ᠯᠢ ᠴᠢᠶᠠᠩ ᠸᠠᠩ ᠬᠤ᠋ ᠨᠢᠩ ᠼᠠᠢ ᠴᠢ ᠣᠷᠣᠯᠴᠠᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 19 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ | ᠡᠷᠭᠢᠯᠡᠭᠴᠢ ᠰᠢ ᠶᠢᠨ ᠫᠢᠩ 2 ᠰᠠᠷ᠎ᠠ ᠶᠢᠨ 19 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠳᠦᠷᠢᠮ ᠳᠤ ᠥᠭᠡᠷᠡᠴᠢᠯᠡᠯᠲᠡ ᠬᠢᠵᠦ ᠳᠠᠪᠠᠭᠤᠯᠢᠭ ᠭᠠᠵᠠᠷ ᠣᠷᠣᠨ ᠤ | ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠬᠤ ᠲᠤᠬᠠᠢ ᠰᠠᠨᠠᠯ︾᠂ ︽ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ ᠲᠤᠬᠠᠢ ᠰᠠᠨᠠᠯ︾᠂ ︽ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠭᠦ ᠲᠤᠬᠠᠢ ᠰᠠᠨᠠᠯ︾᠂ ︽ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ | ᠳᠡᠮᠵᠢᠬᠦ ᠰᠠᠭᠤᠷᠢ ᠳᠦᠷᠢᠮ ᠢ ᠲᠦᠷᠭᠡᠳᠬᠡᠨ ᠪᠦᠷᠢᠯᠳᠦᠭᠦᠯᠬᠦ ᠲᠤᠬᠠᠢ ᠰᠠᠨᠠᠯ︾᠂ ︽ᠲᠥᠪ ᠤᠨ ᠥᠭᠡᠷᠡᠴᠢᠯᠡᠯᠲᠡ ᠶᠢ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ 2023 ᠣᠨ ᠤ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ︾᠂ | ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ 2024 ᠣᠨ ᠤ | ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠦ ᠪᠠᠲᠤᠯᠠᠵᠠᠢ᠃ | ᠰᠢ ᠶᠢᠨ ᠫᠢᠩ ᠬᠤᠷᠠᠯ ᠢ ᠡᠷᠭᠢᠯᠡᠭᠦ ᠳᠡᠭᠡᠨ᠂ ᠬᠤᠷᠸ᠎ᠠ ᠲᠦᠷᠦ ᠶᠢᠨ ᠪᠣᠳᠣᠯᠭ᠎ᠠ᠂ ᠣᠷᠣᠨ ᠪᠦᠰᠡ ᠶᠢᠨ | ᠬᠥᠭᠵᠢᠯᠲᠡ ᠯᠦᠭᠡ ᠨᠡᠩ ᠥᠨᠳᠥᠷ ᠪᠦᠲᠦᠮᠵᠢᠲᠡᠢ ᠵᠣᠯᠭᠠᠯᠴᠠᠬᠤ ᠭᠠᠵᠠᠷ ᠰᠢᠷᠣᠢ ᠶᠢᠨ ᠬᠠᠮᠢᠶᠠᠷᠤᠯᠲᠠ ᠶᠢᠨ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠭᠠᠵᠠᠷ ᠰᠢᠷᠣᠢ ᠶᠢᠨ ᠡᠯᠧᠮᠧᠨ᠋ᠲ ᠢ ᠲᠣᠬᠢᠷᠠᠭᠤᠯᠬᠤ ᠶᠢᠨ ᠣᠨᠣᠪᠴᠢᠲᠤ ᠴᠢᠨᠠᠷ ᠪᠠ | ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠤᠣᠯ ᠴᠣᠭᠴᠠ ᠶᠢᠨ ᠴᠢᠳᠠᠮᠵᠢ ᠶᠢᠨ ᠬᠢᠵᠠᠭᠠᠷᠯᠠᠯ | ᠪᠦᠲᠦᠮᠵᠢᠲᠡᠢ᠂ ᠤᠯᠤᠰ ᠤᠨ ᠨᠤᠲᠤᠭ ᠳᠡᠪᠢᠰᠬᠡᠷ ᠤᠨ ᠨᠡᠭᠡᠭᠡᠨ ᠬᠥᠭᠵᠢᠭᠦᠯᠦᠯᠲᠡ ᠶᠢ ᠵᠣᠬᠢᠴᠠᠩᠭᠤᠢ ᠡᠮᠬᠢ | ᠵᠢᠷᠤᠮ ᠲᠠᠢ ᠪᠤᠯᠭᠠᠬᠤ ᠣᠷᠣᠨ ᠵᠠᠢ ᠶᠢᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ ᠭᠠᠵᠠᠷ | ᠰᠢᠷᠣᠢ ᠶᠢᠨ ᠡᠯᠧᠮᠧᠨ᠋ᠲ ᠤᠨ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ | ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ | ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠣᠯ ᠡᠬᠢ ᠪᠠᠶᠠᠯᠢᠭ ᠣᠷᠴᠢᠨ ᠲᠣᠭᠤᠷᠢᠨ | ᠠᠮᠢ ᠠᠬᠤᠢ ᠶᠢᠨ ᠠᠰᠠᠭᠤᠳᠠᠯ ᠢ ᠰᠢᠢᠳᠪᠦᠷᠢᠯᠡᠬᠦ ᠰᠠᠭᠤᠷᠢ ᠪᠤᠯᠬᠤ ᠠᠷᠭ᠎ᠠ ᠪᠣᠳᠣᠯᠭ᠎ᠠ ᠪᠣᠯᠣᠨ᠎ᠠ᠂ ᠪᠦᠭᠦ ᠲᠠᠯ᠎ᠠ ᠪᠠᠷ | ᠭᠡᠯᠪᠡᠷᠢ ᠪᠠᠨ ᠬᠤᠪᠢᠷᠠᠭᠤᠯᠬᠤ᠂ ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ᠂ ᠰᠢᠨ᠎ᠡ ᠶᠢ ᠡᠭᠦᠳᠦᠨ ᠭᠡᠯᠪᠡᠷᠢ ᠪᠠᠨ | ᠬᠤᠪᠢᠷᠠᠭᠤᠯᠬᠤ᠂ ᠠᠮᠤᠷ ᠲᠦᠪᠰᠢᠨ ᠢᠶᠠᠷ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠵᠤ᠂ ︽ᠬᠤᠣᠰ | ᠨᠡᠭᠦᠷᠡᠰᠦᠲᠥ᠋ᠷᠥᠭᠴᠢ︾ ᠶᠢᠨ ᠠᠵᠢᠯ ᠢᠶᠠᠷ ᠵᠢᠯᠣᠭᠤᠳᠤᠮᠵᠢ ᠪᠤᠯᠭᠠᠵᠤ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ | ᠥᠰᠦᠯᠲᠡ ᠶᠢ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠪᠣᠬᠢᠷᠳᠤᠯ ᠦᠭᠡᠢ ᠬᠥᠭᠵᠢᠯᠲᠡ ᠶᠢᠨ | ᠣᠶᠢᠯᠠᠭᠠᠭᠳᠠᠬᠤᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠶᠠᠪᠤᠴᠠ ᠡᠯ᠎ᠡ ᠲᠠᠯ᠎ᠠ ᠳᠤ | ᠲᠤᠭᠤᠰᠢᠯᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ | ᠬᠦᠴᠦᠨ ᠢ ᠳᠣᠷᠣᠭᠰᠢ ᠪᠠᠭᠤᠯᠭᠠᠬᠤ᠂ ᠪᠠᠲᠤᠯᠠᠭ᠎ᠠ ᠶᠢ ᠳᠣᠷᠣᠭᠰᠢ ᠬᠡᠯᠪᠠᠶᠢᠯᠭᠡᠬᠦ᠂ ᠪᠣᠭᠤᠮᠲᠠ ᠶᠢ ᠤᠷᠤᠭᠰᠢ | ᠰᠢᠯᠵᠢᠭᠦᠯᠬᠦ ᠶᠢ ᠠᠬᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ | ᠰᠡᠷᠭᠡᠶᠢᠯᠡᠨ ᠠᠷᠢᠯᠭᠠᠵᠤ᠂ ᠡᠯ᠎ᠡ ᠲᠦᠷᠦᠯ ᠤᠨ ᠭᠠᠮᠰᠢᠭ ᠠᠳᠡᠯ ᠢ ᠴᠠᠭ ᠲᠤᠬᠠᠢ ᠳᠤᠨᠢ ᠬᠦᠴᠦᠲᠡᠢ ᠪᠦᠲᠦᠮᠵᠢᠲᠡᠢ | ᠰᠢᠢᠳᠪᠦᠷᠢᠯᠡᠵᠦ᠂ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ | ᠪᠠᠲᠤ ᠰᠠᠬᠢᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠠᠵᠤ ᠠᠬᠤᠢ ᠶᠢᠨ ᠭᠦᠨᠵᠡᠭᠡᠢ | ᠠᠭᠤᠰᠤᠯᠴᠠᠯ ᠢ ᠬᠦᠯᠢᠶᠡᠰᠦᠯᠡᠵᠦ ᠪᠠᠶᠢᠭ᠎ᠠ ᠲᠣᠪᠤᠶᠢᠮ᠎ᠠ ᠠᠰᠠᠭᠤᠳᠠᠯ ᠲᠠᠢ ᠨᠢᠭᠲᠠ ᠤᠶᠠᠯᠳᠤᠭᠤᠯᠵᠤ᠂ ᠰᠢᠨ᠎ᠡ ᠶᠢ | ᠡᠭᠦᠳᠬᠦ ᠳᠤ ᠶᠠᠭᠤ ᠬᠢᠬᠦ᠂ ᠬᠡᠨ ᠰᠢᠨ᠎ᠡ ᠶᠢ ᠡᠭᠦᠳᠬᠦ ᠶᠢ ᠵᠣᠬᠢᠶᠠᠨ ᠪᠠᠶᠢᠭᠤᠯᠬᠤ᠂ ᠰᠢᠨ᠎ᠡ ᠶᠢ ᠡᠭᠦᠳᠬᠦ ᠶᠢ ᠬᠡᠷᠬᠢᠨ | ᠳᠡᠮᠵᠢᠨ ᠵᠣᠷᠢᠭᠵᠢᠭᠤᠯᠵᠤ ᠬᠠᠮᠠᠭᠠᠯᠠᠬᠤ ᠶᠢᠨ ᠲᠣᠭᠤᠷᠢᠨ ᠳᠤ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠲᠠᠯ᠎ᠠ ᠪᠠᠷ ᠰᠢᠨ᠎ᠡ ᠶᠢ ᠡᠭᠦᠳᠬᠦ ᠰᠠᠭᠤᠷᠢ ᠳᠦᠷᠢᠮ ᠢ ᠲᠦᠷᠭᠡᠳᠬᠡᠨ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠋ | ᠨᠢᠩ᠂ ᠼᠠᠢ ᠴᠢ ᠬᠤᠷᠠᠯ ᠳᠤ ᠣᠷᠣᠯᠴᠠᠪᠠ᠃ | ᠬᠤᠷᠠᠯ ᠠᠴᠠ᠂ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠭᠤᠯᠤᠯᠲᠠ ᠪᠣᠯᠣᠨ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠠᠰᠢᠭᠯᠠᠯᠲᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠡᠯ᠎ᠡ ᠭᠠᠵᠠᠷ ᠤᠨ | ᠦᠢᠯᠡᠳᠦᠯ ᠴᠢᠳᠠᠮᠵᠢ ᠶᠢᠨ ᠪᠠᠶᠢᠷᠢ ᠲᠣᠭᠲᠠᠭᠠᠯᠲᠠ ᠪᠣᠯᠣᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ | ᠭᠠᠵᠠᠷ ᠰᠢᠷᠣᠢ ᠶᠢᠨ ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ ᠶᠢᠨ ᠨᠢᠭᠡᠴᠢ ᠶᠢ ᠨᠠᠷᠢᠯᠢᠭᠵᠢᠭᠤᠯᠵᠤ᠂ ᠡᠬᠢ | ᠪᠠᠶᠠᠯᠢᠭ ᠢ ᠨᠡᠭᠡᠭᠡᠨ ᠠᠰᠢᠭᠯᠠᠬᠤ ᠲᠦᠪᠰᠢᠨ ᠢ ᠳᠡᠭᠡᠭᠰᠢᠯᠡᠭᠦᠯᠵᠦ᠂ ᠳᠠᠪᠠᠭᠤᠯᠢᠭ ᠭᠠᠵᠠᠷ ᠣᠷᠣᠨ ᠤ ᠵᠢᠱᠢᠶ᠎ᠡ | ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢ ᠬᠠᠮᠢᠶᠠᠷᠤᠨ ᠡᠵᠡᠮᠳᠡᠬᠦ ᠵᠠᠭᠠᠭ ᠬᠢᠵᠠᠭᠠᠷ ᠢ ᠴᠢᠩᠭ᠎ᠠ ᠨᠠᠶᠢᠳᠠᠪᠤᠷᠢᠵᠢᠭᠤᠯᠵᠤ᠂ | ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠵᠡᠷᠭᠡ ᠭᠤᠷᠪᠠᠨ ᠬᠢᠵᠠᠭᠠᠷᠯᠠᠬᠤ | ᠱᠤᠭᠤᠮ ᠢ ᠴᠢᠩᠭ᠎ᠠ ᠰᠠᠬᠢᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠰᠦᠪᠡᠭᠴᠢᠯᠡᠯᠲᠡ ᠶᠢᠨ ᠴᠢᠨᠠᠷᠲᠠᠢ ᠪᠥᠭᠡᠳ ᠲᠦᠢᠯ ᠤᠨ ᠪᠠᠴᠢᠮ | ᠲᠤᠯᠭᠠᠮ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠵᠤ᠂ ᠯᠠᠪᠳᠠᠭᠤᠨ ᠪᠣᠯᠭᠤᠮᠵᠢᠲᠠᠢ ᠪᠠᠷ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ ᠣᠷᠣᠨ ᠵᠠᠢ ᠶᠢᠨ ᠪᠠᠶᠢᠷᠢᠰᠢᠯ ᠢ ᠪᠠᠶᠢᠭᠤᠯᠵᠤ᠂ ᠠᠵᠤ | ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ᠂ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠠᠬᠢᠭᠤᠯᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ | ᠦᠢᠯᠡᠳᠪᠦᠷᠢᠯᠡᠯ ᠤᠨ ᠠᠷᠭ᠎ᠠ ᠭᠡᠯᠪᠡᠷᠢ ᠪᠣᠯᠣᠨ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠳᠬᠡᠨ ᠪᠦᠷᠢᠯᠳᠦᠭᠦᠯᠬᠦ | ᠬᠡᠷᠡᠭᠲᠡᠢ᠃ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠠᠩᠭᠢᠯᠠᠭ᠎ᠠ ᠶᠢᠨ | ᠭᠤᠭᠴᠤᠭ᠎ᠠ ᠶᠢ ᠠᠳᠬᠤᠵᠤ᠂ ᠪᠦᠭᠦ ᠲᠠᠯ᠎ᠠ ᠪᠠᠷ ᠠᠷᠪᠢᠯᠠᠨ ᠭᠠᠮᠨᠠᠬᠤ ᠶᠢ ᠠᠬᠢᠭᠤᠯᠵᠤ᠂ ᠬᠡᠷᠡᠭᠯᠡᠭᠡ ᠶᠢᠨ ᠭᠡᠯᠪᠡᠷᠢ ᠶᠢ | ᠬᠤᠪᠢᠷᠠᠭᠤᠯᠬᠤ ᠶᠢ ᠲᠦᠷᠭᠡᠳᠬᠡᠵᠦ᠂ ᠪᠣᠬᠢᠷᠳᠤᠯ ᠦᠭᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠲᠡᠷᠢᠭᠦᠨ ᠤ ᠪᠣᠬᠢᠷᠳᠤᠯ ᠦᠭᠡᠢ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠬᠤ ᠬᠡᠷᠡᠭᠲᠡᠢ᠃ | ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠳᠡᠮᠵᠢᠬᠦ ᠡᠳ᠋ ᠤᠨ | ᠵᠠᠰᠠᠭ ᠭᠠᠶᠢᠯᠢ᠂ ᠮᠥᠩᠭᠦᠨ ᠭᠦᠢᠯᠭᠡᠭᠡᠨ᠂ ᠪᠡᠯᠡ ᠣᠷᠣᠭᠤᠯᠤᠯᠲᠠ᠂ ᠦᠨ᠎ᠡ ᠬᠠᠩᠰᠢ ᠶᠢᠨ ᠲᠦᠷᠦ ᠶᠢᠨ ᠪᠣᠳᠣᠯᠭ᠎ᠠ | ᠪᠣᠯᠣᠨ ᠬᠤᠯᠪᠣᠭᠳᠠᠯ ᠪᠦᠬᠦᠢ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ ᠪᠦᠷᠢᠨᠰᠢᠭᠦᠯᠵᠦ᠂ ᠪᠣᠬᠢᠷᠳᠤᠯ ᠦᠭᠡᠢ | ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠣᠯᠣᠨ ᠳᠦᠷᠢᠮ ᠤᠨ | ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠯᠤᠭᠤᠳᠬᠠᠵᠤ᠂ ᠨᠠᠮ ᠤᠨ ᠦᠨᠳᠦᠰᠦᠨ ᠱᠠᠲᠤᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠳᠠᠪᠠᠭᠤᠯᠢᠭ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠲᠤᠰᠬᠠᠢ ᠮᠡᠷᠭᠡᠵᠢᠯ ᠤᠨ | ᠳᠠᠪᠠᠭᠤᠯᠢᠭ ᠢ ᠪᠠᠳᠠᠷᠠᠭᠤᠯᠵᠤ᠂ ︽ᠰᠡᠷᠭᠡᠶᠢᠯᠡᠬᠦ︾ ᠪᠠ ︽ᠠᠪᠤᠷᠠᠬᠤ︾ ᠬᠠᠷᠢᠭᠤᠴᠠᠯᠭ᠎ᠠ ᠶᠢᠨ ᠬᠡᠯᠬᠢᠶ᠎ᠡ ᠶᠢ ᠰᠠᠶᠢᠲᠤᠷ | ᠵᠣᠯᠭᠠᠭᠤᠯᠵᠤ᠂ ᠶᠡᠭᠡ ᠠᠮᠤᠷ ᠲᠦᠪᠰᠢᠨ ᠶᠡᠭᠡ ᠪᠠᠴᠢᠮ ᠪᠠᠶᠢᠳᠠᠯ ᠢ ᠠᠷᠭᠠᠴᠠᠭᠠᠬᠤ ᠪᠣᠷᠣ ᠲᠥᠯᠥᠪ ᠢ ᠪᠦᠷᠢᠨᠰᠢᠭᠦᠯᠬᠦ | ᠬᠡᠷᠡᠭᠲᠡᠢ᠃ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠠᠶᠤᠯ | ᠲᠦᠭᠰᠢᠭᠦᠷᠢ ᠶᠢ ᠢᠯᠭᠠᠨ ᠲᠠᠨᠢᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ᠂ ᠴᠠᠭ ᠲᠤᠬᠠᠢ ᠳᠤᠨᠢ | ᠰᠢᠢᠳᠪᠦᠷᠢᠯᠡᠬᠦ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠪᠦᠷᠢᠯᠳᠦᠬᠦ ᠶᠢ ᠠᠬᠢᠭᠤᠯᠵᠤ᠂ ᠤᠷᠢᠳᠴᠢᠯᠠᠨ ᠰᠡᠷᠭᠡᠶᠢᠯᠡᠬᠦ᠂ | ᠡᠷᠲᠡ ᠠᠴᠠ ᠢᠯᠡᠷᠡᠭᠦᠯᠬᠦ᠂ ᠪᠠᠭ᠎ᠠ ᠳᠡᠭᠡᠷ᠎ᠡ ᠨᠢ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠪᠠᠲᠤᠯᠠᠭ᠎ᠠ ᠶᠢᠨ | ᠲᠣᠭᠲᠠᠴᠠ ᠶᠢ ᠪᠦᠷᠢᠨᠰᠢᠭᠦᠯᠵᠦ᠂ ᠰᠠᠭᠤᠷᠢᠯᠠᠬᠤ ᠴᠢᠨᠠᠷᠲᠠᠢ ᠣᠷᠣᠭᠤᠯᠤᠯᠲᠠ ᠶᠢ ᠨᠡᠮᠡᠭᠳᠡᠭᠦᠯᠦᠨ᠂ ᠭᠠᠵᠠᠷ ᠣᠷᠣᠨ ᠤ | ᠬᠥᠮᠥᠨ ᠠᠮᠠ ᠶᠢᠨ ᠲᠤᠭ᠎ᠠ ᠬᠡᠮᠵᠢᠶ᠎ᠡ᠂ ᠠᠵᠤ ᠠᠬᠤᠢ ᠶᠢᠨ ᠬᠡᠪᠴᠢᠶ᠎ᠡ᠂ ᠭᠠᠮᠰᠢᠭ ᠤᠨ ᠠᠳᠡᠯ ᠤᠨ ᠣᠨᠴᠠᠯᠢᠭ᠂ | ᠠᠮᠤᠷ ᠲᠦᠪᠰᠢᠨ ᠤ ᠲᠦᠭᠰᠢᠭᠦᠷᠢ ᠶᠢᠨ ᠬᠡᠮᠵᠢᠶ᠎ᠡ ᠵᠡᠷᠭᠡ ᠬᠦᠴᠦᠨ ᠵᠦᠢᠯ ᠢ ᠦᠨᠳᠦᠰᠦᠯᠡᠨ᠂ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠪᠦᠷᠢᠨ ᠭᠦᠢᠴᠡᠳ ᠬᠦᠴᠦᠷᠬᠡᠭ ᠬᠦᠴᠦᠨ ᠢ ᠲᠣᠬᠢᠷᠠᠭᠤᠯᠬᠤ ᠬᠡᠷᠡᠭᠲᠡᠢ᠃ | ᠦᠨᠳᠦᠰᠦᠨ ᠱᠠᠲᠤᠨ ᠤ ᠺᠠᠳ᠋ᠷ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠨᠡᠶᠢᠭᠡᠮ ᠤᠨ ᠤᠯᠠᠨ ᠨᠡᠶᠢᠲᠡ ᠶᠢᠨ | ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠣᠯᠣᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ | ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠠᠭᠤᠷᠢ ᠳᠦᠷᠢᠮ ᠢ ᠲᠦᠷᠭᠡᠳᠬᠡᠨ | ᠪᠦᠷᠢᠯᠳᠦᠭᠦᠯᠬᠦ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠤᠯᠤᠰ | ᠳᠠᠶᠠᠭᠠᠷ ᠤᠨ ᠪᠠᠶᠢᠭᠤᠯᠤᠮᠵᠢ ᠶᠢ ᠪᠦᠷᠢᠨᠰᠢᠭᠦᠯᠵᠦ᠂ ᠭᠤᠣᠯ ᠴᠣᠭᠴᠠ ᠶᠢᠨ ᠬᠠᠮᠵᠢᠯᠴᠠᠭ᠎ᠠ᠂ ᠴᠢᠬᠤᠯᠠ ᠡᠯᠧᠮᠧᠨ᠋ᠲ ᠤᠨ | ᠲᠣᠬᠢᠷᠠᠭᠤᠯᠤᠯᠲᠠ᠂ ᠤᠷᠮᠠᠰᠢᠭᠤᠯᠵᠤ ᠬᠢᠵᠠᠭᠠᠷᠯᠠᠬᠤ᠂ ᠨᠡᠭᠡᠭᠡᠯᠲᠡᠲᠤ ᠠᠮᠤᠷ ᠲᠦᠪᠰᠢᠨ ᠵᠡᠷᠭᠡ ᠲᠠᠯ᠎ᠠ ᠶᠢᠨ ᠲᠣᠪᠤᠶᠢᠮ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠦᠷᠢᠮ ᠤᠨ ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ᠃ | ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ᠂ ᠠᠵᠤ ᠦᠢᠯᠡᠰ ᠤᠨ ᠰᠢᠨ᠎ᠡ ᠶᠢ | ᠡᠭᠦᠳᠬᠦ ᠶᠢᠨ ᠠᠳᠠᠯᠢ ᠪᠤᠰᠤ ᠵᠢᠮ᠎ᠡ ᠶᠣᠰᠣ ᠶᠢ ᠦᠨᠳᠦᠰᠦᠯᠡᠨ᠂ ᠳᠦᠷᠢᠮ ᠤᠨ ᠵᠢᠷᠤᠭ ᠲᠥᠯᠥᠪᠯᠡᠭᠡ ᠶᠢ ᠲᠥᠷᠥᠯ | ᠬᠤᠪᠢᠶᠠᠨ ᠴᠢᠩᠭᠠᠳᠬᠠᠵᠤ᠂ ᠴᠢᠬᠤᠯᠠ ᠶᠡᠭᠡ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ | ᠤᠷᠢᠳ ᠢᠶᠠᠷ ᠬᠢᠬᠦ ᠬᠡᠷᠡᠭᠲᠡᠢ᠃ ᠰᠢᠰᠲ᠋ᠧᠮ ᠤᠨ ᠬᠤᠷᠠᠮᠠᠯ ᠢ ᠴᠢᠩᠭᠠᠳᠬᠠᠵᠤ᠂ ᠰᠢᠨ᠎ᠡ ᠪᠠᠷ ᠨᠡᠶᠢᠲᠡᠯᠡᠭᠰᠡᠨ ᠠᠷᠭ᠎ᠠ | ᠬᠡᠮᠵᠢᠶ᠎ᠡ᠂ ᠰᠢᠨ᠎ᠡ ᠪᠠᠷ ᠲᠣᠭᠲᠠᠭᠠᠭᠰᠠᠨ ᠳᠦᠷᠢᠮ ᠳᠤ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ | ᠴᠢᠨᠠᠷᠲᠠᠢ ᠳᠤ ᠦᠨᠡᠯᠡᠯᠲᠡ ᠬᠢᠵᠦ᠂ ᠠᠳᠠᠯᠢ ᠴᠢᠭᠯᠡᠯ ᠢᠶᠠᠷ ᠬᠦᠴᠦᠯᠡᠵᠦ᠂ ᠬᠠᠮᠲᠤᠷᠠᠯ ᠬᠦᠴᠦᠨ ᠢ ᠪᠦᠷᠢᠯᠳᠦᠭᠦᠯᠬᠦ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ | ᠳᠤᠷᠠᠳᠤᠭᠰᠠᠨ ᠰᠢᠨ᠎ᠡ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠰᠢᠨ᠎ᠡ ᠭᠠᠷᠤᠭ᠎ᠠ ᠳᠡᠭᠡᠷ᠎ᠡ ᠠᠴᠠ | ᠥᠭᠡᠷᠡᠴᠢᠯᠡᠯᠲᠡ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠨᠢᠨ ᠳᠡᠭᠡᠷ᠎ᠡ ᠨᠢ ᠬᠦᠴᠦᠯᠡᠵᠦ᠂ | ᠬᠠᠮᠵᠢᠯᠴᠠᠨ ᠬᠦᠴᠦᠯᠡᠵᠦ᠂ ᠦᠷᠭᠦᠯᠵᠢᠯᠡᠨ ᠬᠦᠴᠦᠯᠡᠵᠦ᠂ ᠰᠢᠨ᠎ᠡ ᠠᠶᠠᠨ ᠢ ᠡᠬᠢᠯᠡᠭᠦᠯᠬᠦ ᠳᠤ ᠬᠥᠳᠡᠯᠭᠡᠬᠦ ᠬᠦᠴᠦᠨ | ᠠᠮᠢᠵᠢᠷᠠᠯ ᠤᠨ ᠬᠦᠴᠦᠨ ᠬᠠᠩᠭᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠠᠶᠢᠷᠢᠯᠠᠭᠤᠯᠤᠭᠰᠠᠨ | ᠥᠭᠡᠷᠡᠴᠢᠯᠡᠯᠲᠡ ᠶᠢᠨ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠢᠭᠡ ᠪᠦᠯᠦᠭ | ᠴᠢᠬᠤᠯᠠ ᠥᠭᠡᠷᠡᠴᠢᠯᠡᠯᠲᠡ ᠶᠢᠨ ᠪᠢᠴᠢᠭ ᠮᠠᠲ᠋ᠧᠷᠢᠶᠠᠯ ᠢ ᠰᠤᠳᠤᠯᠤᠨ ᠪᠠᠲᠤᠯᠠᠵᠤ᠂ ᠬᠦᠴᠦᠨ ᠢᠶᠠᠨ ᠲᠥᠪᠯᠡᠷᠡᠭᠦᠯᠦᠨ | ᠴᠢᠨᠠᠷ ᠰᠠᠶᠢᠲᠠᠢ ᠬᠥᠭᠵᠢᠯᠲᠡ ᠳᠤ ᠪᠠᠴᠢᠮ ᠱᠠᠭᠠᠷᠳᠠᠭᠳᠠᠵᠤ ᠪᠠᠶᠢᠭ᠎ᠠ᠂ ᠪᠠᠴᠢᠮᠳᠠᠵᠤ ᠲᠦᠪᠡᠭᠳᠡᠵᠦ ᠵᠣᠪᠠᠨᠢᠵᠤ | ᠬᠦᠰᠡᠵᠦ ᠪᠠᠶᠢᠭ᠎ᠠ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠪᠡ᠃ ᠨᠠᠮ ᠪᠠ ᠲᠥᠷᠥ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠢ | ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠮᠥᠩᠭᠦᠨ ᠭᠦᠢᠯᠭᠡᠭᠡᠨ ᠵᠡᠷᠭᠡ ᠭᠤᠣᠯᠳᠠᠯᠭ᠎ᠠ ᠲᠠᠢ | ᠬᠦᠷᠢᠶᠡᠨ ᠳᠠᠬᠢ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ | ᠲᠥᠪ ᠤᠨ ᠳᠠᠪᠬᠤᠷᠭ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠪᠡ᠃ | ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠵᠣᠬᠢᠴᠠᠭᠤᠯᠤᠨ ᠠᠬᠢᠭᠤᠯᠬᠤ᠂ ᠱᠠᠯᠠᠪᠳᠠᠭᠤᠯᠤᠨ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠳᠦᠮᠵᠢ ᠭᠠᠷᠭᠠᠬᠤ ᠶᠢ ᠠᠬᠢᠭᠤᠯᠪᠠ᠃ | ᠡᠨᠡ ᠵᠢᠯ ᠪᠣᠯ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠰᠠ ᠨᠢᠭᠡᠨ ᠴᠢᠬᠤᠯᠠ ᠵᠢᠯ ᠮᠥᠨ᠂ | ᠡᠨᠡ ᠵᠢᠯ ᠤᠨ ᠭᠤᠣᠯ ᠡᠭᠦᠷᠭᠡ ᠪᠣᠯ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠶᠠᠪᠤᠳᠠᠯ ᠢ ᠲᠥᠯᠥᠪᠯᠡᠬᠦ ᠶᠠᠪᠤᠳᠠᠯ ᠪᠣᠯᠣᠨ᠎ᠠ᠂ ᠡᠨᠡ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠦᠢᠯᠡᠳᠦᠯᠭᠡ ᠶᠢᠨ ᠦᠷᠭᠦᠯᠵᠢᠯᠡᠯ ᠮᠥᠨ ᠪᠥᠭᠡᠳ ᠪᠠᠰᠠ ᠴᠤ ᠰᠢᠨ᠎ᠡ ᠠᠶᠠᠨ ᠳᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠮᠥᠨ᠃ | ᠥᠭᠡᠷᠡᠴᠢᠯᠡᠯᠲᠡ ᠨᠡᠭᠡᠭᠡᠯᠲᠡ ᠭᠡᠬᠦ ᠡᠨᠡ ᠬᠦ ᠵᠠᠩᠭᠢᠯᠠᠭ᠎ᠠ ᠶᠢᠨ ᠠᠷᠭ᠎ᠠ ᠪᠠᠷ ᠬᠥᠭᠵᠢᠯᠲᠡ ᠶᠢᠨ ᠳᠤᠮᠳᠠᠬᠢ ᠠᠰᠠᠭᠤᠳᠠᠯ ᠢ | ᠰᠢᠢᠳᠪᠦᠷᠢᠯᠡᠬᠦ᠂ ᠤᠷᠤᠭᠰᠢᠯᠠᠯᠲᠠ ᠶᠢᠨ ᠵᠠᠮ ᠳᠡᠭᠡᠷᠡᠬᠢ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠶᠢ | ᠪᠠᠷᠢᠮᠲᠠᠯᠠᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ ᠢᠲᠡᠭᠡᠯ | ᠵᠣᠷᠢᠭ ᠢ ᠬᠥᠪᠴᠢᠯᠡᠬᠦ᠂ ᠠᠷᠠᠳ ᠤᠨ ᠠᠮᠢᠳᠤᠷᠠᠯ ᠢ ᠪᠠᠲᠤᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠳᠤ ᠠᠰᠢᠭᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠠᠳᠬᠤᠵᠤ᠂ | ᠬᠠᠮᠤᠭ ᠤᠨ ᠵᠠᠩᠭᠢᠯᠠᠭ᠎ᠠ ᠶᠢᠨ᠂ ᠬᠠᠮᠤᠭ ᠤᠨ ᠲᠤᠯᠭᠠᠮ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠢ᠃ | ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠤᠷᠤᠭᠰᠢᠲᠠᠢ ᠠᠭᠢᠬᠤ ᠶᠢ ᠬᠠᠷᠰᠢᠯᠠᠵᠤ ᠪᠠᠶᠢᠭ᠎ᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠲᠤ | ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ᠂ | ᠤᠷᠢᠳ ᠢᠶᠠᠷ ᠬᠢᠬᠦ ᠲᠡᠰ ᠳᠠᠷᠠᠭᠠᠯᠠᠯ᠂ ᠭᠤᠣᠯ ᠰᠢᠪᠲᠤᠯᠬᠤ ᠴᠢᠭᠯᠡᠯ᠂ ᠠᠬᠢᠭᠤᠯᠬᠤ ᠠᠷᠭ᠎ᠠ ᠭᠡᠯᠪᠡᠷᠢ ᠶᠢ | ᠲᠣᠳᠣᠷᠬᠠᠶᠢᠯᠠᠵᠤ᠂ ᠥᠭᠡᠷᠡᠴᠢᠯᠡᠯᠲᠡ ᠶᠢᠨ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠤ᠂ ᠡᠯ᠎ᠡ | ᠬᠦᠷᠢᠶᠡᠨ ᠳᠠᠬᠢ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠲᠤᠪᠤᠶᠢᠯᠭᠠᠬᠤ ᠬᠡᠷᠡᠭᠲᠡᠢ᠃ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ ᠢᠯᠡ ᠲᠣᠳᠣ ᠬᠠᠨᠳᠤᠯᠭᠠᠲᠤ ᠴᠢᠨᠠᠷ ᠲᠠᠢ ᠪᠠᠶᠢᠵᠤ᠂ ᠬᠠᠮᠤᠭ ᠤᠨ | ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠰᠢᠭᠤᠳ ᠬᠦᠴᠦᠯᠡᠵᠦ᠂ ᠥᠭᠡᠷᠡᠴᠢᠯᠡᠯᠲᠡ ᠶᠢᠨ ᠦᠨᠦᠷ ᠠᠮᠲᠠ | ᠥᠳᠬᠡᠨ᠂ ᠶᠠᠰᠤ ᠴᠢᠨᠠᠷ ᠰᠠᠶᠢᠨ ᠪᠠᠶᠢᠬᠤ ᠬᠡᠷᠡᠭᠲᠡᠢ᠃ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠢᠳᠡᠪᠬᠢᠵᠢᠯ ᠢ | ᠭᠦᠢᠴᠡᠳ ᠲᠠᠶᠢᠴᠢᠯᠠᠵᠤ᠂ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠴᠢᠨᠠᠭᠰᠢᠳᠠ ᠨᠢᠭᠲᠠᠷᠠᠭᠤᠯᠵᠤ᠂ ᠪᠦᠭᠦ | ᠨᠠᠮ ᠪᠦᠭᠦ ᠤᠯᠤᠰ ᠤᠨ ᠬᠦᠴᠦᠨ ᠢ ᠲᠠᠶᠢᠴᠢᠯᠠᠨ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠬᠤ ᠪᠠ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ | ᠰᠣᠨᠣᠰᠴᠤ᠂ ᠦᠨᠳᠦᠰᠦᠨ ᠱᠠᠲᠤ ᠪᠣᠯᠣᠨ ᠤᠯᠠᠨ ᠲᠦᠮᠡᠨ ᠤ ᠡᠭᠦᠳᠦᠨ ᠪᠦᠲᠦᠭᠡᠭᠰᠡᠨ ᠰᠢᠨ᠎ᠡ ᠲᠤᠷᠰᠢᠯᠭ᠎ᠠ ᠶᠢ ᠴᠠᠭ | ᠲᠤᠬᠠᠢ ᠳᠤᠨᠢ ᠳ᠋ᠦᠩᠨᠡᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠦᠨᠡᠨ ᠬᠦ ᠠᠳᠬᠤᠨ ᠪᠣᠳᠠᠲᠠᠢ | ᠠᠵᠢᠯᠯᠠᠬᠤ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠬᠤ ᠭᠦᠨ ᠵᠤᠵᠠᠭᠠᠨ ᠥᠭᠡᠷᠡᠴᠢᠯᠡᠯᠲᠡ ᠶᠢᠨ ᠠᠭᠤᠷ ᠠᠮᠢᠰᠬᠤᠯ ᠢ | ᠪᠤᠢ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠡᠰᠢᠭᠦᠳ ᠬᠤᠷᠠᠯ ᠳᠤ | ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ |