᠯᠬᠦᠮ ᠨᠡᠶᠢᠲᠡ ᠤᠯᠤᠰ ᠤᠨ ᠣᠶ ᠰᠢᠭᠤᠶ ᠨᠤᠲᠤᠭ | ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠪᠦᠯᠬᠦᠮ ᠨᠡᠶᠢᠲᠡ ᠪᠠᠷ ᠰᠣᠩᠭᠤᠭᠳᠠᠵᠤ᠂ | 3 ᠬᠥᠮᠦᠨ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠦᠭᠰᠡᠨ ᠳᠠᠭᠠᠭᠤᠯᠤᠭᠴᠢ ᠴᠢᠳᠠᠪᠤᠷᠢᠲᠠᠨ ᠢᠶᠠᠷ ᠰᠣᠩᠭᠤᠭᠳᠠᠵᠤ᠂ 1 ᠬᠥᠮᠦᠨ ᠤᠯᠤᠰ ᠤᠨ ᠣᠶ ᠰᠢᠭᠤᠶ | ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠵᠠᠯᠠᠭᠤᠴᠤᠳ ᠤᠨ | ᠣᠷᠦ᠋ᠢᠯᠠᠭᠰᠠᠨ ᠴᠢᠳᠠᠪᠤᠷᠢᠲᠠᠨ ᠢᠶᠠᠷ ᠰᠣᠩᠭᠤᠭᠳᠠᠪᠠ᠃ |