ᠵᠡᠷᠯᠢᠭ ᠠᠮᠦ ᠴᠡᠴᠡᠭ ︵ᠬᠤᠷᠠᠭᠠᠨ ᠵᠠᠰᠠᠭ᠎ᠠ︶
ᠨᠡᠶᠢᠲᠡᠯᠡᠭᠰᠡᠨ ᠴᠠᠭ᠄
2024/2/20
    ᠤᠯᠠᠨ ᠨᠠᠰᠤᠲᠤ ᠡᠪᠡᠰᠦᠯᠢᠭ ᠭᠠᠩᠰᠠᠭ ᠳᠤᠮᠳᠠᠰᠠᠭ ᠤᠷᠭᠤᠮᠠᠯ᠃ ᠠᠭᠤᠯᠠᠷᠬᠠᠭ ᠭᠠᠵᠠᠷ ᠤᠨ ᠤᠢ ᠶᠢᠨ ᠬᠦᠪᠡᠭᠡ᠂ ᠨᠤᠭᠤ᠂ ᠨᠤᠭᠤ ᠪᠡᠯᠴᠢᠭᠡᠷ᠂ ᠭᠤᠣ ᠵᠢᠯᠠᠭ᠎ᠠ ᠪᠠᠷ ᠤᠷᠭᠤᠨ᠎ᠠ᠃ ᠮᠠᠨ ᠤ ᠤᠷᠤᠨ ᠤ ᠬᠢᠩᠭᠠᠨ ᠤ ᠬᠤᠶᠢᠲᠤ ᠬᠡᠰᠡᠭ᠂ ᠬᠢᠩᠭᠠᠨ ᠤ ᠡᠮᠦᠨᠡᠲᠦ ᠬᠡᠰᠡᠭ᠂ ᠳᠠᠪᠠᠭᠠᠨ ᠤ ᠪᠠᠷᠠᠭᠤᠨ ᠲᠤᠭᠤᠷᠢᠭ᠂ ᠳᠠᠪᠠᠭᠠᠨ ᠤ ᠵᠡᠬᠦᠨ ᠲᠤᠭᠤᠷᠢᠭ᠂ ᠬᠤᠷᠴᠢᠨ ᠲᠤᠭᠤᠷᠢᠭ᠂ ᠤᠯᠠᠭᠠᠨᠬᠠᠳᠠ ᠶᠢᠨ ᠲᠤᠪᠤ ᠳᠣᠪᠤᠷᠴᠠᠭ᠂ ᠶᠠᠨᠱᠠᠨ ᠠᠭᠤᠯᠠᠨ ᠤ ᠬᠤᠶᠢᠲᠤ ᠬᠡᠰᠡᠭ᠂ ᠬᠦᠯᠦᠨ ᠪᠤᠶᠢᠷ— ᠰᠢᠯᠢ ᠶᠢᠨ ᠭᠤᠣᠯ ᠤᠨ ᠦᠨᠳᠦᠷᠯᠢᠭ᠂ ᠮᠤᠨᠢ ᠠᠭᠤᠯᠠ ᠶᠢᠨ ᠦᠪᠦᠷ ᠲᠠᠬᠢ ᠳᠤᠪᠤ ᠲᠤᠪᠤᠷᠴᠠᠭ᠂ ᠵᠡᠭᠦᠨ ᠠᠯᠠᠱᠠ ᠲᠤᠭᠤᠷᠢᠭ ᠢᠶᠠᠷ ᠤᠷᠭᠤᠯᠲᠠ ᠲᠠᠢ᠃ ᠮᠠᠨ ᠤ ᠤᠯᠤᠰ ᠤᠨ ᠵᠡᠬᠦᠨ ᠬᠤᠶᠢᠲᠤ ᠤᠷᠤᠨ ᠢᠶᠠᠷ ᠲᠠᠷᠬᠠᠵᠤ᠂ ᠮᠤᠩᠭᠤᠯ ᠤᠯᠤᠰ᠂ ᠤᠷᠤᠰ ᠤᠨ ᠰᠢᠪᠧᠷᠢᠶ᠎ᠠ ᠪᠠᠷ ᠪᠠᠰᠠ ᠲᠠᠷᠬᠠᠳᠠᠭ᠃ ᠦᠵᠡᠮᠦᠷᠢ ᠶᠢᠨ ᠤᠷᠭᠤᠮᠠᠯ ᠪᠤᠯᠭᠠᠵᠤ ᠪᠤᠯᠤᠨ᠎ᠠ᠃ ᠦᠷ᠎ᠡ ᠵᠢᠮᠢᠰ ᠨᠢ ᠡᠮ ᠳᠤ ᠤᠷᠤᠵᠤ᠂ ᠭᠤᠣᠯᠳᠠᠭᠤ ᠤᠳᠠᠭᠠᠨ ᠴᠢᠨᠠᠷᠲᠠᠢ ᠬᠠᠨᠢᠶᠠᠳᠤ᠂ ᠤᠳᠠᠭᠠᠨ ᠴᠢᠨᠠᠷᠲᠠᠢ ᠰᠠᠭᠤᠯᠭᠠᠬᠤ᠂ ᠴᠠᠭᠠᠨ ᠮᠢᠬ᠎ᠠ ᠤᠷᠪᠠᠭ᠋ᠤ᠂ ᠬᠤᠳᠤᠭᠤᠲᠤ ᠡᠪᠡᠳᠬᠦ᠂ ᠮᠡᠲᠡᠷᠡᠯ ᠤᠨ ᠴᠢᠨᠠᠷᠲᠠᠢ ᠲᠤᠯᠤᠭᠠᠢ ᠡᠪᠡᠳᠬᠦ ᠶᠢ ᠵᠠᠰᠠᠨ᠎ᠠ᠃
t01c44359257ef7f0ee.jpg
t014cc93c2871cc8be3.jpg
 
ᠢᠷᠡᠯᠲᠡ᠄ ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠠᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号